ᠪᠢᠳᠡ ᠬᠠᠮᠲᠤ᠎ᠪᠠᠷ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯᠳᠤᠭ᠋ᠠᠨ ᠵᠶ᠋ᠠᠷ ᠪᠠᠲᠤᠯᠠᠭᠰᠠᠨ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭ᠋ᠠᠯ》᠎ᠳᠠᠬᠢ ᠨᠡᠷ᠎ᠡ ᠦᠭᠡᠰ᠎ᠢ ᠰᠤᠷᠤᠯᠴᠠᠶ᠎ᠠ᠃
《ᠢᠲᠡᠭᠡᠮᠵᠢ ᠵᠢ ᠨᠡᠮᠡᠭᠳᠡᠭᠦᠯᠬᠦ ᠳᠦᠷᠢᠮ》
ᠢᠲᠡᠭᠡᠮᠵᠢ ᠵᠢ ᠨᠡᠮᠡᠭᠳᠡᠭᠦᠯᠬᠦ ᠳᠦᠷᠢᠮ ᠭᠡᠳᠡᠭ᠎ᠨᠢ ᠳᠠᠭ᠋ᠠᠭ᠋ᠠᠯᠲᠠ᠂ ᠳᠠᠭ᠋ᠠᠳᠬᠠᠯ᠂ ᠢᠲᠡᠭᠡᠮᠵᠢ᠎ᠠᠴᠠ ᠤᠯᠠᠷᠢᠨ ᠡᠭᠦᠰᠦᠭᠰᠡᠨ ᠪᠠᠭ᠋ᠠᠵᠢ᠂ ᠪᠦᠲᠦᠴᠡ ᠵᠢᠨ ᠴᠢᠨᠠᠷᠲᠠᠢ ᠮᠥᠩᠭᠦᠨ ᠭᠦᠢ᠍ᠯᠭᠡᠭᠡᠨ᠎ᠤ ᠨᠡᠷᠡᠳᠬᠦᠨ ᠪᠤᠶᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠵᠢᠴᠢ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠢᠷᠤᠮᠵᠢᠯ᠎ᠤᠨ ᠪᠢᠴᠢᠭ ᠮᠠᠲ᠋ᠧᠷᠢᠶᠠᠯ᠎ᠳᠤ ᠲᠣᠳᠣᠷᠬᠠᠢ ᠲᠣᠭᠲᠠᠭ᠋ᠠᠭᠰᠠᠨ ᠪᠤᠰᠤᠳ ᠪᠦᠲᠦᠮᠵᠢᠲᠡᠶ ᠬᠡᠯᠪᠡᠷᠢ ᠵᠢ ᠵᠢᠭ᠋ᠠᠵᠤ ᠪᠣᠶ᠃ ᠪᠡᠯᠡ ᠲᠣᠬᠢᠷᠠᠭᠤᠯᠬᠤ ᠭᠤᠣᠯ ᠴᠣᠭᠴᠠ ᠵᠢᠨ ᠥᠷᠢ ᠥᠭᠴᠡᠭᠡᠨ᠎ᠤ ᠢᠲᠡᠭᠡᠮᠵᠢ ᠵᠢᠨ ᠵᠡᠷᠭᠡ ᠳᠡᠰ᠎ᠢ ᠳᠡᠭᠡᠭᠰᠢᠯᠡᠭᠦᠯᠵᠦ᠂ ᠥᠷᠢ ᠥᠭᠴᠡᠭᠡ ᠵᠢᠨ ᠭᠡᠷ᠎ᠡ᠎ᠪᠠᠨ ᠭᠦᠢ᠍ᠴᠡᠳᠬᠡᠬᠦ ᠪᠠᠲᠤᠯᠠᠭ᠎ᠠ ᠵᠢᠨ ᠬᠢᠷᠢ ᠲᠦᠪᠰᠢᠨ᠎ᠢ ᠨᠡᠮᠡᠭᠳᠡᠭᠦᠯᠦᠨ᠂ ᠪᠡᠯᠡ ᠲᠣᠬᠢᠷᠠᠭᠤᠯᠬᠤ ᠪᠣᠯᠣᠮᠵᠢᠲᠤ ᠴᠢᠨᠠᠷ᠎ᠢ ᠳᠡᠭᠡᠭᠰᠢᠯᠡᠭᠦᠯᠵᠦ᠂ ᠪᠡᠯᠡ ᠲᠣᠬᠢᠷᠠᠭᠤᠯᠬᠤ ᠥᠪᠡᠷ᠎ᠤᠨ ᠥᠷᠲᠡᠭ᠎ᠢ ᠪᠠᠭᠤᠷᠠᠭᠤᠯᠬᠤ ᠵᠢᠨ ᠲᠤᠰᠠᠳᠠ᠂ ᠠᠪᠴᠠᠭ᠋ᠠᠲᠠᠨᠢ ᠬᠠᠪᠰᠤᠷᠤᠨ ᠢᠲᠡᠭᠡᠮᠵᠢ ᠵᠢᠨ ᠲᠦᠭᠰᠢᠭᠦᠷᠢ ᠵᠢ ᠰᠠᠯᠤᠩᠬᠢᠷᠠᠭᠤᠯᠬᠤ ᠪᠠ ᠵᠠᠶ᠋ᠢᠯᠠᠭᠤᠯᠬᠤ ᠨᠢᠭᠡ ᠵᠦᠢ᠍ᠯ᠎ᠤᠨ ᠲᠤᠰᠬᠠᠢ ᠮᠡᠷᠭᠡᠵᠢᠯ᠎ᠤᠨ ᠴᠢᠨᠠᠷᠲᠠᠢ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠣᠬᠢᠷᠠᠭᠤᠯᠤᠯᠲᠠ ᠪᠣᠯᠣᠨ᠎ᠠ᠃
《ᠠᠩᠬ᠎ᠠ ᠲᠠᠷᠬᠠᠭ᠋ᠠᠯᠲᠠ ᠵᠢᠨ ᠠᠵᠤ ᠠᠬᠤᠢ》
ᠠᠩᠬ᠎ᠠ ᠲᠠᠷᠬᠠᠭ᠋ᠠᠯᠲᠠ ᠵᠢᠨ ᠠᠵᠤ ᠠᠬᠤᠢ ᠭᠡᠳᠡᠭ᠎ᠨᠢ ᠠᠵᠤ ᠠᠬᠤᠶ᠋ᠢᠯᠠᠯ᠎ᠤᠨ ᠰᠢᠨ᠎ᠡ ᠦᠢ᠍ᠯᠡᠳᠬᠦᠨ ᠨᠡᠶ᠋ᠢᠲᠡᠯᠡᠬᠦ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠂ ᠰᠢᠨ᠎ᠡ ᠬᠡᠪ ᠵᠠᠭᠪᠤᠷ᠂ ᠰᠢᠨ᠎ᠡ ᠦᠢ᠍ᠯᠡᠴᠢᠯᠡᠭᠡ᠂ ᠰᠢᠨ᠎ᠡ ᠮᠡᠷᠭᠡᠵᠢᠯ ᠵᠡᠷᠭᠡ ᠵᠢ ᠭᠠᠷᠭ᠋ᠠᠬᠤ᠂ ᠠᠩᠬᠠᠳᠠᠭᠢ ᠳᠡᠯᠭᠡᠭᠦᠷ ᠨᠡᠭᠡᠭᠡᠬᠦ ᠵᠡᠷᠭᠡ ᠠᠵᠤ ᠠᠬᠤᠢ ᠵᠢᠨ ᠠᠵᠢᠯᠯᠠᠭ᠎ᠠ ᠵᠢᠨ ᠶᠡᠷᠦᠩᠬᠡᠢ ᠨᠡᠷᠡᠶ᠋ᠢᠳᠦᠯ᠎ᠢ ᠵᠢᠭ᠋ᠠᠵᠤ ᠪᠣᠶ᠂ ᠡᠨᠡ᠎ᠨᠢ ᠠᠵᠤ ᠠᠬᠤᠶ᠋ᠢᠯᠠᠯ᠎ᠤᠨ ᠦᠢ᠍ᠯᠡᠳᠬᠦᠨ ᠪᠤᠶᠤ ᠦᠢ᠍ᠯᠡᠴᠢᠯᠡᠭᠡ᠎ᠪᠠᠨ ᠠᠩᠬ᠎ᠠ ᠤᠳᠠᠭ᠎ᠠ ᠨᠡᠶ᠋ᠢᠲᠡᠯᠡᠬᠦ᠂ ᠠᠩᠬ᠎ᠠ ᠤᠳᠠᠭ᠎ᠠ ᠳᠡᠯᠭᠡᠨ ᠦᠵᠡᠭᠦᠯᠬᠦ᠎ᠠᠴᠠ ᠠᠪᠤᠭ᠋ᠠᠳ ᠠᠩᠬ᠎ᠠ ᠤᠳᠠᠭ᠎ᠠ ᠳᠡᠯᠭᠡᠭᠦᠷ ᠨᠡᠭᠡᠭᠡᠬᠦ᠂ ᠠᠩᠬ᠎ᠠ ᠤᠳᠠᠭ᠎ᠠ ᠰᠤᠳᠤᠯᠤᠨ ᠨᠡᠭᠡᠭᠡᠬᠦ ᠲᠥᠪ ᠪᠠᠶ᠋ᠢᠭᠤᠯᠬᠤ ᠬᠦᠷᠲᠡᠯ᠎ᠡ᠂ ᠳᠠᠬᠢᠭ᠋ᠠᠳ ᠠᠵᠤ ᠠᠬᠤᠶ᠋ᠢᠯᠠᠯ᠎ᠤᠨ ᠶᠡᠷᠦᠩᠬᠡᠢ ᠬᠡᠯᠲᠡᠰ ᠪᠠᠶ᠋ᠢᠭᠤᠯᠤᠭᠳᠠᠬᠤ ᠬᠦᠷᠲᠡᠯᠡᠬᠢ ᠬᠡᠯᠬᠢᠶᠡᠵᠢᠭᠰᠡᠨ ᠬᠥᠭᠵᠢᠯᠲᠡ ᠵᠢᠨ ᠪᠥᠬᠦ ᠶᠠᠪᠤᠴᠠ ᠵᠢ ᠬᠠᠮᠤᠷᠴᠠᠢ᠃ ᠠᠩᠬ᠎ᠠ ᠲᠠᠷᠬᠠᠭ᠋ᠠᠯᠲᠠ ᠵᠢᠨ ᠠᠵᠤ ᠠᠬᠤᠢ᠎ᠨᠢ ᠮᠣᠣᠳ᠋᠂ ᠴᠢᠨᠠᠷ ᠰᠠᠶ᠋ᠢᠲᠠᠢ᠂ ᠰᠢᠨ᠎ᠡ ᠤᠷᠤᠰᠬᠠᠯ᠎ᠤᠨ ᠵᠡᠷᠭᠡ ᠣᠨᠴᠠᠯᠢᠭ᠎ᠲᠠᠢ ᠪᠠᠶ᠋ᠢᠵᠤ᠂ ᠬᠡᠷᠡᠭᠯᠡᠭᠡ ᠵᠢᠨ ᠲᠡᠰ ᠳᠡᠪᠰᠢᠬᠦ ᠬᠠᠨᠳᠤᠰᠢ ᠪᠠ ᠴᠢᠨᠠᠷ ᠰᠠᠶ᠋ᠢᠲᠠᠢ ᠬᠥᠭᠵᠢᠯᠲᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠨᠢᠭᠡ ᠵᠦᠢ᠍ᠯ᠎ᠤᠨ ᠠᠵᠤ ᠠᠬᠤᠢ ᠵᠢᠨ ᠬᠡᠯᠪᠡᠷᠢ ᠪᠣᠯᠣᠨ᠎ᠠ᠂ ᠨᠢᠭᠡ ᠭᠠᠵᠠᠷ ᠣᠷᠣᠨ᠎ᠤ ᠬᠤᠳᠠᠯᠳᠤᠭ᠋ᠠᠨ᠎ᠤ ᠠᠮᠢᠵᠢᠷᠠᠯ᠎ᠤᠨ ᠬᠦᠴᠦᠨ᠂ ᠬᠡᠷᠡᠭᠯᠡᠭᠡ ᠵᠢᠨ ᠪᠣᠳᠠᠲᠤ ᠬᠦᠴᠦᠨ᠂ ᠰᠢᠨ᠎ᠡ ᠵᠢ ᠡᠭᠦᠳᠬᠦ ᠴᠢᠳᠠᠪᠤᠷᠢ᠂ ᠳᠡᠯᠡᠬᠡᠢ᠎ᠳᠠᠬᠢ ᠥᠷᠢᠰᠦᠯᠳᠦᠬᠦ ᠬᠦᠴᠦᠨ᠂ ᠲᠦᠷᠦᠯ ᠲᠡᠮᠳᠡᠭ᠎ᠤᠨ ᠳᠦᠷᠢ ᠲᠥᠷᠬᠦ ᠪᠠ ᠨᠡᠭᠡᠭᠡᠯᠲᠡ ᠵᠢᠨ ᠬᠡᠮᠵᠢᠶ᠎ᠡ ᠵᠢᠨ ᠴᠢᠬᠤᠯᠠ ᠢᠯᠡᠷᠡᠯ ᠪᠣᠯᠣᠨ᠎ᠠ᠃
《ᠶᠠᠯᠠᠯᠠᠨ ᠰᠢᠢ᠍ᠳᠬᠡᠬᠦ ᠴᠢᠨᠠᠷᠲᠠᠢ ᠲᠥᠯᠥᠪᠦᠷᠢ》
ᠶᠠᠯᠠᠯᠠᠨ ᠰᠢᠢ᠍ᠳᠬᠡᠬᠦ ᠴᠢᠨᠠᠷᠲᠠᠢ ᠲᠥᠯᠥᠪᠦᠷᠢ ᠭᠡᠳᠡᠭ᠎ᠨᠢ ᠢᠷᠭᠡᠨ᠎ᠤ ᠬᠡᠷᠡᠭ᠎ᠤᠨ ᠬᠠᠤᠯᠢ ᠴᠠᠭ᠋ᠠᠵᠠ ᠵᠢᠨ ᠬᠠᠷᠢᠴᠠᠭ᠋ᠠᠨ᠎ᠤ ᠬᠤᠬᠢᠷᠠᠯ᠎ᠤᠨ ᠲᠥᠯᠥᠪᠦᠷᠢ ᠳᠤᠮᠳᠠᠬᠢ ᠪᠣᠳᠠᠲᠠᠢ ᠬᠤᠬᠢᠷᠠᠯ᠎ᠤᠨ ᠲᠤᠭ᠎ᠠ ᠬᠡᠮᠵᠢᠶᠡᠨ᠎ᠤ ᠬᠡᠪᠴᠢᠶ᠎ᠡ᠎ᠠᠴᠠ ᠬᠡᠲᠦᠷᠡᠭᠰᠡᠨ ᠢᠯᠡᠭᠦᠴᠡ ᠲᠥᠯᠥᠪᠦᠷᠢ ᠵᠢ ᠵᠢᠭ᠋ᠠᠵᠤ ᠪᠤᠢ᠃ ᠮᠠᠨ᠎ᠤ ᠤᠯᠤᠰ᠎ᠤᠨ ᠢᠷᠭᠡᠨ᠎ᠤ ᠬᠠᠤᠯᠢ ᠵᠢᠨ ᠪᠢᠴᠢᠭ᠎ᠤᠨ ᠲᠣᠭᠲᠠᠭ᠋ᠠᠯ᠎ᠢ ᠦᠨᠳᠦᠰᠦᠯᠡᠪᠡᠯ᠂ ᠶᠠᠯᠠᠯᠠᠨ ᠰᠢᠢ᠍ᠳᠬᠡᠬᠦ ᠴᠢᠨᠠᠷᠲᠠᠢ ᠲᠥᠯᠥᠪᠦᠷᠢ᠎ᠨᠢ ᠭᠤᠣᠯᠳᠠᠭᠤ ᠡᠷᠬᠡ᠎ᠳᠤ ᠬᠠᠯᠳᠠᠭᠰᠠᠨ ᠬᠡᠷᠡᠭ᠎ᠲᠤ ᠲᠣᠬᠢᠷᠠᠨ᠎ᠠ᠂ ᠵᠢᠱ᠌ᠢᠶᠡᠯᠡᠪᠡᠯ᠂ ᠮᠡᠳᠡᠯᠭᠡ ᠵᠢᠨ ᠦᠮᠴᠢᠯᠡᠯ᠎ᠤᠨ ᠡᠷᠬᠡ᠎ᠳᠤ ᠬᠠᠯᠳᠠᠭᠰᠠᠨ᠂ ᠦᠢ᠍ᠯᠡᠳᠬᠦᠨ᠎ᠤ ᠭᠡᠮ ᠰᠤᠭᠤᠭ᠎ᠤᠨ ᠡᠷᠬᠡ᠎ᠳᠤ ᠬᠠᠯᠳᠠᠭᠰᠠᠨ᠂ ᠣᠷᠴᠢᠨ ᠲᠣᠭᠤᠷᠢᠨ᠎ᠤ ᠪᠣᠬᠢᠷᠲᠤᠯ᠎ᠤᠨ ᠡᠷᠬᠡ᠎ᠳᠤ ᠬᠠᠯᠳᠠᠭᠰᠠᠨ ᠵᠡᠷᠭᠡ ᠪᠣᠯᠣᠨ᠎ᠠ᠂ ᠡᠩ᠎ᠤᠨ ᠪᠠᠶ᠋ᠢᠳᠠᠯ᠎ᠳᠤ ᠡᠷᠬᠡ᠎ᠳᠤ ᠬᠠᠯᠳᠠᠭᠰᠠᠳ᠎ᠲᠤ ᠪᠡᠶᠡᠴᠢ ᠮᠠᠭᠤ ᠰᠠᠨᠠᠭ᠎ᠠ᠎ᠲᠠᠢ᠂ ᠵᠣᠷᠢᠭᠤᠳᠠ ᠪᠤᠶᠤ ᠵᠠᠯᠢᠯᠠᠨ ᠮᠡᠬᠡᠯᠡᠬᠦ᠂ ᠬᠠᠤᠯᠢ ᠪᠤᠰᠤ ᠠᠵᠢᠯᠯᠠᠭ᠎ᠠ ᠬᠢᠭᠰᠡᠨ ᠪᠥᠭᠡᠳ ᠬᠦᠨᠳᠦ ᠨᠣᠴᠢᠲᠠᠢ ᠤᠷᠰᠢᠭ ᠲᠠᠲᠠᠭᠰᠠᠨ ᠵᠡᠷᠭᠡ ᠨᠥᠬᠦᠴᠡᠯ᠎ᠤᠳ ᠱᠠᠭ᠋ᠠᠷᠳᠠᠳᠠᠭ᠃ ᠮᠠᠨ᠎ᠤ ᠤᠯᠤᠰ᠎ᠤᠨ ᠢᠳᠡᠭᠡᠨ᠎ᠤ ᠵᠦᠢ᠍ᠯ᠎ᠤᠨ ᠠᠮᠤᠷ ᠲᠥᠪᠰᠢᠨ᠎ᠤ ᠬᠠᠤᠯᠢ ᠵᠡᠷᠭᠡ ᠬᠠᠤᠯᠢ ᠴᠠᠭ᠋ᠠᠵᠠ᠎ᠳᠤ ᠶᠠᠯᠠᠯᠠᠨ ᠰᠢᠢ᠍ᠳᠬᠡᠬᠦ ᠴᠢᠨᠠᠷᠲᠠᠢ ᠲᠥᠯᠥᠪᠦᠷᠢ ᠵᠢᠨ ᠲᠤᠬᠠᠢ ᠣᠨᠴᠠᠭ᠋ᠠᠶ ᠲᠣᠭᠲᠠᠭ᠋ᠠᠯ ᠭᠠᠷᠭ᠋ᠠᠵᠠᠢ᠃ ᠶᠠᠯᠠᠯᠠᠨ ᠰᠢᠢ᠍ᠳᠬᠡᠬᠦ ᠴᠢᠨᠠᠷᠲᠠᠢ ᠲᠥᠯᠥᠪᠦᠷᠢ ᠵᠢᠨ ᠳᠦᠷᠢᠮ᠎ᠢ ᠲᠡᠭᠦᠯᠳᠡᠷᠵᠢᠭᠦᠯᠵᠦ᠂ ᠲᠣᠬᠢᠷᠠᠬᠤ ᠳᠦᠷᠢᠮ᠎ᠢ ᠤᠯᠠᠮ ᠨᠢᠭᠡ ᠠᠯᠬᠤᠮ ᠲᠣᠳᠣᠷᠬᠠᠢ ᠪᠣᠯᠭ᠋ᠠᠵᠤ᠂ ᠲᠣᠬᠢᠷᠠᠬᠤ ᠬᠦᠷᠢᠶ᠎ᠡ ᠬᠡᠪᠴᠢᠶ᠎ᠡ ᠵᠢ ᠵᠣᠬᠢᠰᠲᠠᠢ᠎ᠪᠠᠷ ᠥᠷᠭᠡᠳᠬᠡᠬᠦ ᠪᠠ ᠲᠥᠯᠥᠪᠦᠷᠢ ᠵᠢᠨ ᠲᠤᠭ᠎ᠠ ᠬᠡᠮᠵᠢᠶ᠎ᠡ ᠵᠢ ᠨᠡᠮᠡᠭᠳᠡᠭᠦᠯᠬᠦ᠎ᠨᠢ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠬᠠᠤᠯᠢ ᠴᠠᠭ᠋ᠠᠵᠠ ᠵᠢᠨ ᠵᠡᠪᠰᠡᠭ᠎ᠢ ᠠᠰᠢᠭᠯᠠᠨ ᠬᠠᠤᠯᠢ ᠶᠣᠰᠣᠨ᠎ᠤ ᠡᠷᠬᠡ ᠠᠰᠢᠭ ᠵᠶ᠋ᠠᠨ ᠬᠠᠮᠠᠭ᠋ᠠᠯᠠᠬᠤ ᠵᠢ ᠵᠣᠷᠢᠭᠵᠢᠭᠤᠯᠬᠤ᠎ᠳᠤ ᠠᠰᠢᠭᠲᠠᠢ ᠪᠠᠶ᠋ᠢᠵᠤ᠂ ᠡᠷᠬᠡ᠎ᠳᠤ ᠬᠠᠯᠳᠠᠭᠰᠠᠳᠢ ᠶᠠᠯᠠᠯᠠᠨ ᠰᠢᠢ᠍ᠳᠬᠡᠬᠦ ᠵᠢᠨ ᠬᠠᠮᠲᠤ ᠪᠤᠰᠤᠳ᠎ᠲᠤ ᠰᠡᠷᠡᠮᠵᠢᠯᠡᠭᠦᠯᠵᠦ᠂ ᠵᠠᠬ᠎ᠠ ᠳᠡᠯᠭᠡᠭᠦᠷ᠎ᠤᠨ ᠡᠮᠬᠢ ᠵᠢᠷᠤᠮ ᠪᠠ ᠲᠥᠪ ᠭᠤᠣᠯᠴᠢ ᠥᠷᠢᠰᠥᠯᠳᠦᠭᠡᠨ᠎ᠢ ᠨᠡᠩ ᠰᠠᠶ᠋ᠢᠲᠤᠷ ᠬᠠᠮᠠᠭ᠋ᠠᠯᠠᠬᠤ᠎ᠳᠤ ᠠᠰᠢᠭᠲᠠᠢ ᠶᠤᠮ᠃