ᠬᠣᠶᠠᠷ᠂ ᠪᠢᠴᠢᠭ ᠮᠠᠲ᠋ᠧᠷᠢᠶᠠᠯ ᠲᠤᠭᠲᠠᠭ᠋ᠠᠭᠰᠠᠨ ᠦᠨᠳᠦᠰᠦᠯᠡᠯ
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠦᠭᠬᠦ ᠬᠠᠤᠯᠢ》
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠨ᠎ᠳᠤ ᠥᠯᠥ ᠬᠦᠷᠦᠭᠰᠡᠳ᠎ᠤᠨ ᠬᠠᠮᠠᠭ᠋ᠠᠯᠠᠯᠲᠠ ᠵᠢᠨ ᠬᠠᠤᠯᠢ》
《ᠵᠤᠭ᠎ᠠ ᠴᠡᠩᠭᠡᠯ᠎ᠤᠨ ᠭᠠᠵᠠᠷ᠎ᠤᠨ ᠬᠠᠮᠢᠶᠠᠷᠤᠯᠲᠠ ᠵᠢᠨ ᠳᠦᠷᠢᠮ》
《ᠢᠨᠲ᠋ᠧᠷ ᠰᠦᠯᠵᠢᠶᠡᠨ᠎ᠤ ᠰᠦᠯᠵᠢᠶᠡᠨ᠎ᠳᠤ ᠭᠠᠷᠬᠤ ᠦᠢ᠍ᠯᠡᠴᠢᠯᠡᠭᠡᠨ᠎ᠤ ᠡᠵᠡᠩᠨᠡᠯᠲᠡ ᠵᠢᠨ ᠭᠠᠵᠠᠷ᠎ᠤᠨ ᠬᠠᠮᠢᠶᠠᠷᠤᠯᠲᠠ ᠵᠢᠨ ᠲᠦᠷᠢᠮ》
《ᠡᠵᠡᠩᠨᠡᠯᠲᠡ ᠵᠢᠨ ᠴᠢᠨᠠᠷᠲᠠᠢ ᠲᠣᠭᠯᠠᠯᠲᠠ ᠵᠢᠨ ᠬᠠᠮᠢᠶᠠᠷᠤᠯᠲᠠ ᠵᠢᠨ ᠳᠦᠷᠢᠮ》
《ᠵᠤᠭ᠎ᠠ ᠴᠡᠩᠭᠡᠯ᠎ᠤᠨ ᠭᠠᠵᠠᠷ᠎ᠤᠨ ᠬᠠᠮᠢᠶᠠᠷᠤᠯᠲᠠ ᠵᠢᠨ ᠠᠷᠭ᠎ᠠ》
《ᠨᠡᠢ᠌ᠭᠡᠮ᠎ᠤᠨ ᠤᠷᠠᠯᠢᠭ᠎ᠤᠨ ᠬᠢᠷᠢ ᠲᠦᠪᠰᠢᠨ᠎ᠤ ᠲᠠᠰ᠎ᠤᠨ ᠰᠢᠯᠭ᠋ᠠᠯᠲᠠ ᠵᠢᠨ ᠬᠠᠮᠢᠶᠠᠷᠤᠯᠲᠠ ᠵᠢᠨ ᠠᠷᠭ᠎ᠠ》
《ᠤᠷᠠᠯᠢᠭ᠎ᠤᠨ ᠪᠦᠲᠦᠭᠡᠯ᠎ᠤᠨ ᠡᠵᠡᠩᠨᠡᠯᠲᠡ ᠬᠠᠮᠢᠶᠠᠷᠤᠯᠲᠠ ᠵᠢᠨ ᠠᠷᠭ᠎ᠠ》
《ᠢᠨᠲ᠋ᠧᠷ ᠰᠦᠯᠵᠢᠶᠡᠨ᠎ᠤ ᠰᠣᠶᠣᠯ᠎ᠤᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ》
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠢᠭᠤᠯᠴᠢᠯᠠᠯ᠎ᠤᠨ ᠬᠠᠤᠯᠢ》
《ᠵᠢᠭᠤᠯᠴᠢᠯᠠᠯ᠎ᠤᠨ ᠬᠤᠷᠢᠶᠠᠨ ᠤ ᠳᠦᠷᠢᠮ》
《ᠵᠢᠭᠤᠯᠴᠢᠯᠠᠯ᠎ᠤᠨ ᠬᠥᠲᠥᠴᠢ ᠵᠢᠨ ᠬᠠᠮᠢᠶᠠᠷᠤᠯᠲᠠ ᠵᠢᠨ ᠳᠦᠷᠢᠮ》
《ᠰᠦᠯᠵᠢᠶᠡᠨ ᠳᠡᠭᠡᠷᠡᠬᠢ ᠵᠢᠭᠤᠯᠴᠢᠯᠠᠯ᠎ᠤᠨ ᠡᠵᠡᠩᠨᠡᠯᠲᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ》
《〈ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠤᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠠᠷᠭ᠎ᠠ〉 ᠵᠢ ᠳᠠᠷᠤᠮᠠᠯᠯᠠᠨ ᠲᠠᠷᠬᠠᠭ᠋ᠠᠬᠤ ᠲᠤᠬᠠᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠮᠡᠳᠡᠭᠳᠡᠯ》
ᠭᠤᠷᠪᠠ᠂ 《ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠪᠠᠷᠢᠮᠵᠢᠶ᠎ᠠ》 ᠵᠢᠨ ᠭᠣᠣᠯ ᠠᠭᠤᠯᠭ᠎ᠠ
(ᠨᠢᠭᠡ) ᠦᠨᠳᠦᠰᠦᠨ ᠵᠠᠷᠴᠢᠮ
ᠲᠤᠰ ᠳᠦᠷᠢᠮ᠎ᠳᠤ ᠬᠡᠯᠡᠵᠦ ᠪᠠᠢ᠌ᠭ᠎ᠠ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠭᠡᠳᠡᠭ᠎ᠨᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠠᠤᠯᠢ ᠬᠡᠷᠡᠭᠵᠢᠭᠦᠯᠬᠦ ᠬᠦᠷᠢᠶᠡᠨ᠎ᠳᠤ ᠡᠭᠦᠰᠦᠭᠰᠡᠨ ᠬᠠᠤᠯᠢ ᠵᠥᠷᠢᠴᠡᠭᠰᠡᠨ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠦᠶ᠎ᠡ᠎ᠳᠤ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠰᠢᠢ᠍ᠳᠬᠡᠯ᠎ᠤᠨ ᠲᠦᠷᠦᠯ ᠵᠦᠢ᠍ᠯ ᠪᠠ ᠬᠡᠮᠵᠢᠶᠡᠨ ᠤ ᠳᠣᠲᠣᠷ᠎ᠠ᠂ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢᠨ ᠪᠣᠳᠠᠲᠤ ᠬᠡᠷᠡᠭ᠂ ᠰᠢᠨᠵᠢ ᠴᠢᠨᠠᠷ᠂ ᠦᠢ᠍ᠯᠡ ᠪᠠᠢ᠌ᠳᠠᠯ ᠪᠠ ᠨᠡᠢ᠌ᠭᠡᠮ᠎ᠳᠤ ᠤᠴᠠᠷᠠᠭᠤᠯᠤᠭᠰᠠᠨ ᠬᠣᠣᠷ ᠬᠥᠨᠥᠭᠡᠯ᠎ᠤᠨ ᠬᠡᠮᠵᠢᠶ᠎ᠡ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠡᠰᠡᠬᠦ᠂ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠪᠣᠳᠠᠲᠠᠢ ᠲᠦᠷᠦᠯ ᠵᠦᠢ᠍ᠯ ᠪᠠ ᠬᠡᠮᠵᠢᠶᠡᠨ᠎ᠤ ᠡᠷᠬᠡ ᠵᠢᠨ ᠬᠡᠪᠴᠢᠶ᠎ᠡ ᠵᠢ ᠬᠠᠤᠯᠢ ᠶᠣᠰᠣᠭ᠋ᠠᠷ ᠲᠤᠭᠲᠠᠭ᠋ᠠᠬᠤ ᠵᠢ ᠭᠡᠯᠡᠵᠦ ᠪᠠᠢ᠌ᠨ᠎ᠠ᠃
ᠲᠤᠰ 《ᠲᠠᠰᠤᠯᠤᠯᠲᠠ ᠵᠢᠨ ᠪᠠᠷᠢᠮᠵᠢᠶ᠎ᠠ》᠎ᠨᠢ ᠠᠯᠳᠠᠭ᠎ᠠ ᠪᠠ ᠰᠢᠢ᠍ᠳᠬᠡᠯ ᠢ ᠲᠡᠩᠴᠡᠭᠦᠯᠬᠦ᠂ ᠰᠢᠢ᠍ᠳᠬᠡᠯ ᠪᠠ ᠰᠤᠷᠭ᠋ᠠᠨ ᠬᠦᠮᠦᠵᠢᠯ᠎ᠢ ᠤᠶᠠᠯᠳᠤᠭᠤᠯᠬᠤ ᠵᠠᠷᠴᠢᠮ᠎ᠢ ᠵᠢᠷᠤᠮᠯᠠᠵᠤ᠂ ᠵᠠᠰᠠᠭ ᠵᠠᠬᠢᠷᠭ᠋ᠠᠨ᠎ᠤ ᠰᠢᠢ᠍ᠳᠬᠡᠯ᠎ᠨᠢ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢᠨ ᠪᠣᠳᠠᠲᠤ ᠬᠡᠷᠡᠭ᠂ ᠰᠢᠨᠵᠢ ᠴᠢᠨᠠᠷ᠂ ᠦᠢ᠍ᠯᠡ ᠪᠠᠢ᠌ᠳᠠᠯ ᠵᠢᠴᠢ ᠨᠡᠢ᠌ᠭᠡᠮ᠎ᠳᠤ ᠤᠴᠠᠷᠠᠭᠤᠯᠤᠭᠰᠠᠨ ᠬᠣᠣᠷ ᠬᠥᠨᠥᠭᠡᠯ᠎ᠤᠨ ᠬᠡᠮᠵᠢᠶ᠎ᠡ᠎ᠲᠠᠢ ᠲᠡᠩᠴᠡᠬᠦ᠂ ᠬᠠᠤᠯᠢ ᠵᠢ ᠵᠥᠷᠢᠴᠡᠭᠰᠡᠨ ᠠᠵᠢᠯᠯᠠᠭ᠋ᠠᠨ᠎ᠤ ᠬᠠᠷᠢᠶᠠᠯᠠᠬᠤ ᠭᠠᠵᠠᠷ᠎ᠤᠨ ᠠᠵᠤ ᠠᠬᠤᠢ ᠵᠢᠨ ᠬᠥᠭᠵᠢᠯᠲᠡ ᠵᠢᠨ ᠬᠢᠷᠢ ᠬᠡᠮᠵᠢᠶ᠎ᠡ᠎ᠲᠠᠢ ᠵᠤᠬᠢᠴᠠᠬᠤ ᠵᠢ ᠪᠠᠷᠢᠮᠲᠠᠯᠠᠪᠠ᠃
(ᠬᠣᠶᠠᠷ) ᠲᠠᠰᠤᠯᠤᠯᠲᠠ ᠵᠢᠨ ᠳᠡᠰ ᠳᠠᠷᠠᠭ᠋ᠠᠯᠠᠯ ᠵᠢᠴᠢ ᠳᠤᠬᠢᠷᠠᠬᠤ ᠪᠠᠢ᠌ᠳᠠᠯ
ᠲᠣᠰ 《ᠲᠠᠰᠤᠯᠤᠯᠲᠠ ᠵᠢᠨ ᠪᠠᠷᠢᠮᠵᠢᠶ᠎ᠠ》 ᠵᠢᠨ ᠲᠠᠰᠤᠯᠤᠯᠲᠠ ᠵᠢᠨ ᠲᠠᠰ ᠳᠠᠷᠠᠭ᠋ᠠᠯᠠᠯ᠎ᠢ ᠬᠥᠩᠬᠡᠨ ᠰᠢᠢ᠍ᠳᠬᠡᠯ᠂ ᠡᠩ᠎ᠤᠨ ᠰᠢᠢ᠍ᠳᠬᠡᠯ᠂ ᠬᠦᠨᠳᠦ ᠰᠢᠢ᠍ᠳᠬᠡᠯ ᠭᠡᠵᠦ ᠭᠤᠷᠪᠠ ᠬᠤᠪᠢᠶᠠᠨ᠎ᠠ᠃ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠦᠭᠡᠢ ᠪᠣᠯ 《ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠦᠭᠡᠢ ᠨᠠᠷᠢᠨ ᠲᠠᠩᠰᠠ》 ᠵᠢ ᠨᠢᠭᠡᠨᠲᠡ ᠠᠰᠲᠤᠨᠢ ᠲᠤᠭᠤᠷᠪᠢᠭᠰᠠᠨ ᠪᠠᠢ᠌ᠨ᠎ᠠ᠃ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠬᠡᠷᠡᠭᠵᠢᠭᠦᠯᠬᠦ ᠪᠠᠢ᠌ᠭᠤᠯᠭ᠎ᠠ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 ᠵᠢᠨ ᠭᠤᠴᠢᠳᠤᠭ᠋ᠠᠷ ᠵᠦᠢ᠍ᠯ᠂ ᠭᠤᠴᠢᠨ ᠨᠢᠭᠡᠳᠦᠭᠡᠷ ᠵᠦᠢ᠍ᠯ᠂ ᠭᠤᠴᠢᠨ ᠬᠣᠶᠠᠳᠤᠭ᠋ᠠᠷ ᠵᠦᠢ᠍ᠯ᠎ᠤᠨ ᠬᠠᠮᠢᠶ᠎ᠠ ᠪᠦᠬᠦᠢ ᠲᠣᠭᠲᠠᠭ᠋ᠠᠯ ᠵᠢᠴᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ 《ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠠᠷᠭ᠎ᠠ》 ᠵᠢᠨ ᠠᠷᠪᠠᠨ ᠭᠤᠷᠪᠠᠳᠤᠭ᠋ᠠᠷ ᠵᠦᠢ᠍ᠯ᠎ᠢ ᠦᠨᠳᠦᠰᠦᠯᠡᠨ ᠵᠠᠭ᠋ᠠᠭᠯᠠᠨ ᠲᠣᠭᠲᠠᠭ᠋ᠠᠵᠤ ᠬᠡᠷᠡᠭᠯᠡᠨ᠎ᠡ᠃
1. ᠬᠥᠩᠭᠡᠨ ᠰᠢᠢ᠍ᠳᠬᠡᠯ᠄ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠤᠨ ᠬᠠᠤᠯᠢ》 ᠵᠢᠨ ᠭᠤᠴᠢᠳᠤᠭ᠋ᠠᠷ ᠵᠦᠢ᠍ᠯ᠂ ᠭᠤᠴᠢᠨ ᠨᠢᠭᠡᠳᠦᠭᠡᠷ ᠵᠦᠢ᠍ᠯ᠂ ᠭᠤᠴᠢᠨ ᠬᠣᠶᠠᠳᠤᠭ᠋ᠠᠷ ᠵᠦᠢ᠍ᠯ᠎ᠤᠨ ᠬᠠᠮᠢᠶ᠎ᠠ ᠪᠦᠬᠦᠢ ᠲᠣᠭᠲᠠᠭ᠋ᠠᠯ ᠵᠢᠴᠢ 《ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠤᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠠᠷᠭ᠎ᠠ》 ᠵᠢᠨ ᠠᠷᠪᠠᠨ ᠭᠤᠷᠪᠠᠳᠤᠭ᠋ᠠᠷ ᠵᠦᠢ᠍ᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠪᠣᠳᠠᠲᠤ ᠪᠠᠢ᠌ᠳᠠᠯ᠎ᠢ ᠦᠨᠳᠦᠰᠦᠯᠡᠨ ᠲᠤᠭᠤᠷᠪᠢᠪᠠ᠃
2. ᠡ᠊ᠩ᠎ᠤᠨ ᠰᠢᠢ᠍ᠳᠬᠡᠯ᠄ ᠡ᠊ᠩ᠎ᠤᠨ ᠰᠢᠢ᠍ᠳᠬᠡᠯ ᠭᠡᠳᠡᠭ᠎ᠨᠢ ᠬᠥᠩᠭᠡᠨ ᠵᠶ᠋ᠡᠷ ᠰᠢᠢ᠍ᠳᠭᠡᠬᠦ ᠪᠠ ᠬᠦᠨᠳᠦ᠎ᠪᠠᠷ ᠰᠢᠢ᠍ᠳᠭᠡᠬᠦ ᠵᠢᠨ ᠬᠣᠭᠣᠷᠣᠨᠳᠣᠬᠢ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠵᠢᠭ᠋ᠠᠵᠤ ᠪᠠᠢ᠌ᠨ᠎ᠠ᠃ ᠲᠤᠬᠠᠢ ᠵᠢᠨ ᠬᠥᠮᠥᠨ᠎ᠤ ᠬᠢᠭᠰᠡᠨ ᠬᠠᠤᠯᠢ ᠵᠢ ᠵᠥᠷᠢᠴᠡᠭᠰᠡᠨ ᠠᠵᠢᠯᠯᠠᠭ᠎ᠠ᠎ᠳᠤ ᠰᠢᠢ᠍ᠳᠬᠡᠯ ᠥᠭᠬᠦ᠂ ᠬᠥᠩᠭᠡᠷᠡᠭᠦᠯᠬᠦ᠂ ᠬᠥᠩᠭᠡᠨ ᠵᠶ᠋ᠡᠷ ᠰᠢᠢ᠍ᠳᠭᠡᠬᠦ᠂ ᠬᠦᠨᠳᠦ᠎ᠪᠠᠷ ᠰᠢᠢ᠍ᠳᠭᠡᠬᠦ ᠤᠢ᠍ᠢ᠍ᠯᠠ ᠪᠠᠢ᠌ᠳᠠᠯ ᠪᠠᠢ᠌ᠬᠤ ᠤᠢ᠌ᠭᠡᠢ ᠪᠣᠯ ᠡ᠊ᠩ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠥᠭᠭᠦᠨ᠎ᠡ᠃
3. ᠬᠦᠨᠳᠦ ᠰᠢᠢ᠍ᠳᠬᠡᠯ᠄ 《ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠠᠷᠭ᠎ᠠ》 ᠵᠢᠨ ᠠᠷᠪᠠᠨ ᠳᠥᠷᠪᠡᠳᠦᠭᠡᠷ ᠵᠦᠢ᠍ᠯ᠎ᠢ ᠦᠨᠳᠦᠰᠦᠯᠡᠨ ᠲᠤᠭᠤᠷᠪᠢᠪᠠ᠃ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠬᠡᠷᠡᠭᠵᠢᠭᠦᠯᠬᠦ ᠪᠠᠢ᠌ᠭᠤᠯᠭ᠎ᠠ᠎ᠨᠢ ᠲᠤᠬᠠᠢ ᠵᠢᠨ ᠬᠥᠮᠥᠨ᠎ᠤ ᠲᠣᠭ᠋ᠠᠴᠢᠯᠲᠠ᠂ ᠵᠥᠪᠲᠦᠭᠡᠯᠲᠡ᠎ᠠᠴᠠ ᠪᠣᠯᠵᠤ ᠨᠡᠩ ᠬᠦᠨᠳᠦ ᠰᠢᠢ᠍ᠳᠬᠡᠯ ᠥᠭᠴᠦ ᠪᠣᠯᠬᠤ ᠦᠭᠡᠢ᠃
(ᠭᠤᠷᠪᠠ) ᠪᠤᠰᠤᠳ ᠲᠣᠳᠣᠷᠬᠠᠢ᠌ᠯᠠᠯᠲᠠ
1. ᠲᠣᠰ 《ᠲᠠᠰᠤᠯᠤᠯᠲᠠ ᠵᠢᠨ ᠪᠠᠷᠢᠮᠵᠢᠶ᠎ᠠ》᠎ᠨᠢ ᠨᠡᠶ᠋ᠢᠲᠡ 117 ᠵᠦᠢ᠍ᠯ ᠪᠠᠢ᠌ᠵᠤ᠂ ᠡᠭᠦᠨ᠎ᠳᠤ ᠰᠣᠶᠣᠯ᠎ᠤᠨ ᠲᠥᠷᠥᠯ 59 ᠵᠦᠢ᠍ᠯ᠂ ᠵᠢᠭᠤᠯᠴᠢᠯᠠᠯ᠎ᠤᠨ ᠲᠥᠷᠥᠯ 58 ᠵᠦᠢ᠍ᠯ ᠪᠠᠢ᠌ᠨ᠎ᠠ᠃ ᠪᠥᠬᠥ ᠣᠷᠣᠨ᠎ᠤ ᠡᠯ᠎ᠡ ᠭᠠᠵᠠᠷ᠎ᠤᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠤᠮᠵᠢ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠢ ᠬᠡᠷᠡᠭᠵᠢᠭᠦᠯᠬᠦ᠎ᠳᠤ ᠯᠠᠪᠯᠠᠯᠲᠠ ᠪᠤᠯᠭ᠋ᠠᠨ᠎ᠠ᠃ 《ᠲᠠᠰᠤᠯᠤᠯᠲᠠ ᠵᠢᠨ ᠪᠠᠷᠢᠮᠵᠢᠶ᠎ᠠ》᠎ᠳᠤ ᠵᠢᠭᠰᠠᠭ᠋ᠠᠨ ᠣᠷᠣᠭᠤᠯᠤᠭᠰᠠᠨ ᠦᠭᠡᠢ ᠪᠤᠰᠤᠳ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠲᠤ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ 《ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠠᠷᠭ᠎ᠠ》 ᠵᠢᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
2. ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠲᠠᠰᠤᠯᠤᠯᠲᠠ ᠵᠢᠨ ᠪᠠᠷᠢᠮᠵᠢᠶ᠎ᠠ ᠳᠤ ᠵᠠᠰᠠᠭ ᠵᠠᠬᠢᠷᠭ᠋ᠠᠨ᠎ᠤ ᠰᠢᠢ᠍ᠳᠬᠡᠯ ᠤᠨ ᠲᠠᠰᠤᠯᠤᠯᠲᠠ ᠵᠢᠨ ᠡᠷᠬᠡ ᠵᠢᠨ ᠦᠨᠳᠦᠰᠦᠯᠡᠯ᠎ᠤᠨ ᠬᠤᠪᠢᠷᠠᠯᠲᠠ ᠪᠠ ᠬᠠᠤᠯᠢ ᠬᠡᠷᠡᠭᠵᠢᠭᠦᠯᠬᠦ ᠠᠵᠢᠯ᠎ᠤᠨ ᠪᠣᠳᠠᠲᠠᠢ ᠪᠠᠢ᠌ᠳᠠᠯ᠎ᠢ ᠦᠨᠳᠦᠰᠦᠯᠡᠨ ᠴᠠᠭ ᠲᠤᠬᠠᠢ ᠳᠤᠨᠢ ᠵᠠᠰᠠᠪᠤᠷᠢ ᠣᠷᠣᠭᠤᠯᠤᠨ᠎ᠠ᠃ ᠡᠯ᠎ᠡ ᠭᠠᠵᠠᠷ᠎ᠤᠨ᠎ᠬᠢᠨ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠬᠡᠷᠡᠭᠴᠡᠭᠡ᠎ᠪᠠᠨ ᠦᠨᠳᠦᠰᠦᠯᠡᠨ ᠲᠣᠰ 《ᠲᠠᠰᠤᠯᠤᠯᠲᠠ ᠵᠢᠨ ᠪᠠᠷᠢᠮᠵᠢᠶ᠎ᠠ》 ᠵᠢᠨ ᠲᠠᠰᠤᠯᠤᠯᠲᠠ ᠵᠢᠨ ᠲᠠᠰ ᠳᠠᠷᠠᠭ᠋ᠠᠯᠠᠯ᠂ ᠬᠡᠷᠡᠭᠯᠡᠬᠦ ᠪᠠᠢ᠌ᠳᠠᠯ ᠪᠠ ᠰᠢᠢ᠍ᠳᠭᠡᠬᠦ ᠪᠠᠷᠢᠮᠵᠢᠶ᠎ᠠ ᠵᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠡᠮᠵᠢᠶᠡᠵᠢᠭᠦᠯᠵᠦ ᠪᠣᠯᠣᠨ᠎ᠠ᠃
ᠳᠥᠷᠪᠡ᠂ 《ᠵᠠᠰᠠᠭ ᠵᠠᠬᠢᠷᠭ᠋ᠠᠨ᠎ᠤ ᠰᠢᠢ᠍ᠳᠬᠡᠯ ᠥᠯᠥ ᠥᠭᠬᠦ ᠨᠠᠷᠢᠨ ᠬᠠᠭᠤᠳᠠᠰᠤ》 ᠵᠢᠨ ᠭᠣᠣᠯ ᠠᠭᠤᠯᠭ᠎ᠠ
ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠦᠭᠡᠢ ᠭᠡᠳᠡᠭ᠎ᠨᠢ ᠲᠤᠬᠠᠢ ᠵᠢᠨ ᠬᠥᠮᠥᠨ ᠬᠠᠤᠯᠢ ᠵᠢ ᠵᠥᠷᠢᠴᠡᠭᠰᠡᠨ ᠠᠵᠢᠯᠯᠠᠭ᠎ᠠ᠎ᠲᠠᠢ ᠪᠤᠯᠪᠠᠴᠤ ᠵᠠᠰᠠᠭ ᠵᠠᠬᠢᠷᠭ᠋ᠠᠨ᠎ᠤ ᠰᠢᠢ᠍ᠳᠭᠡᠯ᠎ᠠᠴᠠ ᠬᠡᠯᠳᠦᠷᠢᠬᠦᠯᠬᠦ ᠵᠢ ᠵᠢᠭ᠋ᠠᠵᠤ ᠪᠠᠢ᠌ᠨ᠎ᠠ᠃ 《ᠵᠠᠰᠠᠭ ᠵᠠᠬᠢᠷᠭ᠋ᠠᠨ᠎ᠤ ᠰᠢᠢ᠍ᠳᠬᠡᠯ ᠥᠯᠥ ᠥᠭᠬᠦ ᠨᠠᠷᠢᠨ ᠲᠠᠩᠰᠠ》 ᠵᠢ ᠬᠡᠷᠡᠭᠯᠡᠬᠦ ᠪᠠᠢ᠌ᠳᠠᠯ᠎ᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 ᠵᠢᠨ ᠭᠤᠴᠢᠳᠤᠭ᠋ᠠᠷ ᠵᠦᠢ᠍ᠯ᠂ ᠭᠤᠴᠢᠨ ᠨᠢᠭᠡᠳᠦᠭᠡᠷ ᠵᠦᠢ᠍ᠯ᠂ ᠭᠤᠴᠢᠨ ᠭᠤᠷᠪᠠᠳᠤᠭ᠋ᠠᠷ ᠵᠦᠢ᠍ᠯ᠂ ᠭᠤᠴᠢᠨ ᠵᠢᠷᠭᠤᠳᠤᠭ᠋ᠠᠷ ᠵᠦᠢ᠍ᠯ᠎ᠤᠨ ᠬᠠᠮᠢᠶ᠎ᠠ ᠪᠦᠬᠦᠢ ᠲᠣᠭᠲᠠᠭ᠋ᠠᠯ ᠵᠢᠴᠢ 《ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠠᠷᠭ᠎ᠠ》 ᠵᠢᠨ ᠠᠷᠪᠠᠨ ᠬᠣᠶᠠᠳᠤᠭ᠋ᠠᠷ ᠵᠦᠢ᠍ᠯ᠎ᠢ ᠦᠨᠳᠦᠰᠦᠯᠡᠨ ᠲᠤᠭᠤᠷᠪᠢᠪᠠ᠃ ᠲᠣᠰ ᠤᠳᠠᠭ᠎ᠠ ᠬᠠᠤᠯᠢ ᠵᠢ ᠵᠥᠷᠢᠴᠡᠭᠰᠡᠨ ᠦᠷ᠎ᠡ ᠳ᠋ᠦᠩ ᠵᠶ᠋ᠡᠷ ᠬᠥᠩᠭᠡᠪᠲᠦᠷ ᠠᠩᠬ᠎ᠠ ᠤᠳᠠᠭ᠋ᠠᠨ᠎ᠤ ᠦᠢᠯᠡ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠥᠯᠥ ᠥᠭᠬᠦ ᠲᠣᠳᠣᠷᠬᠠᠢ ᠬᠠᠭᠤᠳᠠᠰᠤ ᠨᠡᠶ᠋ᠢᠲᠡ 10 ᠵᠦᠢ᠍ᠯ ᠪᠣᠶ᠂ ᠡᠭᠦᠨ᠎ᠳᠤ ᠰᠣᠶᠣᠯ᠎ᠤᠨ ᠲᠥᠷᠥᠯ 9 ᠵᠦᠢ᠍ᠯ᠂ ᠵᠢᠭᠤᠯᠴᠢᠯᠠᠯ᠎ᠤᠨ ᠲᠥᠷᠥᠯ 1 ᠵᠦᠢ᠍ᠯ ᠪᠣᠶ᠃ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠦᠭᠡᠢ ᠪᠣᠯ ᠲᠤᠬᠠᠢ ᠵᠢᠨ ᠬᠥᠮᠥᠨ᠎ᠳᠤ ᠬᠥᠮᠦᠵᠢᠯ ᠬᠢᠬᠦ ᠬᠡᠷᠡᠭᠲᠡᠢ᠃
ᠲᠠᠪᠤ᠂ ᠪᠢᠴᠢᠭ ᠮᠠᠲ᠋ᠧᠷᠢᠶᠠᠯ᠎ᠢ ᠬᠡᠷᠡᠭᠯᠡᠬᠦ ᠴᠠᠭ᠎ᠤᠨ ᠬᠢᠵᠠᠭ᠋ᠠᠷ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠪᠠᠷᠢᠮᠵᠢᠶ᠎ᠠ》 ᠵᠢ 2025 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ᠎ᠲᠠᠢ ᠬᠤᠭᠤᠴᠠᠭ᠎ᠠ᠎ᠨᠢ 5 ᠵᠢᠯ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠪᠠᠷᠢᠮᠵᠢᠶ᠎ᠠ》 (ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠤᠨ [2017] 138 ᠳ᠋ᠤᠭ᠋ᠠᠷ ᠲᠣᠭ᠋ᠠᠲᠤ) ᠵᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
2024 ᠣᠨ᠎ᠤ 12 ᠳ᠋ᠤᠭ᠋ᠠᠷ ᠰᠠᠷ᠎ᠠ ᠵᠢᠨ 27᠎ᠤ ᠡᠳᠦᠷ