2024 ᠣᠨ᠎ᠤ 12 ᠳ᠋ᠤᠭ᠋ᠠᠷ ᠰᠠᠷ᠎ᠠ ᠵᠢᠨ 25᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠠᠤᠯᠢ ᠬᠡᠷᠡᠭᠵᠢᠭᠦᠯᠬᠦ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ》 (ᠦᠪᠦᠷ ᠰᠣᠶᠣᠯ ᠵᠢᠭᠤᠯᠴᠢᠯᠠᠯ ᠠᠯᠪᠠᠨ ᠦᠰᠦᠭ[2024]486 ᠳ᠋ᠤᠭ᠋ᠠᠷ ᠲᠣᠭ᠋ᠠᠲᠤ) (ᠳᠣᠷᠣᠭᠰᠢ 《ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ) ᠭᠡᠵᠦ ᠳᠥᠭᠥᠮᠴᠢᠯᠡᠨ᠎ᠡ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠩᠬ᠎ᠠ ᠤᠳᠠᠭ᠎ᠠ ᠬᠠᠤᠯᠢ ᠵᠥᠷᠢᠴᠡᠭᠰᠡᠨ ᠦᠷ᠎ᠡ ᠳ᠋ᠦᠩ ᠵᠶ᠋ᠡᠷ ᠬᠥᠩᠭᠡᠨ ᠦᠢᠯᠡ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠭᠡᠯ ᠥᠯᠥ ᠥᠭᠬᠦ ᠨᠠᠷᠢᠨ ᠲᠠᠩᠰᠠ》 (ᠥᠪᠥᠷ ᠰᠣᠶᠣᠯ ᠵᠢᠭᠤᠯᠴᠢᠯᠠᠯ ᠠᠯᠪᠠᠨ ᠥᠰᠥᠭ [2024] 486 ᠳ᠋ᠤᠭ᠋ᠠᠷ ᠲᠣᠭ᠋ᠠᠲᠤ) (ᠳᠣᠷᠣᠭᠰᠢ 《ᠵᠠᠰᠠᠭ ᠵᠠᠬᠢᠷᠭ᠋ᠠᠨ᠎ᠤ ᠰᠢᠢ᠍ᠳᠭᠡᠯ ᠥᠯᠥ ᠥᠭᠬᠦ ᠨᠠᠷᠢᠨ ᠲᠠᠩᠰᠠ》 ᠭᠡᠵᠦ ᠲᠣᠪᠴᠢᠯᠠᠨ᠎ᠠ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠠᠤᠯᠢ ᠬᠡᠷᠡᠭᠵᠢᠭᠦᠯᠬᠦ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢ ᠬᠡᠷᠡᠭᠯᠡᠬᠦ ᠳᠦᠷᠢᠮ》 (ᠥᠪᠥᠷ ᠰᠣᠶᠣᠯ ᠵᠢᠭᠤᠯᠴᠢᠯᠠᠯ ᠠᠯᠪᠠᠨ ᠥᠰᠥᠭ [2024] 486 ᠳ᠋ᠤᠭ᠋ᠠᠷ ᠲᠣᠭ᠋ᠠᠲᠤ) (ᠳᠣᠷᠣᠭᠰᠢ 《ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢ ᠬᠡᠷᠡᠭᠯᠡᠬᠦ ᠳᠦᠷᠢᠮ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠪᠠᠷᠢᠮᠵᠢᠶ᠎ᠠ ᠵᠢ ᠲᠣᠳᠣᠷᠬᠠᠢ᠌ᠯᠠᠵᠤ᠂ ᠬᠠᠤᠯᠢ ᠬᠡᠷᠡᠭᠵᠢᠭᠦᠯᠬᠦ ᠠᠵᠢᠯᠲᠠᠨ᠎ᠤ ᠴᠢᠯᠦᠭᠡᠲᠡᠢ ᠲᠠᠰᠤᠯᠬᠤ ᠡᠷᠬᠡ ᠵᠢ ᠵᠦᠢ ᠵᠣᠬᠢᠰᠲᠠᠢ ᠵᠠᠭ᠋ᠠᠭᠯᠠᠨ ᠲᠣᠭᠲᠠᠭ᠋ᠠᠵᠤ᠂ ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠢ᠌ᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠡᠳᠦᠭᠡ ᠳᠣᠣᠷᠠᠬᠢ ᠮᠡᠲᠦ ᠲᠠᠢ᠌ᠯᠤᠮᠵᠢ ᠬᠢᠶ᠎ᠡ᠄
ᠨᠢᠭᠡ᠂ ᠪᠢᠴᠢᠭ ᠮᠠᠲ᠋ᠧᠷᠢᠶᠠᠯ᠎ᠢ ᠨᠡᠢ᠌ᠲᠡᠯᠡᠭᠰᠡᠨ ᠠᠬᠤᠢ ᠪᠠᠢ᠌ᠳᠠᠯ
ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠤᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢᠨ ᠬᠡᠷᠡᠭᠵᠢᠭᠦᠯᠦᠯᠲᠡ ᠵᠢ ᠤᠯᠠᠮ ᠨᠢᠭᠡ ᠠᠯᠬᠤᠮ ᠲᠦᠷᠢᠮᠵᠢᠭᠦᠯᠵᠦ᠂ ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠢ᠌ᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠤᠰᠠᠳᠠ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠠᠤᠯᠢ》 ᠵᠢᠴᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ 《ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠠᠷᠭ᠎ᠠ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ》 ᠵᠢ ᠲᠤᠭᠲᠠᠭ᠋ᠠᠪᠠ᠃
2017 ᠣᠨ᠎ᠳᠤ᠂ ᠤᠤᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ》 (ᠥᠪᠥᠷ ᠰᠣᠶᠣᠯ ᠥᠰᠥᠭ [2017] 138 ᠳ᠋ᠤᠭ᠋ᠠᠷ ᠲᠣᠭ᠋ᠠᠲᠤ) ᠵᠢ ᠳᠠᠷᠤᠮᠠᠯᠯᠠᠨ ᠲᠠᠷᠬᠠᠭ᠋ᠠᠵᠤ᠂ ᠪᠥᠬᠥ ᠣᠷᠣᠨ᠎ᠤ ᠰᠣᠶᠣᠯ᠎ᠤᠨ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠳᠤ ᠢᠳᠡᠪᠬᠢᠲᠡᠢ ᠠᠬᠢᠭᠤᠯᠬᠤ ᠦᠢ᠍ᠯᠡᠳᠦᠯ ᠦᠵᠡᠭᠦᠯᠪᠡ᠃ ᠣᠳᠣᠬᠠᠨ᠎ᠳᠤ᠂ ᠲᠣᠰ ᠦᠨᠳᠦᠰᠦᠨ ᠪᠠᠷᠢᠮᠵᠢᠶ᠎ᠠ᠎ᠨᠢ ᠨᠢᠭᠡᠨᠲᠡ ᠠᠵᠢᠯ᠎ᠤᠨ ᠪᠠᠢ᠌ᠳᠠᠯ᠎ᠳᠤ ᠵᠣᠬᠢᠴᠠᠬᠤ ᠦᠭᠡᠢ ᠪᠣᠯᠵᠠᠢ᠂ ᠨᠢᠭᠡ᠎ᠳᠤ᠂ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ᠎ᠳᠤ ᠬᠤᠪᠢᠷᠠᠯᠲᠠ ᠭᠠᠷᠴᠠᠢ᠃ 2017 ᠣᠨ ᠠᠴᠠ ᠨᠠᠭ᠋ᠠᠰᠢ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠢ ᠬᠦᠴᠦᠨ ᠦᠭᠡᠢ ᠪᠤᠯᠭ᠋ᠠᠭᠰᠠᠨ ᠪᠤᠶᠤ ᠵᠠᠰᠠᠪᠤᠷᠢ ᠤᠷᠤᠭᠤᠯᠪᠠ; ᠬᠣᠶᠠᠷ᠎ᠲᠤ᠂ 2019 ᠣᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠳᠠᠷᠠᠭ᠎ᠠ᠂ ᠰᠢᠨ᠎ᠡ᠎ᠪᠠᠷ ᠨᠡᠮᠡᠭᠳᠡᠭᠰᠡᠨ ᠵᠢᠭᠤᠯᠴᠢᠯᠠᠯ᠎ᠤᠨ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠢᠯᠡᠷᠡᠭᠦᠯᠵᠦ ᠴᠢᠳᠠᠬᠤ ᠦᠭᠡᠢ ᠪᠤᠯᠪᠠ᠃ ᠡᠢ᠌ᠮᠦ᠎ᠠᠴᠠ 《ᠵᠠᠰᠠᠭ ᠵᠠᠬᠢᠷᠭ᠋ᠠᠨ᠎ᠤ ᠰᠢᠢ᠍ᠳᠭᠡᠯ ᠲᠤᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ》 ᠵᠢ ᠰᠢᠨ᠎ᠡ᠎ᠪᠠᠷ ᠲᠣᠭᠲᠠᠭ᠋ᠠᠬᠤ ᠶᠠᠪᠤᠳᠠᠯ ᠪᠠᠴᠢᠮ ᠱᠠᠭ᠋ᠠᠷᠳᠠᠭᠳᠠᠵᠤ ᠪᠠᠢ᠌ᠨ᠎ᠠ᠃ ᠣᠯᠠᠨ ᠤᠳᠠᠭ᠎ᠠ ᠵᠠᠰᠠᠪᠤᠷᠢ ᠣᠷᠣᠭᠤᠯᠬᠤ᠎ᠪᠠᠷ ᠳᠡᠮᠵᠢᠨ᠂ ᠪᠢᠳᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ》 ᠵᠢ ᠰᠢᠨ᠎ᠡ᠎ᠪᠠᠷ ᠲᠣᠭᠲᠠᠭ᠋ᠠᠭᠰᠠᠨ ᠪᠥᠭᠡᠳ 《ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢ ᠬᠡᠷᠡᠭᠯᠡᠬᠦ ᠳᠦᠷᠢᠮ》᠎ᠢ ᠰᠢᠨ᠎ᠡ᠎ᠪᠠᠷ ᠲᠣᠭᠲᠠᠭ᠋ᠠᠪᠠ᠃
ᠨᠠᠩ ᠵᠢᠷᠤᠮᠵᠢᠭᠤᠨ᠂ ᠡᠮᠬᠢ ᠵᠢᠷᠤᠮ᠎ᠲᠠᠢ ᠪᠥᠭᠡᠳ ᠪᠠᠭᠲᠠᠭ᠋ᠠᠮᠵᠢᠲᠠᠢ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠮᠢ ᠠᠬᠤᠢ ᠵᠢ ᠴᠣᠭᠴᠠᠯᠠᠨ ᠪᠠᠢ᠌ᠭᠤᠯᠵᠤ᠂ ᠤᠶᠠᠨ ᠵᠥᠭᠡᠯᠡᠨ ᠬᠠᠤᠯᠢ ᠬᠡᠷᠡᠭᠵᠢᠭᠦᠯᠬᠦ ᠣᠨᠣᠯᠵᠢᠬᠤᠨ᠎ᠢ ᠦᠷᠭᠦᠯᠵᠢᠯᠡᠨ ᠠᠬᠢᠭᠤᠯᠬᠤ ᠵᠢᠨ ᠲᠤᠰᠠᠳᠠ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠩᠬ᠎ᠠ ᠤᠳᠠᠭ᠎ᠠ ᠬᠠᠤᠯᠢ ᠠᠴᠠ ᠵᠥᠷᠢᠴᠡᠭᠰᠡᠨ ᠦᠷ᠎ᠡ ᠳ᠋ᠦᠩ ᠵᠶ᠋ᠡᠷ ᠬᠦᠩᠭᠡᠪᠲᠦᠷ ᠦᠢᠯᠡ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠭᠡᠯ ᠥᠯᠥ ᠦᠭᠬᠦ ᠨᠠᠷᠢᠨ ᠲᠠᠩᠰᠠ》 ᠵᠢ ᠲᠣᠭᠲᠠᠭ᠋ᠠᠪᠠ᠃