ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠲᠥᠷᠥ ᠵᠢᠨ ᠪᠣᠳᠣᠯᠭ᠎ᠠ ᠵᠢᠨ ᠲᠣᠪᠴᠢ ᠲᠣᠳᠣᠷᠬᠠᠢ ᠠᠰᠠᠭᠤᠯᠲᠠ ᠬᠠᠷᠢᠭᠤᠯᠲᠠ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠎ᠠ ᠵᠢᠨ ᠲᠥᠰᠥᠯ》 (ᠬᠤᠶᠠᠷ)
ᠨᠡᠶᠢᠲᠡᠯᠡᠭᠰᠡᠨ ᠴᠠᠭ᠄ 2024-10-28


ᠭᠤᠷᠪᠠ᠂  《ᠲᠥᠰᠥᠯ》᠎ᠤᠨ ᠭᠣᠣᠯ ᠣᠨᠴᠠᠯᠢᠭ᠎ᠨᠢ ᠶᠠᠭᠤ ᠪᠤᠢ?
      ᠥᠩᠭᠡᠷᠡᠭᠰᠡᠨ᠎ᠤ 3 ᠳ᠋ᠤᠭ᠋ᠠᠷ ᠨᠢᠭᠤᠷ᠎ᠤᠨ ᠲᠥᠰᠥᠯ᠎ᠲᠠᠢ ᠬᠠᠷᠢᠴᠠᠭᠤᠯᠪᠠᠯ᠂ ᠲᠣᠰ 《ᠲᠥᠰᠥᠯ》᠎ᠨᠢ ᠵᠠᠯᠭ᠋ᠠᠭ᠎ᠠ ᠵᠠᠯᠭ᠋ᠠᠭ᠎ᠠ᠎ᠪᠠᠷ ᠲᠠᠰ ᠳᠠᠪᠰᠢᠵᠤ᠂ ᠬᠣᠯᠪᠣᠭᠳᠠᠬᠤ ᠬᠡᠪᠴᠢᠶ᠎ᠡ᠎ᠨᠢ ᠨᠠᠩ ᠥᠷᠭᠡᠨ᠂ ᠬᠦᠷᠢᠶ᠎ᠡ ᠬᠡᠪᠴᠢᠶ᠎ᠡ᠎ᠨᠢ ᠨᠠᠩ ᠣᠯᠠᠨ᠂ ᠲᠠᠰ ᠳᠠᠪᠬᠤᠷᠭ᠎ᠠ᠎ᠨᠢ ᠨᠠᠩ ᠭᠦᠨ᠂ ᠱᠠᠭ᠋ᠠᠷᠳᠠᠯᠭ᠎ᠠ᠎ᠨᠢ ᠨᠠᠩ ᠥᠨᠳᠥᠷ ᠪᠠᠢ᠌ᠵᠤ᠂ ᠭᠣᠣᠯ ᠣᠨᠴᠠᠯᠢᠭ᠎ᠨᠢ 《ᠰᠢᠨ᠎ᠡ ᠵᠢ ᠡᠭᠦᠳᠬᠦ ᠴᠢᠨᠠᠷ᠂ ᠰᠢᠰᠲ᠋ᠧᠮᠲᠦ ᠴᠢᠨᠠᠷ᠂ ᠪᠥᠬᠥ ᠲᠠᠯᠠᠲᠤ ᠴᠢᠨᠠᠷ᠂ ᠲᠣᠳᠣᠷᠬᠠᠢ ᠬᠠᠭᠤᠳᠠᠰᠤᠵᠢᠭᠤᠯᠬᠤ᠂ ᠲᠣᠭ᠋ᠠᠵᠢᠭᠤᠯᠬᠤ》 ᠲᠠᠪᠤᠨ ᠲᠠᠯ᠎ᠠ᠎ᠳᠤ ᠲᠣᠪᠣᠢ᠌ᠮ᠎ᠠ ᠢᠯᠡᠷᠡᠵᠦ ᠪᠠᠢ᠌ᠨ᠎ᠠ᠃
      ᠨᠢᠭᠡ᠎ᠳᠤ᠂ ᠰᠢᠨ᠎ᠡ ᠵᠢ ᠡᠭᠦᠳᠬᠦ ᠴᠢᠨᠠᠷ᠃ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠰᠢᠨ᠎ᠡ ᠪᠠᠢ᠌ᠷᠢᠯᠠᠭᠤᠯᠤᠯᠲᠠ ᠶᠣᠰᠣᠭ᠋ᠠᠷ᠂ ᠲᠡᠷᠢᠭᠦᠨ᠎ᠤ ᠭᠠᠵᠠᠷ ᠣᠷᠣᠨ᠎ᠤ ᠲᠤᠷᠰᠢᠯᠭ᠎ᠠ᠎ᠪᠠᠷ ᠢᠳᠡᠪᠬᠢᠲᠡᠢ ᠲᠣᠯᠢ ᠪᠣᠯᠭ᠋ᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠳᠣᠪᠣᠶ᠋ᠢᠯᠭ᠋ᠠᠨ᠎ᠠ᠂ ᠵᠢᠱ᠌ᠢᠶᠡᠯᠡᠪᠡᠯ᠂ ᠠᠵᠤ ᠠᠬᠤᠢ᠌ᠯᠠᠯ᠎ᠤᠨ ᠰᠠᠭᠤᠭ᠎ᠠ ᠭᠠᠵᠠᠷ (ᠡᠵᠡᠩᠨᠡᠯᠲᠡ ᠵᠢᠨ ᠲᠠᠯᠠᠪᠤᠷ ᠭᠠᠵᠠᠷ)᠎ᠤᠨ ᠪᠠᠷᠢᠮᠵᠢᠶᠠᠵᠢᠭᠤᠯᠤᠭᠰᠠᠨ ᠳᠠᠩᠰᠠᠯᠠᠯᠲᠠ ᠵᠢ ᠲᠦᠯᠬᠢᠨ ᠠᠬᠢᠭᠤᠯᠤᠨ᠎ᠠ; ᠡᠨᠧᠷᠭᠢ ᠵᠢᠨ ᠰᠤᠷᠪᠤᠯᠵᠢ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠵᠡᠷᠭᠡ 《ᠨᠢᠭᠡ ᠵᠦᠢ᠍ᠯ᠎ᠤᠨ ᠶᠠᠪᠤᠳᠠᠯ》᠎ᠢ ᠲᠥᠪᠯᠡᠷᠡᠭᠦᠯᠦᠨ ᠭᠦᠢ᠍ᠴᠡᠳᠬᠡᠬᠦ ᠵᠢ ᠰᠦᠪᠡᠭᠴᠢᠯᠡᠨ ᠥᠷᠨᠢᠭᠦᠯᠦᠨ᠎ᠡ; ᠣᠷᠴᠢᠨ ᠠᠬᠤᠢ ᠵᠢᠨ ᠨᠥᠯᠥᠭᠡᠯᠡᠯ᠎ᠤᠨ ᠦᠨᠡᠯᠡᠯᠲᠡ ᠬᠢᠭᠡᠳ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ 《ᠬᠣᠶᠠᠷ ᠦᠨᠡᠮᠯᠡᠯ᠎ᠢ ᠬᠢᠨᠠᠨ ᠵᠥᠪᠰᠢᠶᠡᠷᠡᠬᠦ ᠵᠢ ᠨᠢᠭᠡᠳᠬᠡᠬᠦ》 ᠵᠢ ᠰᠦᠪᠡᠭᠴᠢᠯᠡᠨ ᠬᠡᠷᠡᠭᠵᠢᠭᠦᠯᠦᠨ᠎ᠡ; 《ᠮᠣᠩᠭᠣᠯ ᠰᠢᠨᠵᠢᠯᠡᠬᠦ ᠤᠬᠠᠭ᠋ᠠᠨ᠎ᠤ ᠴᠤᠭᠯᠠᠷᠠᠯ》᠎ᠤᠨ ᠲᠠᠪᠴᠠᠩ᠎ᠢ ᠪᠠᠢ᠌ᠭᠤᠯᠤᠨ᠎ᠠ; ᠠᠵᠢᠯ ᠠᠯᠳᠠᠯᠲᠠ ᠵᠢᠨ ᠳᠠᠭ᠋ᠠᠳᠬᠠᠯ᠎ᠤᠨ ᠠᠵᠢᠯ᠎ᠤᠨ ᠪᠠᠢ᠌ᠷᠢ ᠵᠢ ᠲᠣᠭᠲᠠᠭᠤᠨ ᠪᠠᠢ᠌ᠯᠭ᠋ᠠᠬᠤ ᠵᠢᠴᠢ ᠨᠠᠩ ᠣᠯᠠᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ         《ᠭᠤᠶᠤᠴᠢᠯᠠᠬᠤ ᠦᠭᠡᠢ᠎ᠪᠠᠷ ᠡᠳ᠋ᠯᠡᠬᠦ》 ᠵᠢ ᠲᠦᠯᠬᠢᠨ ᠠᠬᠢᠭᠤᠯᠤᠨ᠎ᠠ; ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠬᠠᠮᠤᠷᠬᠤ ᠬᠡᠪᠴᠢᠶ᠎ᠡ ᠵᠢ ᠰᠦᠪᠡᠭᠴᠢᠯᠡᠨ ᠥᠷᠭᠡᠳᠬᠡᠵᠦ᠂ ᠰᠢᠨ᠎ᠡ ᠬᠡᠯᠪᠡᠷᠢ ᠵᠢᠨ ᠢᠲᠡᠭᠡᠮᠵᠢ ᠵᠢᠨ ᠬᠢᠨᠠᠨ ᠬᠠᠮᠢᠶᠠᠷᠬᠤ ᠲᠣᠭᠲᠠᠴᠠ ᠵᠢ ᠪᠠᠢ᠌ᠭᠤᠯᠤᠨ᠎ᠠ; ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ 《ᠨᠢᠭᠡ ᠠᠵᠢᠯ ᠲᠦᠷᠦᠯ᠎ᠳᠤ ᠨᠢᠭᠡ ᠳᠡᠪᠲᠡᠷ》᠎ᠢ ᠮᠡᠳᠡᠭᠳᠡᠬᠦ ᠳᠦᠷᠢᠮ᠎ᠢ ᠬᠡᠷᠡᠭᠵᠢᠭᠦᠯᠵᠦ᠂ 《ᠪᠡᠶ᠎ᠡ ᠵᠢᠨ ᠪᠠᠢ᠌ᠴᠠᠭ᠋ᠠᠯᠲᠠ ᠵᠢᠨ ᠮᠠᠶᠢᠭ᠎ᠤᠨ ᠬᠢᠨᠠᠯᠲᠠ ᠬᠠᠮᠢᠶᠠᠷᠤᠯᠲᠠ᠂ ᠦᠢ᠍ᠯᠡᠴᠢᠯᠡᠭᠡᠨ᠎ᠤ ᠮᠠᠶᠢᠭ᠎ᠤᠨ ᠬᠠᠤᠯᠢ ᠬᠡᠷᠡᠭᠵᠢᠭᠦᠯᠦᠯᠲᠡ》 ᠵᠢᠨ ᠵᠠᠭᠪᠤᠷ᠎ᠢ ᠳᠡᠯᠭᠡᠷᠡᠭᠦᠯᠦᠨ᠎ᠡ; ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠲᠠᠢ ᠤᠶᠠᠯᠳᠤᠭᠤᠯᠤᠨ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ 《ᠨᠢᠭᠡ ᠶᠠᠪᠤᠳᠠᠯ》᠎ᠤᠨ ᠬᠤᠷᠠᠮᠠᠯ ᠦᠢ᠍ᠯᠡᠴᠢᠯᠡᠭᠡᠨ᠎ᠤ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠵᠡᠷᠭᠡ ᠪᠣᠯᠣᠨ᠎ᠠ᠃
      ᠬᠣᠶᠠᠷ᠎ᠲᠤ᠂ ᠰᠢᠰᠲ᠋ᠧᠮᠲᠦ ᠴᠢᠨᠠᠷ᠃ ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠴᠢᠬᠤᠯᠠᠴᠢᠯᠠᠵᠤ᠂ ᠥᠭᠡᠷᠡᠴᠢᠯᠡᠯᠲᠡ ᠪᠣᠯᠣᠨ ᠲᠥᠷᠥ ᠵᠢᠨ ᠪᠣᠳᠣᠯᠭ᠎ᠠ ᠵᠢᠨ 《ᠬᠠᠮ ᠠᠷᠭ᠎ᠠ》 ᠵᠢ ᠰᠠᠢ᠌ᠲᠤᠷ ᠬᠡᠷᠡᠭᠵᠢᠭᠦᠯᠵᠦ᠂ ᠠᠵᠤ ᠠᠬᠤᠢ᠌ᠯᠠᠯ᠎ᠤᠨ 《ᠴᠡᠭ》 ᠳᠡᠭᠡᠷᠡᠬᠢ ᠠᠵᠢᠯ ᠶᠠᠪᠤᠳᠠᠯ ᠭᠦᠢ᠍ᠴᠡᠳᠬᠡᠬᠦ ᠵᠢ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠥᠭᠡᠷᠡᠴᠢᠯᠡᠯᠲᠡ ᠵᠢ ᠲᠦᠯᠬᠢᠨ ᠠᠬᠢᠭᠤᠯᠵᠤ᠂ ᠠᠵᠤ ᠦᠢ᠍ᠯᠡᠰ᠎ᠤᠨ ᠬᠥᠭᠵᠢᠯᠲᠡ ᠵᠢ ᠰᠢᠯᠢᠳᠡᠭᠵᠢᠭᠦᠯᠬᠦ ᠪᠥᠬᠥ ᠬᠡᠯᠬᠢᠶ᠎ᠡ ᠵᠢᠨ ᠬᠠᠮᠢᠶᠠᠷᠤᠯᠲᠠ ᠦᠢ᠍ᠯᠡᠴᠢᠯᠡᠭᠡ ᠳᠠᠰᠢ ᠥᠷᠭᠡᠳᠬᠡᠨ᠂ ᠠᠵᠤ ᠦᠢ᠍ᠯᠡᠰ᠎ᠤᠨ ᠬᠡᠯᠬᠢᠶ᠎ᠡ ᠬᠢᠭᠡᠳ ᠪᠡᠯᠡ ᠮᠥᠩᠭᠥ ᠵᠢᠨ ᠬᠡᠯᠬᠢᠶ᠎ᠡ᠂ ᠰᠢᠨ᠎ᠡ ᠵᠢ ᠡᠭᠦᠳᠬᠦ ᠬᠡᠯᠬᠢᠶ᠎ᠡ᠂ ᠦᠢ᠍ᠯᠡᠴᠢᠯᠡᠭᠡᠨ᠎ᠤ ᠬᠡᠯᠬᠢᠶ᠎ᠡ ᠵᠢ ᠭᠦᠨᠵᠡᠭᠡᠢ ᠠᠭᠤᠰᠤᠯᠴᠠᠭᠤᠯᠤᠭᠰᠠᠨ ᠠᠵᠤ ᠦᠢ᠍ᠯᠡᠰ᠎ᠤᠨ ᠠᠮᠢ ᠠᠬᠤᠢ ᠵᠢ ᠪᠣᠶ ᠪᠣᠯᠭ᠋ᠠᠨ᠎ᠠ᠃
      ᠭᠤᠷᠪᠠ᠎ᠳᠤ᠂ ᠪᠦᠬᠦ ᠲᠠᠯ᠎ᠠ ᠵᠢᠨ ᠴᠢᠨᠠᠷ᠃ 《ᠠᠵᠤ ᠠᠬᠤᠢ᠌ᠯᠠᠯ᠎ᠤᠨ ᠪᠦᠬᠦ ᠠᠮᠢ ᠨᠠᠰᠤᠨ᠎ᠤ ᠦᠶᠡᠯᠡᠯ》᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠂ ᠡᠯᠧᠮᠧᠨ᠋ᠲ᠎ᠤᠨ ᠪᠠᠲᠤᠯᠠᠭ᠎ᠠ᠂ ᠬᠠᠤᠯᠢᠵᠢᠯ᠎ᠤᠨ ᠬᠢᠨᠠᠯᠲᠠ ᠬᠠᠮᠢᠶᠠᠷᠤᠯᠲᠠ᠂ ᠰᠢᠨ᠎ᠡ ᠵᠢ ᠡᠭᠦᠳᠬᠦ ᠦᠢ᠍ᠯᠡᠰ ᠪᠣᠰᠬᠠᠬᠤ᠂ ᠵᠠᠰᠠᠭ᠎ᠤᠨ ᠣᠷᠳᠣᠨ ᠬᠤᠳᠠᠯᠳᠤᠭ᠋ᠠᠴᠢᠨ᠎ᠢ ᠳᠣᠲᠣᠨᠣᠴᠢᠯᠠᠬᠤ 5 ᠶᠡᠬᠡ ᠣᠷᠴᠢᠨ ᠲᠣᠭᠣᠷᠢᠨ᠎ᠠᠴᠠ 32 ᠶᠡᠬᠡ ᠲᠦᠷᠦᠯ᠎ᠤᠨ ᠭᠣᠣᠯᠳᠠᠯᠭ᠎ᠠ᠎ᠲᠠᠢ ᠡᠭᠦᠷᠭᠡ ᠵᠢ ᠬᠡᠷᠡᠭᠵᠢᠭᠦᠯᠵᠦ᠂   ᠪᠦᠬᠦ ᠣᠷᠣᠨ᠎ᠤ ᠵᠢᠷᠭᠤᠭ᠋ᠠᠨ 《ᠪᠦᠬᠦ ᠲᠠᠯ᠎ᠠ》 ᠵᠢ ᠪᠡᠶᠡᠯᠡᠭᠦᠯᠬᠦ ᠵᠢ ᠠᠬᠢᠭᠤᠯᠤᠨ᠎ᠠ᠂ ᠲᠤᠬᠠᠢ᠌ᠯᠠᠪᠠᠯ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ ᠵᠢ ᠪᠦᠬᠦ ᠲᠠᠯ᠎ᠠ᠎ᠪᠠᠷ ᠬᠤᠪᠢᠷᠠᠭᠤᠯᠬᠤ᠂ ᠵᠠᠰᠠᠭ᠎ᠤᠨ ᠶᠠᠪᠤᠳᠠᠯ᠎ᠤᠨ ᠵᠦᠢ᠍ᠯᠡᠰ᠎ᠢ ᠪᠦᠬᠦ ᠲᠠᠯ᠎ᠠ᠎ᠪᠠᠷ ᠰᠢᠯᠢᠳᠡᠭᠵᠢᠭᠦᠯᠬᠦ᠂ ᠳᠦᠷᠢᠮ᠎ᠤᠨ ᠰᠢᠰᠲ᠋ᠧᠮ᠎ᠢ ᠪᠦᠬᠦ ᠲᠠᠯ᠎ᠠ᠎ᠪᠠᠷ ᠪᠠᠶ᠋ᠢᠭᠤᠯᠬᠤ᠂ ᠠᠵᠤ ᠠᠬᠤᠢ᠌ᠯᠠᠯ᠎ᠤᠨ ᠠᠮᠢᠵᠢᠷᠠᠯ᠎ᠤᠨ ᠬᠦᠴᠦᠨ᠎ᠢ ᠪᠦᠬᠦ ᠲᠠᠯ᠎ᠠ᠎ᠪᠠᠷ ᠬᠥᠭᠵᠢᠭᠡᠬᠦ᠂ ᠶᠠᠪᠤᠴᠠ ᠵᠢ ᠪᠦᠬᠦ ᠲᠠᠯ᠎ᠠ᠎ᠪᠠᠷ ᠠᠬᠢᠭᠤᠯᠬᠤ᠂ ᠠᠵᠤ ᠠᠬᠤᠢ᠌ᠯᠠᠯ᠎ᠤᠨ ᠬᠡᠷᠡᠭᠴᠡᠭᠡ ᠵᠢ ᠪᠦᠬᠦ ᠲᠠᠯ᠎ᠠ᠎ᠪᠠᠷ ᠬᠠᠩᠭ᠋ᠠᠬᠤ ᠵᠢ ᠠᠬᠢᠭᠤᠯᠤᠨ᠎ᠠ᠃
      ᠳᠥᠷᠪᠡ᠎ᠳᠤ᠂ ᠲᠣᠳᠣᠷᠬᠠᠢ ᠬᠠᠭᠤᠳᠠᠰᠤᠵᠢᠭᠤᠯᠬᠤ᠃ 32 ᠲᠣᠮᠣ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢᠨ ᠮᠥᠬᠥᠯᠢᠭ᠎ᠤᠨ ᠬᠡᠮᠵᠢᠶ᠎ᠡ ᠵᠢ 160 ᠵᠦᠢ᠍ᠯ᠎ᠤᠨ ᠡᠭᠦᠷᠭᠡ ᠪᠣᠯᠭ᠋ᠠᠨ ᠨᠠᠷᠢᠯᠢᠭᠵᠢᠭᠤᠯᠵᠤ᠂ ᠡᠭᠦᠷᠭᠡ ᠵᠢ ᠨᠠᠷᠢᠨ ᠬᠤᠪᠢᠶᠠᠬᠤ ᠬᠠᠷᠢᠭᠤᠴᠠᠯᠭ᠎ᠠ ᠵᠢ ᠪᠣᠳᠠᠲᠠᠢ ᠰᠠᠯᠠᠭ᠎ᠠ ᠮᠥᠴᠢᠷ᠎ᠲᠤ ᠲᠣᠳᠣᠷᠬᠠᠢ ᠪᠣᠯᠭ᠋ᠠᠨ᠂ ᠡᠭᠦᠷᠭᠡ ᠵᠢᠨ ᠡᠬᠡ ᠲᠠᠩᠰᠠ ᠪᠣᠯᠭ᠋ᠠᠵᠤ᠂ ᠬᠥᠳᠡᠯᠦᠩᠭᠦᠢ᠎ᠪᠠᠷ ᠬᠢᠨᠠᠨ ᠬᠡᠮᠵᠢᠵᠦ ᠰᠢᠪᠠᠳᠠᠨ ᠰᠢᠢ᠍ᠳᠪᠦᠷᠢᠯᠡᠭᠦᠯᠵᠦ ᠨᠠᠢ᠌ᠳᠠᠪᠤᠷᠢᠵᠢᠭᠤᠯᠬᠤ᠎ᠳᠤ ᠲᠥᠬᠥᠮ ᠪᠣᠯᠭ᠋ᠠᠪᠠ᠃
      ᠲᠠᠪᠤ᠎ᠳᠤ᠂ ᠲᠣᠭ᠋ᠠᠴᠢᠯᠠᠬᠤ᠃ ᠲᠣᠭ᠋ᠠᠴᠢᠯᠠᠭᠰᠠᠨ ᠥᠭᠡᠷᠡᠴᠢᠯᠡᠯᠲᠡ᠎ᠪᠠᠷ ᠳᠦᠷᠢᠮ᠎ᠤᠨ ᠰᠢᠨ᠎ᠡ ᠵᠢ ᠡᠭᠦᠳᠬᠦ ᠵᠢ ᠬᠡᠳᠡᠷᠬᠦ ᠰᠢᠬᠠᠮᠳᠠᠭᠤᠯᠬᠤ ᠵᠢ ᠨᠡᠩ ᠴᠢᠬᠤᠯᠠᠴᠢᠯᠠᠵᠤ᠂ ᠵᠠᠰᠠᠭ᠎ᠤᠨ ᠣᠷᠳᠣᠨ᠎ᠤ ᠵᠠᠰᠠᠯᠲᠠ ᠵᠢᠨ ᠶᠠᠪᠤᠴᠠ ᠵᠢ ᠰᠢᠯᠢᠳᠡᠭᠵᠢᠭᠦᠯᠬᠦ ᠵᠢ ᠠᠬᠢᠭᠤᠯᠵᠤ᠂ ᠦᠢ᠍ᠯᠡᠴᠢᠯᠡᠭᠡ ᠵᠢ ᠨᠡᠩ ᠥᠨᠳᠥᠷ ᠪᠦᠲᠦᠮᠵᠢᠲᠡᠢ ᠪᠥᠭᠡᠳ ᠳᠥᠭᠥᠮ ᠳᠥᠲᠡ ᠪᠣᠯᠭ᠋ᠠᠨ᠎ᠠ᠃   ᠵᠢᠱ᠌ᠢᠶᠡᠯᠡᠪᠡᠯ᠂ 《ᠨᠢᠭᠡ ᠡᠭᠦᠯᠡ ᠨᠢᠭᠡ ᠲᠣᠣᠷ ᠨᠢᠭᠡ ᠲᠠᠪᠴᠠᠩ》 ᠵᠶ᠋ᠠᠷ ᠭᠣᠣᠯ ᠪᠣᠯᠭ᠋ᠠᠭᠰᠠᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠭ᠋ᠠᠴᠢᠯᠠᠯᠲᠠ ᠵᠢᠨ ᠰᠠᠭᠤᠷᠢ ᠲᠤᠯᠭ᠋ᠠᠭᠤᠷᠢᠯᠠᠯ᠎ᠤᠨ ᠰᠢᠰᠲ᠋ᠧᠮ᠎ᠢ ᠠᠩᠬ᠎ᠠ ᠠᠯᠬᠤᠮ ᠪᠦᠷᠢᠯᠳᠦᠭᠦᠯᠵᠦ᠂ 《ᠨᠢᠭᠡ ᠠᠵᠤ ᠠᠬᠤᠢ᠌ᠯᠠᠯ᠂ ᠨᠢᠭᠡ ᠦᠨᠡᠮᠯᠡᠯ᠂ ᠨᠢᠭᠡ ᠨᠣᠮᠧᠷ》᠎ᠤᠨ ᠬᠡᠷᠡᠭᠯᠡᠯᠲᠡ ᠵᠢ ᠪᠥᠬᠥ ᠲᠠᠯ᠎ᠠ᠎ᠪᠠᠷ ᠳᠡᠯᠭᠡᠷᠡᠭᠦᠯᠵᠦ᠂ ᠪᠥᠬᠥ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶ᠎ᠠ ᠵᠢᠨ ᠲᠣᠭ᠎ᠠ ᠪᠠᠷᠢᠮᠲᠠ ᠵᠢ 《ᠨᠢᠭᠡ ᠰᠦᠯᠵᠢᠶ᠎ᠡ᠎ᠪᠠᠷ ᠬᠠᠮᠲᠤᠪᠠᠷ ᠭᠥᠷᠳᠡᠬᠦ》᠂ ᠠᠷᠠᠯᠵᠢᠶ᠎ᠠ ᠵᠢᠨ 《ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ》᠂ ᠦᠢ᠍ᠯᠡᠴᠢᠯᠡᠭᠡᠨ᠎ᠤ 《ᠨᠢᠭᠡ ᠰᠦᠯᠵᠢᠶ᠎ᠡ᠎ᠪᠠᠷ ᠬᠤᠷᠠᠭᠤᠯᠬᠤ》᠂ ᠬᠢᠨᠠᠯᠲᠠ ᠬᠠᠮᠢᠶᠠᠷᠤᠯᠲᠠ ᠵᠢᠨ 《ᠨᠢᠭᠡ ᠰᠦᠯᠵᠢᠶ᠎ᠡ᠎ᠪᠠᠷ ᠬᠠᠮᠵᠢᠯᠴᠠᠬᠤ》᠂ ᠲᠠᠪᠴᠠᠩ᠎ᠤᠨ      《ᠨᠢᠭᠡ ᠰᠦᠯᠵᠢᠶ᠎ᠡ᠎ᠪᠠᠷ ᠨᠢᠭᠡᠳᠦᠯᠲᠡᠢ ᠬᠠᠮᠢᠶᠠᠷᠬᠤ》 ᠵᠢ ᠠᠯᠬᠤᠮ ᠠᠯᠬᠤᠮ ᠵᠶ᠋ᠠᠷ ᠪᠡᠶᠡᠯᠡᠭᠦᠯᠵᠦ᠂ ᠰᠠᠭᠤᠭ᠋ᠠᠯᠢ ᠠᠷᠠᠳ᠎ᠤᠨ ᠬᠡᠷᠡᠭᠯᠡᠭᠴᠢ ᠵᠢᠨ 《ᠵᠢᠰᠦ᠎ᠪᠠᠨ ᠦᠵᠡᠭᠦᠯᠦᠨ ᠴᠠᠬᠢᠯᠭ᠋ᠠᠨ ᠭᠠᠷᠭ᠋ᠠᠬᠤ》 ᠪᠠ ᠠᠵᠤ ᠠᠬᠤᠢ᠌ᠯᠠᠯ᠎ᠤᠨ ᠬᠡᠷᠡᠭᠯᠡᠭᠴᠢ ᠵᠢᠨ 《ᠨᠢᠭᠡ ᠦᠨᠡᠮᠯᠡᠯ ᠵᠶ᠋ᠡᠷ ᠴᠠᠬᠢᠯᠭ᠋ᠠᠨ ᠭᠠᠷᠭ᠋ᠠᠬᠤ》 ᠵᠢ ᠪᠠᠢ᠌ᠩᠭᠤᠵᠢᠭᠤᠯᠬᠤ᠂ ᠳᠦᠷᠢᠮᠵᠢᠭᠦᠯᠬᠦ᠂ ᠵᠢᠷᠤᠮᠵᠢᠭᠤᠯᠬᠤ ᠵᠢ ᠠᠬᠢᠭᠤᠯᠵᠤ᠂ 《ᠣᠷᠣᠨ ᠬᠡᠰᠡᠭ᠎ᠤᠨ ᠬᠡᠯᠬᠢᠶᠡᠰᠦ + ᠡᠮᠴᠢᠯᠡᠭᠡ ᠡᠷᠡᠭᠦᠯ ᠮᠡᠨᠳᠦ ᠵᠢᠨ ᠦᠢ᠍ᠯᠡᠴᠢᠯᠡᠭᠡ》 ᠵᠢᠨ ᠬᠡᠯᠪᠡᠷᠢ ᠵᠢ ᠳᠡᠯᠭᠡᠷᠡᠭᠦᠯᠦᠨ᠎ᠡ᠃
      ᠳᠥᠷᠪᠡ᠂ 《ᠲᠥᠰᠥᠯ》᠎ᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠬᠡᠷᠬᠢᠨ ᠪᠠᠲᠤᠯᠠᠬᠤ ᠪᠣᠶ?
      ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠪᠣᠯ ᠨᠢᠭᠡᠨ ᠰᠢᠰᠲ᠋ᠧᠮ᠎ᠲᠠᠢ ᠪᠥᠭᠡᠳ ᠪᠤᠳᠤᠯᠢᠶᠠᠨᠲᠠᠢ ᠮᠤᠨᠳᠠᠭ ᠶᠡᠬᠡ ᠢᠨᠵᠧᠨᠧᠷᠢᠩ ᠮᠥᠨ᠂ ᠲᠡᠷᠡ᠎ᠨᠢ ᠤᠯᠠᠨ ᠬᠦᠷᠢᠶ᠎ᠡ ᠪᠠ ᠰᠠᠯᠠᠭ᠎ᠠ ᠮᠥᠴᠢᠷ᠎ᠲᠤ ᠬᠣᠯᠪᠣᠭᠳᠠᠵᠤ᠂ ᠵᠠᠰᠠᠭ᠎ᠤᠨ ᠣᠷᠳᠣᠨ᠂ ᠠᠵᠤ ᠠᠬᠤᠢ᠌ᠯᠠᠯ᠂ ᠨᠡᠢ᠌ᠭᠡᠮ᠎ᠤᠨ ᠡᠯ᠎ᠡ ᠲᠠᠯ᠎ᠠ ᠵᠢᠨ᠎ᠬᠢᠨ ᠰᠢᠨᠲᠠᠷᠠᠰᠢ ᠦᠭᠡᠢ᠂ ᠬᠠᠮᠲᠤ᠎ᠪᠠᠷ ᠴᠢᠷᠮᠠᠢ᠌ᠬᠤ ᠴᠢᠬᠤᠯᠠᠲᠠᠢ ᠶᠤᠮ᠃ ᠡᠢ᠌ᠮᠦ᠎ᠠᠴᠠ᠂ 《ᠲᠥᠰᠥᠯ》᠎ᠳᠤ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠵᠣᠷᠢᠭᠵᠢᠭᠤᠯᠬᠤ᠂ ᠪᠣᠯᠵᠣᠨ ᠶᠠᠷᠢᠯᠴᠠᠵᠤ ᠵᠠᠷᠯᠠᠨ ᠮᠡᠳᠡᠭᠳᠡᠬᠦ ᠵᠢ ᠬᠡᠷᠡᠭᠵᠢᠭᠦᠯᠬᠦ᠂ ᠰᠢᠪᠠᠳᠠᠨ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠬᠤ᠂ ᠤᠬᠠᠭᠤᠯᠤᠨ ᠲᠠᠨᠢᠯᠴᠠᠭᠤᠯᠬᠤ ᠵᠢ ᠴᠢᠩᠭ᠋ᠠᠳᠬᠠᠬᠤ ᠵᠡᠷᠭᠡ 5 ᠲᠠᠯ᠎ᠠ᠎ᠪᠠᠷ ᠱᠠᠭ᠋ᠠᠷᠳᠠᠯᠭ᠎ᠠ ᠳᠤᠷᠠᠳᠴᠤ᠂ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠎ᠪᠠᠷ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠪᠠᠲᠤᠯᠠᠪᠠ᠃


ᠢᠷᠡᠯᠲᠡ᠄ ᠦᠪᠦᠷ ᠮᠤᠩᠭᠤᠯ ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠨᠠᠷᠢᠨ ᠳᠦᠷᠢᠮ》᠎ᠤᠨ ᠲᠠᠢ᠌ᠯᠤᠮᠵᠢ (ᠬᠤᠶᠠᠷ)
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠩᠬ᠎ᠠ ᠤᠳᠠᠭ᠎ᠠ ᠬᠠᠤᠯᠢ ᠵᠥᠷᠢᠴᠡᠭᠰᠡᠨ ᠦᠷ᠎ᠡ ᠳ᠋ᠦᠩ ᠵᠶ᠋ᠡᠷ ᠬᠦᠩᠭᠡᠨ ᠦᠢᠯᠡ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠭᠡᠯ ᠥᠯᠥ ᠥᠭᠬᠦ ᠨᠠᠷᠢᠨ ᠳᠠᠩᠰᠠ》 ᠵᠢᠨ ᠲᠦᠷᠦ ᠵᠢᠨ ᠪᠤᠳᠤᠯᠭ᠎ᠠ ᠵᠢᠨ ᠳᠠᠢ᠌ᠯᠤᠮᠵᠢ (ᠨᠢᠭᠡ)
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠪᠠᠷᠢᠮᠵᠢᠶ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠠᠤᠯᠢ ᠵᠥᠷᠢᠴᠡᠭᠰᠡᠨ ᠦᠷ᠎ᠡ ᠳ᠋ᠦᠩ ᠵᠶ᠋ᠡᠷ ᠬᠥᠩᠭᠡᠪᠲᠦᠷ ᠠᠩᠬ᠎ᠠ ᠤᠳᠠᠭ᠋ᠠᠨ ᠎ᠤ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠦᠭᠬᠦ ᠦᠭᠡᠢ ᠨᠡᠷᠡᠰ ᠎ᠤᠨ ᠵᠢᠭᠰᠠᠭ᠋ᠠᠯᠲᠠ》 ᠵᠢᠨ ᠲᠦᠷᠦ ᠵᠢᠨ ᠪᠤᠳᠤᠯᠭ᠎ᠠ ᠵᠢᠨ ᠲᠠᠢ᠌ᠯᠤᠮᠵᠢ (ᠬᠣᠶᠠᠷ)
ᠵᠢᠷᠤᠭ ᠵᠶ᠋ᠠᠷ ᠦᠭᠦᠯᠡᠬᠦᠢ ᠄ 2020 ᠤᠨ᠎ᠤ ᠤᠯᠠᠭ᠋ᠠᠨᠮᠦ᠋ᠴᠢᠷ᠎ᠤᠨ ᠠᠵᠢᠯ᠎ᠤᠨ ᠲᠦᠰᠦᠯ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠢᠰᠲᠸᠮ᠎ᠤᠨ ᠮᠤᠩᠭᠤᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶᠡᠨ᠎ᠤ ᠴᠤᠭᠯᠠᠷᠠᠯ
 
            