ᠣᠢ᠌ᠷ᠎ᠠ᠎ᠳᠤ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ 《ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠨᠠᠷᠢᠨ ᠳᠦᠷᠢᠮ》 (ᠳᠣᠷᠣᠭᠰᠢ 《ᠨᠠᠷᠢᠨ ᠳᠦᠷᠢᠮ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ 《ᠨᠠᠷᠢᠨ ᠳᠦᠷᠢᠮ》᠎ᠢ ᠨᠠᠩ ᠰᠠᠢ᠌ᠨ ᠣᠢ᠌ᠯᠠᠭ᠋ᠠᠬᠤ ᠪᠠ ᠬᠡᠷᠡᠭᠵᠢᠭᠦᠯᠬᠦ ᠵᠢᠨ ᠲᠥᠯᠥᠭᠡ᠂ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠠᠭᠤᠯᠭ᠎ᠠ ᠵᠢᠨ ᠲᠤᠬᠠᠢ ᠳᠣᠣᠷᠠᠬᠢ ᠮᠡᠲᠦ ᠲᠠᠢ᠌ᠯᠤᠮᠵᠢ ᠬᠢᠪᠡ᠄
ᠨᠢᠭᠡ᠂ 《ᠨᠠᠷᠢᠨ ᠳᠦᠷᠢᠮ》᠎ᠢ ᠲᠣᠭᠲᠠᠭ᠋ᠠᠵᠤ ᠨᠡᠢ᠌ᠲᠡᠯᠡᠭᠰᠡᠨ᠎ᠤ ᠠᠬᠤᠢ ᠪᠠᠢ᠌ᠳᠠᠯ ᠪᠠ ᠵᠣᠷᠢᠯᠭ᠎ᠠ᠎ᠨᠢ ᠶᠠᠭᠤ ᠪᠤᠶ?
2023 ᠣᠨ᠎ᠳᠤ᠂ ᠰᠣᠶᠣᠯ ᠪᠠ ᠵᠢᠭᠤᠯᠴᠢᠯᠠᠯ᠎ᠤᠨ ᠶᠠᠮᠤᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ 《ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ) ᠵᠢ ᠨᠡᠢ᠌ᠲᠡᠯᠡᠵᠦ᠂ ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠢ ᠵᠢᠷᠤᠮᠵᠢᠭᠤᠯᠬᠤ᠂ ᠠᠵᠢᠯ ᠲᠥᠷᠥᠯ᠎ᠤᠨ ᠪᠠᠷᠢᠮᠵᠢᠶᠠᠵᠢᠭᠤᠯᠤᠯᠲᠠ ᠵᠢᠨ ᠪᠠᠢ᠌ᠭᠤᠯᠤᠯᠲᠠ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠪᠡ᠃ 《ᠬᠠᠮᠢᠶᠠᠷᠤᠯᠲᠠ ᠵᠢᠨ ᠠᠷᠭ᠎ᠠ》 ᠵᠢᠨ ᠬᠡᠷᠡᠭᠵᠢᠭᠦᠯᠦᠯᠲᠡ ᠵᠢ ᠠᠬᠢᠭᠤᠯᠬᠤ ᠵᠢᠨ ᠲᠥᠯᠥᠭᠡ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠠᠷᠢᠮᠵᠢᠶᠠᠵᠢᠭᠤᠯᠤᠯᠲᠠ ᠵᠢᠨ ᠬᠠᠤᠯᠢ》 《ᠤᠯᠤᠰ᠎ᠤᠨ ᠪᠠᠷᠢᠮᠵᠢᠶᠠᠵᠢᠭᠤᠯᠤᠯᠲᠠ ᠵᠢᠨ ᠬᠥᠭᠵᠢᠯᠲᠡ ᠵᠢᠨ ᠬᠥᠲᠥᠯᠪᠦᠷᠢ》 ᠵᠢᠴᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠢᠵᠢ ᠪᠦᠷᠢᠳᠦᠭᠰᠡᠨ 《ᠨᠠᠷᠢᠨ ᠳᠦᠷᠢᠮ》᠎ᠢ ᠤᠯᠠᠮ ᠨᠢᠭᠡ ᠠᠯᠬᠤᠮ ᠲᠣᠭᠲᠠᠭ᠋ᠠᠵᠤ᠂ 《ᠬᠠᠮᠢᠶᠠᠷᠤᠯᠲᠠ ᠵᠢᠨ ᠠᠷᠭ᠎ᠠ》 ᠵᠢᠨ ᠬᠠᠮᠢᠶ᠎ᠠ ᠪᠦᠬᠦᠢ ᠲᠣᠭᠲᠠᠭ᠋ᠠᠯ᠎ᠢ ᠨᠠᠷᠢᠯᠢᠭᠵᠢᠭᠤᠯᠵᠤ᠂ ᠪᠣᠳᠠᠲᠠᠢ ᠠᠵᠢᠯ ᠪᠠ ᠪᠣᠳᠠᠲᠠᠢ ᠠᠵᠢᠯᠯᠠᠭ᠋ᠠᠨ᠎ᠳᠤ ᠦᠨᠳᠦᠰᠦᠯᠡᠯ ᠬᠠᠩᠭ᠋ᠠᠭᠰᠠᠨ ᠪᠠᠢ᠌ᠨ᠎ᠠ᠃ 《ᠨᠠᠷᠢᠨ ᠳᠦᠷᠢᠮ》᠎ᠢ ᠨᠡᠢ᠌ᠲᠡᠯᠡᠭᠰᠡᠨ᠎ᠨᠢ ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠠᠵᠢᠯ ᠲᠥᠷᠥᠯ᠎ᠤᠨ ᠪᠠᠷᠢᠮᠵᠢᠶᠠᠵᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠬᠠᠮᠢᠶᠠᠷᠤᠯᠲᠠ ᠪᠠ ᠦᠢ᠍ᠯᠡᠴᠢᠯᠡᠭᠡ ᠵᠢᠨ ᠳᠡᠭᠡᠭᠰᠢᠯᠡᠯᠲᠡ᠎ᠳᠤ ᠬᠦᠴᠦᠨ ᠨᠡᠮᠡᠷᠢᠯᠡᠵᠦ᠂ ᠰᠣᠶᠣᠯ ᠪᠠ ᠵᠢᠭᠤᠯᠴᠢᠯᠠᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠲᠤᠯᠭ᠋ᠠᠭᠤᠷᠢᠯᠠᠯ ᠪᠠ ᠪᠠᠲᠤᠯᠠᠭ᠎ᠠ ᠬᠠᠩᠭ᠋ᠠᠬᠤ ᠪᠣᠯᠣᠨ᠎ᠠ᠃
ᠬᠣᠶᠠᠷ᠂ 《ᠨᠠᠷᠢᠨ ᠳᠦᠷᠢᠮ》 ᠪᠣᠯᠣᠨ 《ᠬᠠᠮᠢᠶᠠᠷᠤᠯᠲᠠ ᠵᠢᠨ ᠠᠷᠭ᠎ᠠ》 ᠵᠢᠨ ᠬᠠᠷᠢᠴᠠᠭ᠎ᠠ ᠪᠠ ᠢᠯᠭ᠋ᠠᠭ᠎ᠠ᠎ᠨᠢ ᠶᠠᠭᠤ ᠪᠤᠢ?
《ᠨᠠᠷᠢᠨ ᠳᠦᠷᠢᠮ》 ᠪᠣᠯ 《ᠬᠠᠮᠢᠶᠠᠷᠤᠯᠲᠠ ᠵᠢᠨ ᠠᠷᠭ᠎ᠠ》 ᠵᠢᠨ ᠢᠵᠢ ᠪᠦᠷᠢᠳᠦᠭᠰᠡᠨ ᠪᠢᠴᠢᠭ ᠮᠠᠲ᠋ᠧᠷᠢᠶᠠᠯ ᠪᠣᠯᠣᠨ᠎ᠠ᠃ 《ᠬᠠᠮᠢᠶᠠᠷᠤᠯᠲᠠ ᠵᠢᠨ ᠠᠷᠭ᠎ᠠ》᠎ᠳᠤ ᠭᠣᠣᠯᠳᠠᠭᠤ ᠪᠠᠷᠢᠮᠵᠢᠶᠠᠵᠢᠭᠤᠯᠬᠤ ᠠᠵᠢᠯ᠎ᠤᠨ ᠵᠠᠷᠴᠢᠮ᠂ ᠪᠠᠢ᠌ᠭᠤᠯᠤᠮᠵᠢ ᠵᠢᠨ ᠲᠤᠰᠢᠶᠠᠯ ᠬᠠᠷᠢᠭᠤᠴᠠᠯᠭ᠎ᠠ᠂ ᠬᠠᠮᠢᠶᠠᠷᠤᠯᠲᠠ ᠵᠢᠨ ᠱᠠᠭ᠋ᠠᠷᠳᠠᠯᠭ᠎ᠠ ᠪᠠ ᠭᠣᠣᠯ ᠵᠢᠷᠤᠮ᠎ᠢ ᠲᠣᠭᠲᠠᠭ᠋ᠠᠵᠤ᠂ ᠰᠠᠭᠤᠷᠢᠯᠠᠬᠤ ᠴᠢᠨᠠᠷ᠂ ᠵᠠᠷᠴᠢᠮᠲᠤ ᠴᠢᠨᠠᠷ᠎ᠢ ᠲᠤᠪᠤᠢ᠍ᠢ᠍ᠯᠭ᠋ᠠᠪᠠ᠃ ᠭᠡᠬᠦ᠎ᠳᠤ᠎ᠪᠠᠨ 《ᠨᠠᠷᠢᠨ ᠳᠦᠷᠢᠮ》᠎ᠳᠤ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠬᠣᠯᠪᠣᠭᠳᠠᠯ ᠪᠦᠬᠦᠢ ᠪᠣᠳᠠᠲᠠᠢ ᠶᠠᠪᠤᠴᠠ ᠪᠠ ᠠᠵᠢᠯᠯᠠᠭ᠋ᠠᠨ᠎ᠤ ᠱᠠᠭ᠋ᠠᠷᠳᠠᠯᠭ᠎ᠠ ᠵᠢ ᠰᠢᠰᠲ᠋ᠧᠮ᠎ᠲᠠᠢ ᠲᠣᠳᠣᠷᠬᠠᠢ᠌ᠯᠠᠵᠤ᠂ ᠨᠠᠩ ᠢᠯᠡᠭᠦᠦ ᠵᠢᠯᠤᠭᠣᠳᠬᠤ ᠴᠢᠨᠠᠷ᠂ ᠪᠣᠳᠠᠲᠤ ᠠᠵᠢᠯᠯᠠᠭ᠋ᠠᠨ᠎ᠤ ᠴᠢᠨᠠᠷᠲᠠᠢ ᠪᠣᠯᠭ᠋ᠠᠵᠠᠢ᠃
ᠭᠤᠷᠪᠠ᠂ 《ᠨᠠᠷᠢᠨ ᠳᠦᠷᠢᠮ》᠎ᠤᠨ ᠭᠣᠣᠯ ᠠᠭᠤᠯᠭ᠎ᠠ᠎ᠨᠢ ᠶᠠᠭᠤ ᠪᠤᠢ?
《ᠨᠠᠷᠢᠨ ᠳᠦᠷᠢᠮ》᠎ᠳᠤ 6 ᠪᠦᠯᠦᠭ 41 ᠵᠦᠢ᠍ᠯ ᠪᠣᠶ᠂ ᠡᠭᠦᠨ᠎ᠳᠤ᠄ 1 — 3 ᠳ᠋ᠤᠭ᠋ᠠᠷ ᠪᠦᠯᠦᠭ᠎ᠲᠤ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠳᠠᠯᠢ ᠪᠤᠰᠤ ᠲᠥᠷᠥᠯ ᠬᠡᠯᠪᠡᠷᠢ ᠵᠢᠨ ᠪᠠᠷᠢᠮᠵᠢᠶ᠎ᠠ ᠵᠢᠨ ᠬᠠᠮᠢᠶᠠᠷᠤᠯᠲᠠ ᠵᠢᠨ ᠡᠭᠦᠷᠭᠡ ᠴᠢᠳᠠᠪᠤᠷᠢ ᠵᠢ ᠦᠨᠳᠦᠰᠦᠯᠡᠨ᠂ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ ᠵᠢᠨ ᠠᠵᠢᠯ᠎ᠤᠨ ᠶᠠᠪᠤᠴᠠ ᠵᠢᠴᠢ ᠣᠷᠣᠨ ᠨᠤᠲᠤᠭ᠎ᠤᠨ ᠪᠠᠷᠢᠮᠵᠢᠶ᠎ᠠ᠂ ᠪᠦᠯᠬᠦᠮ᠎ᠤᠨ ᠪᠠᠷᠢᠮᠵᠢᠶ᠎ᠠ ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠪᠣᠳᠠᠲᠠᠢ ᠲᠣᠭᠲᠠᠭ᠋ᠠᠪᠠ; 4 ᠳ᠋ᠤᠭᠡᠷ ᠪᠦᠯᠦᠭ᠎ᠲᠤ᠂ ᠪᠠᠷᠢᠮᠵᠢᠶ᠎ᠠ ᠵᠢ ᠤᠯᠠᠨ ᠤᠯᠤᠰᠴᠢᠯᠠᠬᠤ ᠠᠵᠢᠯ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠲᠣᠳᠣᠷᠬᠠᠢ᠌ᠯᠠᠪᠠ; 5 ᠪᠦᠯᠦᠭ᠎ᠲᠤ᠂ ᠪᠠᠷᠢᠮᠵᠢᠶ᠎ᠠ ᠵᠢ ᠤᠬᠠᠭᠤᠯᠬᠤ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠠᠵᠢᠯ᠎ᠢ ᠴᠢᠬᠤᠯᠠᠴᠢᠯᠠᠪᠠ; 6 ᠳ᠋ᠤᠭ᠋ᠠᠷ ᠪᠦᠯᠦᠭ᠎ᠲᠤ᠂ ᠪᠥᠬᠥ ᠤᠯᠤᠰ᠎ᠤᠨ ᠲᠤᠰᠬᠠᠢ ᠮᠡᠷᠭᠡᠵᠢᠯ᠎ᠤᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠨᠠᠷᠢᠯᠢᠭᠵᠢᠭᠤᠯᠪᠠ᠃ 《ᠨᠠᠷᠢᠨ ᠳᠦᠷᠢᠮ》᠎ᠤᠨ ᠳᠠᠭ᠋ᠠᠯᠳᠤᠭᠤᠯᠤᠯ᠎ᠳᠤ ᠭᠣᠣᠯᠳᠠᠭᠤ ᠪᠠᠷᠢᠮᠵᠢᠶ᠎ᠠ ᠵᠢ ᠲᠣᠭᠲᠠᠭ᠋ᠠᠬᠤ ᠬᠠᠮᠢᠶ᠎ᠠ ᠪᠦᠬᠦᠢ ᠴᠤᠪᠤᠷᠠᠯ᠂ ᠮᠠᠲ᠋ᠧᠷᠢᠶᠠᠯ ᠵᠢᠴᠢ ᠪᠢᠴᠢᠭ ᠮᠠᠲ᠋ᠧᠷᠢᠶᠠᠯ᠎ᠤᠨ ᠵᠠᠭᠪᠤᠷ᠎ᠢ ᠲᠣᠳᠣᠷᠬᠠᠢ᠌ᠯᠠᠪᠠ᠃
ᠳᠥᠷᠪᠡ᠂ 《ᠨᠠᠷᠢᠨ ᠳᠦᠷᠢᠮ》᠎ᠤᠨ ᠳᠦᠷᠢᠮᠵᠢᠯᠲᠦ ᠴᠢᠨᠠᠷ ᠪᠠ ᠬᠡᠷᠡᠭᠵᠢᠭᠦᠯᠵᠦ ᠪᠣᠯᠬᠤᠢ᠌ᠴᠠ ᠴᠢᠨᠠᠷ᠎ᠢ ᠬᠡᠷᠬᠢᠨ ᠪᠠᠲᠤᠯᠠᠬᠤ ᠪᠤᠢ?
ᠨᠢᠭᠡ᠎ᠳᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ 《ᠤᠯᠤᠰ᠎ᠤᠨ ᠪᠠᠷᠢᠮᠵᠢᠶᠠᠵᠢᠭᠤᠯᠤᠨ ᠬᠥᠭᠵᠢᠭᠦᠯᠬᠦ ᠲᠣᠪᠴᠢ》 ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠠᠷᠢᠮᠵᠢᠶᠠᠵᠢᠭᠤᠯᠤᠯᠲᠠ ᠵᠢᠨ ᠬᠠᠤᠯᠢ》 ᠵᠢᠴᠢ ᠤᠯᠤᠰ᠎ᠤᠨ ᠪᠠᠷᠢᠮᠵᠢᠶᠠᠵᠢᠭᠤᠯᠤᠯᠲᠠ ᠵᠢᠨ ᠺᠣᠮᠢᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ 《ᠨᠠᠷᠢᠨ ᠳᠦᠷᠢᠮ》᠎ᠢ ᠲᠣᠭᠲᠠᠭ᠋ᠠᠪᠠ᠂ ᠡᠨᠡ᠎ᠨᠢ ᠬᠠᠮᠤᠭ᠎ᠤᠨ ᠰᠢᠨ᠎ᠡ ᠲᠦᠷᠦ ᠵᠢᠨ ᠪᠣᠳᠣᠯᠭ᠎ᠠ ᠵᠢᠨ ᠵᠣᠷᠢᠭ ᠰᠠᠨᠠᠭ᠎ᠠ ᠪᠠ ᠬᠠᠮᠢᠶᠠᠷᠤᠯᠲᠠ ᠵᠢᠨ ᠲᠣᠭᠲᠠᠭ᠋ᠠᠯ᠎ᠳᠤ ᠨᠡᠢ᠌ᠴᠡᠵᠦ ᠪᠠᠢ᠌ᠨ᠎ᠠ᠃
ᠬᠣᠶᠠᠷ᠎ᠲᠤ᠂ ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠬᠠᠮᠢᠶ᠎ᠠ ᠪᠦᠬᠦᠢ ᠨᠢᠭᠡᠴᠢ ᠪᠠ ᠪᠥᠬᠥ ᠤᠯᠤᠰ᠎ᠤᠨ ᠲᠤᠰᠬᠠᠢ ᠮᠡᠷᠭᠡᠵᠢᠯ᠎ᠤᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠰᠠᠨᠠᠯ᠎ᠢ ᠭᠦᠢ᠍ᠴᠡᠳ ᠬᠤᠷᠢᠶᠠᠭᠰᠠᠨ ᠰᠠᠭᠤᠷᠢᠨ ᠳᠡᠭᠡᠷ᠎ᠡ᠂ ᠪᠣᠳᠠᠲᠠᠢ ᠴᠤᠪᠤᠷᠠᠯ᠂ ᠲᠤᠰᠢᠶᠠᠬᠤ ᠮᠠᠲ᠋ᠧᠷᠢᠶᠠᠯ ᠵᠡᠷᠭᠡ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠰᠢᠰᠲ᠋ᠧᠮ᠎ᠲᠠᠢ ᠡᠮᠬᠢᠯᠡᠨ ᠳᠢᠭᠯᠡᠵᠦ᠂ ᠵᠦᠢ᠍ᠯ ᠳᠠᠷᠠᠭ᠋ᠠᠯᠠᠨ ᠲᠣᠳᠣᠷᠬᠠᠢ᠌ᠯᠠᠵᠤ᠂ 《ᠨᠠᠷᠢᠨ ᠳᠦᠷᠢᠮ》᠎ᠢ ᠠᠵᠢᠯ᠎ᠤᠨ ᠬᠡᠷᠡᠭᠴᠡᠭᠡ᠎ᠳᠤ ᠨᠡᠢ᠌ᠴᠡᠭᠦᠯᠪᠡ᠃ ᠢᠯᠠᠩᠭᠤᠶ᠎ᠠ ᠪᠠᠷᠢᠮᠵᠢᠶ᠎ᠠ ᠲᠣᠭᠲᠠᠭ᠋ᠠᠬᠤ ᠶᠠᠪᠤᠴᠠ ᠵᠢ ᠰᠢᠯᠢᠳᠡᠭᠵᠢᠭᠦᠯᠵᠦ᠂ ᠠᠵᠤ ᠠᠬᠤᠢ᠌ᠯᠠᠯ᠂ ᠬᠡᠷᠡᠭᠯᠡᠭᠴᠢᠳ ᠵᠡᠷᠭᠡ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠤ ᠪᠠᠷᠢᠮᠵᠢᠶ᠎ᠠ ᠵᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ᠎ᠳᠤ ᠣᠷᠣᠯᠴᠠᠬᠤ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠭᠦᠯᠵᠦ᠂ ᠵᠠᠬ᠎ᠠ ᠳᠡᠯᠭᠡᠭᠦᠷ ᠵᠶ᠋ᠡᠷ ᠬᠥᠳᠡᠯᠭᠡᠭᠦᠷ ᠪᠣᠯᠭ᠋ᠠᠬᠤ᠂ ᠵᠠᠰᠠᠭ᠎ᠤᠨ ᠣᠷᠳᠣᠨ ᠬᠥᠲᠥᠯᠥᠨ ᠵᠢᠯᠤᠭᠣᠳᠬᠤ᠂ ᠠᠵᠤ ᠠᠬᠤᠢ᠌ᠯᠠᠯ ᠵᠶ᠋ᠠᠷ ᠭᠣᠣᠯ ᠪᠣᠯᠭ᠋ᠠᠬᠤ᠂ ᠨᠡᠢ᠌ᠭᠡᠮ᠎ᠤᠨ᠎ᠬᠢᠨ ᠣᠷᠣᠯᠴᠠᠬᠤ᠂ ᠨᠡᠭᠡᠭᠡᠯᠲᠡ ᠬᠢᠵᠦ ᠠᠭᠤᠰᠤᠯᠴᠠᠭᠤᠯᠬᠤ ᠪᠠᠷᠢᠮᠵᠢᠶᠠᠵᠢᠭᠤᠯᠬᠤ ᠠᠵᠢᠯ᠎ᠤᠨ ᠪᠠᠢ᠌ᠷᠢᠰᠢᠯ᠎ᠢ ᠪᠦᠷᠢᠯᠳᠦᠭᠦᠯᠬᠦ᠎ᠳᠤ ᠲᠤᠰᠠᠲᠠᠢ ᠶᠤᠮ᠃
ᠭᠤᠷᠪᠠ᠎ᠳᠤ᠂ ᠠᠵᠢᠯ᠎ᠤᠨ ᠴᠤᠪᠤᠷᠠᠯ ᠵᠢᠷᠤᠭ᠂ ᠮᠠᠲ᠋ᠧᠷᠢᠶᠠᠯ᠎ᠤᠨ ᠭᠠᠷᠴᠠᠭ ᠵᠡᠷᠭᠡ ᠵᠢᠷᠤᠭ ᠬᠦᠰᠦᠨᠦᠭᠲᠦ ᠵᠢᠨ ᠮᠠᠲ᠋ᠧᠷᠢᠶᠠᠯ᠎ᠢ ᠲᠣᠭᠲᠠᠭ᠋ᠠᠬᠤ ᠵᠢᠨ ᠬᠠᠮᠲᠤ ᠤᠯᠤᠰ᠎ᠤᠨ ᠪᠠᠷᠢᠮᠵᠢᠶ᠎ᠠ ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ᠎ᠪᠠᠷ ᠯᠠᠪᠯᠠᠯᠲᠠ ᠪᠣᠯᠭ᠋ᠠᠨ ᠠᠵᠢᠯ ᠲᠦᠷᠦᠯ᠎ᠤᠨ ᠪᠠᠷᠢᠮᠵᠢᠶ᠎ᠠ ᠵᠢᠨ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠬᠡᠪ ᠵᠠᠭᠪᠤᠷ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠳᠠᠲᠠᠢ ᠠᠵᠢᠯᠯᠠᠬᠤ᠎ᠳᠤ ᠪᠦᠬᠦ ᠲᠠᠯ᠎ᠠ ᠵᠢᠨ ᠪᠥᠭᠡᠳ ᠲᠣᠳᠣᠷᠬᠠᠢ᠂ ᠬᠡᠷᠡᠭᠯᠡᠬᠦ᠎ᠳᠤ ᠳᠦᠭᠦᠮ ᠵᠦᠭᠯᠡᠭᠦᠷ ᠬᠠᠩᠭ᠋ᠠᠪᠠ᠃