《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠎ᠠ ᠵᠢᠨ ᠲᠥᠰᠥᠯ》 (ᠳᠣᠷᠣᠭᠰᠢ 《ᠲᠥᠰᠥᠯ》 ᠭᠡᠵᠦ ᠲᠣᠪᠴᠢᠯᠠᠨ᠎ᠠ)᠎ᠳᠤ᠂ 2 ᠬᠡᠰᠡᠭ 160 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠪᠠᠭᠲᠠᠭ᠋ᠠᠵᠤ᠂ ᠭᠣᠣᠯᠳᠠᠭᠤ ᠬᠠᠷᠠᠯᠲᠠ ᠵᠢᠨ ᠡᠭᠦᠷᠭᠡ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠬᠣᠶᠠᠷ ᠲᠠᠯ᠎ᠠ᠎ᠠᠴᠠ ᠲᠣᠳᠣᠷᠬᠠᠢ᠌ᠯᠠᠨ ᠥᠭᠦᠯᠡᠨ᠎ᠡ᠂ ᠡᠳᠦᠭᠡ ᠬᠠᠮᠢᠶ᠎ᠠ ᠪᠦᠬᠦᠢ ᠠᠭᠤᠯᠭ᠎ᠠ ᠵᠢ ᠳᠣᠣᠷᠠᠬᠢ ᠮᠡᠲᠦ ᠲᠠᠢ᠌ᠯᠪᠤᠷᠢᠯᠠᠶ᠎ᠠ᠃
ᠨᠢᠭᠡ᠂ 《ᠲᠥᠰᠥᠯ》᠎ᠢ ᠲᠣᠭᠲᠠᠭ᠋ᠠᠭᠰᠠᠨ ᠠᠬᠤᠢ ᠪᠠᠢ᠌ᠳᠠᠯ᠎ᠨᠢ ᠶᠠᠭᠤ ᠪᠤᠢ?
ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠵᠠᠬ᠎ᠠ ᠳᠡᠯᠭᠡᠭᠦᠷᠴᠢᠯᠡᠬᠦ᠂ ᠬᠠᠤᠯᠢ᠎ᠪᠠᠷ ᠵᠠᠰᠠᠬᠤ᠂ ᠳᠡᠯᠡᠬᠡᠢ᠌ᠴᠢᠯᠡᠬᠦ ᠲᠡᠷᠢᠭᠦᠨ ᠵᠡᠷᠭᠡ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠤᠢ ᠪᠣᠯᠭ᠋ᠠᠬᠤ ᠲᠠᠯ᠎ᠠ᠎ᠪᠠᠷ ᠨᠡᠩ ᠥᠨᠳᠥᠷ ᠱᠠᠭ᠋ᠠᠷᠳᠠᠯᠭ᠎ᠠ ᠳᠤᠷᠠᠳᠤᠭᠰᠠᠨ ᠪᠠᠢ᠌ᠨ᠎ᠠ᠃ ᠣᠢ᠌ᠷ᠎ᠠ ᠵᠢᠨ ᠵᠢᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠢ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ ᠵᠢ ᠬᠤᠪᠢᠷᠠᠭᠤᠯᠬᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠴᠢᠬᠤᠯᠠ ᠭᠠᠷᠳᠠᠴᠠ ᠪᠣᠯᠭ᠋ᠠᠵᠤ᠂ ᠴᠥᠬᠥᠷᠡᠰᠢ ᠦᠭᠡᠢ ᠪᠠᠷᠢᠮᠲᠠᠯᠠᠵᠤ᠂ ᠬᠦᠴᠢᠷ᠎ᠢ ᠲᠤᠭᠤᠯᠤᠨ ᠬᠦᠴᠢᠷ᠎ᠢ ᠳᠠᠪᠠᠵᠤ᠂ ᠥᠭᠡᠷᠡᠴᠢᠯᠡᠯᠲᠡ ᠵᠢ ᠭᠦᠨᠵᠡᠭᠡᠢ᠌ᠷᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠤᠷᠢᠳ ᠬᠣᠵᠢᠳ 1.0 — 3.0 ᠬᠡᠪᠯᠡᠯ᠎ᠤᠨ ᠥᠭᠡᠷᠡᠴᠢᠯᠡᠯᠲᠡ ᠵᠢᠨ ᠲᠥᠰᠥᠯ᠂ 2018 ᠣᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠠᠵᠢᠯ᠎ᠤᠨ ᠬᠡᠷᠡᠭᠵᠢᠭᠦᠯᠬᠦ ᠲᠥᠰᠥᠯ》 (1.0 ᠬᠡᠪᠯᠡᠯ᠎ᠤᠨ ᠲᠥᠰᠥᠯ)᠎ᠢ ᠨᠡᠢ᠌ᠲᠡᠯᠡᠵᠦ᠂ ᠭᠣᠣᠯᠳᠠᠭᠤ ᠳᠡᠯᠡᠬᠡᠢ ᠵᠢᠨ ᠪᠠᠩᠬᠢ ᠵᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠤ 8 ᠭᠦᠢ᠍ᠴᠡᠳᠬᠡᠯ ᠲᠣᠭ᠎ᠠ ᠵᠢᠨ ᠬᠦᠷᠢᠶᠡᠨ᠎ᠳᠤ ᠪᠠᠷᠢᠮᠵᠢᠶᠠᠯᠠᠵᠤ᠂ ᠡᠵᠡᠩᠨᠡᠯᠲᠡ ᠵᠢᠨ ᠭᠣᠣᠯ ᠴᠣᠭᠴᠠ ᠵᠢᠨ ᠠᠵᠢᠯ ᠶᠠᠪᠤᠳᠠᠯ ᠭᠦᠢ᠍ᠴᠡᠳᠬᠡᠵᠦ ᠠᠳᠠᠯ ᠦᠢ᠍ᠯᠡᠰ ᠴᠣᠭᠴᠠᠯᠠᠬᠤ ᠵᠢᠨ 《ᠳᠥᠭᠥᠮᠴᠢᠯᠡᠯᠲᠡ》 ᠵᠢᠨ ᠥᠭᠡᠷᠡᠴᠢᠯᠡᠯᠲᠡ ᠵᠢ ᠡᠬᠢᠯᠡᠭᠦᠯᠪᠡ᠃ 2020 ᠣᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠠᠵᠢᠯᠯᠠᠭ᠎ᠠ ᠵᠢᠨ ᠲᠥᠰᠥᠯ》 (2.0᠎ᠤᠨ ᠬᠡᠪ᠎ᠤᠨ ᠲᠥᠰᠥᠯ)᠎ᠳᠤ᠂ ᠭᠣᠣᠯᠳᠠᠭᠤ ᠳᠤᠮᠳᠠᠳᠤ ᠤᠯᠤᠰ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠤ ᠦᠨᠡᠯᠡᠯᠲᠡ ᠵᠢᠨ ᠰᠢᠰᠲ᠋ᠧᠮᠵᠢ ᠵᠢ ᠪᠠᠷᠢᠮᠵᠢᠶᠠᠯᠠᠵᠤ᠂ 20 ᠭᠦᠢ᠍ᠴᠡᠳᠬᠡᠯ ᠲᠣᠭ᠎ᠠ ᠵᠢᠨ ᠬᠦᠷᠢᠶ᠎ᠡ ᠪᠣᠯᠭ᠋ᠠᠨ ᠥᠷᠭᠡᠳᠬᠡᠵᠦ᠂ 《ᠳᠥᠷᠪᠡ ᠵᠢ ᠪᠠᠭ᠋ᠠᠰᠬᠠᠵᠤ ᠨᠢᠭᠡ ᠵᠢ ᠰᠢᠯᠢᠳᠡᠭᠵᠢᠭᠦᠯᠬᠦ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠠᠭ᠎ᠢ ᠪᠠᠭ᠋ᠠᠰᠬᠠᠬᠤ᠂ ᠭᠣᠭᠴᠣᠭ᠎ᠠ ᠵᠢ ᠪᠠᠭ᠋ᠠᠰᠬᠠᠬᠤ᠂ ᠥᠪᠡᠷ᠎ᠤᠨ ᠥᠷᠲᠡᠭ᠎ᠢ ᠪᠠᠭ᠋ᠠᠰᠬᠠᠬᠤ᠂ ᠭᠦᠶᠦᠯᠲᠡ ᠵᠢ ᠪᠠᠭ᠋ᠠᠰᠬᠠᠬᠤ᠂ ᠦᠢ᠍ᠯᠡᠴᠢᠯᠡᠭᠡ ᠵᠢ ᠰᠢᠯᠢᠳᠡᠭᠵᠢᠭᠦᠯᠬᠦ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ᠂ 《ᠳᠥᠭᠥᠮᠴᠢᠯᠡᠯᠲᠡ》 ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ᠃ 2022 ᠣᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠩ ᠰᠢᠯᠢᠳᠡᠭ ᠡᠵᠡᠩᠨᠡᠯᠲᠡ ᠵᠢᠨ ᠣᠷᠴᠢᠨ ᠲᠣᠭᠣᠷᠢᠨ᠎ᠤ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠭᠣᠣᠯ ᠴᠣᠭᠴᠠ᠎ᠪᠠᠷ ᠠᠵᠢᠯᠯᠠᠭ᠋ᠠᠨ᠎ᠤ ᠲᠥᠰᠥᠯ》 (3.0 ᠬᠡᠪᠯᠡᠯ᠎ᠤᠨ ᠲᠥᠰᠥᠯ)᠎ᠳᠤ ᠭᠣᠣᠯᠳᠠᠭᠤ 《ᠲᠣᠭ᠋ᠠᠴᠢᠯᠠᠭᠰᠠᠨ》 ᠥᠭᠡᠷᠡᠴᠢᠯᠡᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠥᠬᠥ ᠶᠠᠪᠤᠴᠠ ᠵᠢᠨ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ ᠪᠠ ᠦᠢ᠍ᠯᠡᠴᠢᠯᠡᠭᠡᠨ᠎ᠤ ᠣᠶᠤᠨᠴᠢᠯᠠᠭᠰᠠᠨ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠪᠡ᠃ ᠰᠢᠨ᠎ᠡ ᠪᠠᠢ᠌ᠳᠠᠯ᠂ ᠰᠢᠨ᠎ᠡ ᠡᠭᠦᠷᠭᠡ᠂ ᠰᠢᠨ᠎ᠡ ᠱᠠᠭ᠋ᠠᠷᠳᠠᠯᠭ᠎ᠠ ᠵᠢᠨ ᠡᠮᠦᠨ᠎ᠡ᠂ ᠡᠮᠦᠨᠡᠬᠢ 3 ᠨᠢᠭᠤᠷ᠎ᠤᠨ ᠥᠭᠡᠷᠡᠴᠢᠯᠡᠯᠲᠡ ᠵᠢᠨ ᠲᠥᠰᠥᠯ᠎ᠢ ᠦᠷᠭᠦᠯᠵᠢᠯᠡᠨ ᠭᠦᠨᠵᠡᠭᠡᠢ᠌ᠷᠡᠭᠦᠯᠦᠭᠰᠡᠨ ᠰᠠᠭᠤᠷᠢᠨ ᠳᠡᠭᠡᠷ᠎ᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠋ᠠᠨ᠎ᠤ ᠲᠥᠰᠥᠯ》᠎ᠢ ᠲᠣᠭᠲᠠᠭ᠋ᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠬᠤ ᠵᠢ ᠨᠠᠩ ᠢᠯᠡᠭᠦᠦ ᠴᠢᠬᠤᠯᠠᠴᠢᠯᠠᠵᠤ᠂ ᠳᠦᠷᠢᠮ᠎ᠤᠨ ᠰᠢᠨ᠎ᠡ ᠵᠢ ᠡᠭᠦᠳᠬᠦ ᠪᠠ ᠮᠡᠷᠭᠡᠵᠢᠯ ᠵᠶ᠋ᠡᠷ ᠡᠨᠧᠷᠭᠢ ᠣᠯᠭᠣᠬᠤ᠎ᠪᠠᠷ ᠳᠠᠮᠵᠢᠭᠤᠯᠤᠨ᠂ ᠦᠢ᠍ᠯᠡᠴᠢᠯᠡᠭᠡ᠂ ᠲᠣᠭ᠎ᠠ᠂ ᠬᠢᠨᠠᠯᠲᠠ ᠬᠠᠮᠢᠶᠠᠷᠤᠯᠲᠠ᠂ ᠬᠠᠤᠯᠢ᠎ᠪᠠᠷ ᠵᠠᠰᠠᠬᠤ 《ᠳᠥᠷᠪᠡᠨ ᠵᠤᠷᠪᠤᠰ》᠎ᠤᠨ ᠭᠣᠣᠯ ᠱᠤᠭᠤᠮ᠎ᠢ ᠰᠢᠯᠤᠭᠤᠳᠬᠠᠬᠤ ᠵᠢ ᠨᠠᠩ ᠢᠯᠡᠭᠦᠦ ᠴᠢᠬᠤᠯᠠᠴᠢᠯᠠᠵᠤ᠂ 《ᠳᠦᠷᠢᠮ᠎ᠤᠨ ᠰᠢᠰᠲ᠋ᠧᠮ᠎ᠤᠨ ᠴᠤᠭᠯᠠᠷᠠᠯ》 ᠪᠠ 《ᠠᠵᠤ ᠠᠬᠤᠢ᠌ᠯᠠᠯ᠎ᠤᠨ ᠨᠠᠷᠢᠯᠢᠭ ᠣᠨᠣᠴᠠᠲᠠᠢ ᠦᠢ᠍ᠯᠡᠴᠢᠯᠡᠭᠡ》 ᠵᠢ ᠨᠠᠩ ᠢᠯᠡᠭᠦᠦ ᠳᠣᠪᠣᠶ᠋ᠢᠯᠭ᠋ᠠᠭᠰᠠᠨ ᠪᠠᠢ᠌ᠨ᠎ᠠ᠃
ᠬᠣᠶᠠᠷ᠂ 《ᠲᠥᠰᠥᠯ》᠎ᠤᠨ ᠬᠠᠷᠠᠯᠲᠠ ᠡᠭᠦᠷᠭᠡ᠎ᠨᠢ ᠶᠠᠭᠤ ᠪᠤᠢ?
《ᠲᠥᠰᠥᠯ》᠎ᠳᠤ 《ᠵᠢᠷᠭᠤᠭ᠋ᠠᠨ ᠢᠨᠵᠧᠨᠧᠷᠢᠩ》 ᠪᠣᠯᠣᠨ ᠠᠵᠤ ᠠᠬᠤᠢ᠌ᠯᠠᠯ᠎ᠤᠨ ᠪᠡᠯᠡ ᠣᠷᠣᠭᠤᠯᠤᠨ ᠦᠢ᠍ᠯᠡᠳᠪᠦᠷᠢᠯᠡᠵᠦ ᠡᠵᠡᠩᠨᠡᠬᠦ᠂ ᠣᠯᠠᠨ ᠲᠦᠮᠡᠨ᠎ᠤ ᠠᠵᠢᠯ ᠶᠠᠪᠤᠳᠠᠯ ᠰᠢᠢ᠍ᠳᠪᠦᠷᠢᠯᠡᠬᠦ ᠶᠠᠪᠤᠴᠠ᠎ᠳᠠᠬᠢ ᠬᠦᠴᠢᠷ ᠲᠦᠪᠡᠭᠲᠡᠢ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠡᠯᠧᠮᠧᠨ᠋ᠲ᠎ᠤᠨ ᠪᠠᠲᠤᠯᠠᠭ᠎ᠠ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠬᠠᠤᠯᠢᠵᠢᠯ᠎ᠤᠨ ᠬᠢᠨᠠᠯᠲᠠ ᠬᠠᠮᠢᠶᠠᠷᠤᠯᠲᠠ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠰᠢᠨ᠎ᠡ ᠵᠢ ᠡᠭᠦᠳᠬᠦ ᠦᠢ᠍ᠯᠡᠰ ᠪᠣᠰᠬᠠᠬᠤ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠳᠣᠲᠣᠨᠣ ᠴᠢᠬᠡᠴᠢ ᠵᠠᠰᠠᠭ᠎ᠤᠨ ᠣᠷᠳᠣᠨ ᠬᠤᠳᠠᠯᠳᠤᠭ᠋ᠠᠨ᠎ᠤ ᠬᠠᠷᠢᠴᠠᠭ᠎ᠠ ᠵᠢ ᠪᠠᠶ᠋ᠢᠭᠤᠯᠬᠤ 5 ᠲᠠᠯ᠎ᠠ᠎ᠠᠴᠠ 160 ᠵᠦᠢ᠍ᠯ᠎ᠤᠨ ᠪᠣᠳᠠᠲᠠᠢ ᠡᠭᠦᠷᠭᠡ ᠵᠢ ᠳᠤᠷᠠᠳᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ 2024 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ 121 ᠵᠦᠢ᠍ᠯ᠎ᠤᠨ ᠪᠣᠳᠠᠲᠠᠢ ᠡᠭᠦᠷᠭᠡ ᠵᠢ ᠪᠡᠶᠡᠯᠡᠭᠦᠯᠵᠦ᠂ ᠱᠠᠲᠤᠴᠢ ᠴᠢᠨᠠᠷᠲᠠᠢ ᠦᠷ᠎ᠡ ᠪᠦᠲᠦᠮᠵᠢ ᠣᠯᠬᠤ ᠬᠡᠷᠡᠭᠲᠡᠢ; 2025 ᠣᠨ᠎ᠤ ᠵᠢᠯ᠎ᠤᠨ ᠡᠴᠦᠰ᠎ᠠᠴᠠ ᠡᠮᠦᠨ᠎ᠡ ᠪᠥᠬᠥ ᠡᠭᠦᠷᠭᠡ ᠵᠢ ᠪᠡᠶᠡᠯᠡᠭᠦᠯᠬᠦ ᠵᠢᠨ ᠬᠠᠮᠲᠤ ᠦᠷᠭᠦᠯᠵᠢᠯᠡᠨ ᠠᠬᠢᠭᠤᠯᠤᠨ᠎ᠠ᠃
(ᠨᠢᠭᠡ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠲᠠᠯ᠎ᠠ᠎ᠪᠠᠷ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 13 ᠵᠦᠢ᠍ᠯ᠎ᠤᠨ 《ᠥᠨᠳᠥᠷ ᠦᠷ᠎ᠡ ᠪᠦᠲᠦᠮᠵᠢᠲᠠᠢ᠎ᠪᠠᠷ ᠨᠢᠭᠡ ᠶᠠᠪᠤᠳᠠᠯ᠎ᠢ ᠪᠦᠲᠦᠭᠡᠬᠦ》 ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠬᠤ᠎ᠪᠠᠷ ᠬᠥᠲᠥᠯᠥᠮᠵᠢ ᠪᠣᠯᠭ᠋ᠠᠵᠤ᠂ 《ᠥᠪᠥᠷ ᠮᠣᠩᠭᠣᠯ᠎ᠤᠨ ᠲᠦᠷᠭᠡᠨ ᠬᠤᠷᠳᠤᠴᠠ ᠵᠢᠨ ᠠᠯᠪᠠᠨ ᠭᠡᠷ》᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ ᠵᠢ ᠳᠠᠬᠢᠨ ᠲᠠᠰ ᠳᠡᠪᠰᠢᠭᠦᠯᠬᠦ ᠵᠢ ᠠᠬᠢᠭᠤᠯᠬᠤ᠂ ᠲᠣᠭ᠎ᠠ ᠪᠠᠷᠢᠮᠲᠠ ᠵᠢ ᠬᠠᠮᠲᠤ᠎ᠪᠠᠷ ᠭᠥᠷᠳᠡᠵᠦ ᠬᠡᠷᠡᠭᠯᠡᠬᠦ ᠵᠢ ᠴᠢᠩᠭ᠋ᠠᠳᠬᠠᠬᠤ᠂ ᠡᠵᠡᠩᠨᠡᠯᠲᠡ ᠵᠢᠨ ᠭᠣᠣᠯ ᠴᠣᠭᠴᠠ ᠵᠢᠨ ᠳᠡᠩᠰᠡᠯᠡᠨ ᠲᠡᠮᠳᠡᠭᠯᠡᠬᠦ ᠦᠢ᠍ᠯᠡᠴᠢᠯᠡᠭᠡ ᠵᠢ ᠦᠷᠭᠦᠯᠵᠢᠯᠡᠨ ᠰᠢᠯᠢᠳᠡᠭᠵᠢᠭᠦᠯᠬᠦ ᠵᠡᠷᠭᠡ 12 ᠲᠠᠯ᠎ᠠ ᠠᠴᠠ 61 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠳᠤᠷᠠᠳᠴᠤ᠂ ᠠᠵᠤ ᠠᠬᠤᠢ᠌ᠯᠠᠯ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠨᠠᠩ ᠳᠥᠭᠥᠮ ᠳᠥᠲᠡ ᠥᠨᠳᠥᠷ ᠦᠷ᠎ᠡ ᠪᠦᠲᠦᠮᠵᠢ᠎ᠲᠠᠢ ᠪᠣᠯᠭ᠋ᠠᠬᠤ ᠵᠢ ᠬᠦᠴᠦᠯᠡᠨ ᠠᠬᠢᠭᠤᠯᠤᠨ᠎ᠠ᠃
(ᠬᠣᠶᠠᠷ) ᠬᠦᠴᠦᠨ ᠵᠦᠢ᠍ᠯ᠎ᠢ ᠰᠢᠯᠢᠳᠡᠭᠵᠢᠭᠦᠯᠦᠨ ᠣᠷᠴᠢᠨ ᠲᠣᠭᠣᠷᠢᠨ᠎ᠢ ᠪᠠᠲᠤᠯᠠᠬᠤ ᠲᠠᠯ᠎ᠠ᠎ᠪᠠᠷ᠂ ᠬᠣᠲᠠ ᠵᠢᠨ ᠶᠠᠪᠤᠳᠠᠯ᠎ᠤᠨ ᠨᠡᠶ᠋ᠢᠲᠡ ᠵᠢᠨ ᠬᠡᠷᠡᠭᠯᠡᠭᠡᠨ᠎ᠤ ᠰᠠᠭᠤᠷᠢ ᠪᠡᠯᠡᠳᠬᠡᠮᠵᠢ ᠵᠢᠨ ᠪᠠᠲᠤᠯᠠᠭ᠎ᠠ ᠵᠢ ᠰᠢᠯᠢᠳᠡᠭᠵᠢᠭᠦᠯᠬᠦ᠂ ᠪᠡᠯᠡ ᠲᠣᠬᠢᠷᠠᠭᠤᠯᠭ᠎ᠠ ᠵᠢᠨ ᠦᠢ᠍ᠯᠡᠴᠢᠯᠡᠭᠡᠨ ᠪᠠ ᠬᠢᠨᠠᠯᠲᠠ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠂ ᠠᠵᠢᠯ ᠣᠯᠭᠣᠯᠲᠠ ᠵᠢᠨ ᠦᠢ᠍ᠯᠡᠴᠢᠯᠡᠭᠡᠨ ᠪᠠ ᠴᠢᠳᠠᠪᠤᠷᠢᠲᠠᠨ᠎ᠤ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠷᠠᠭᠤᠯᠬᠤ 3 ᠲᠠᠯ᠎ᠠ᠎ᠠᠴᠠ 20 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠳᠤᠷᠠᠳᠴᠤ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠬᠦᠴᠦᠨ ᠵᠦᠢ᠍ᠯ᠎ᠤᠨ ᠬᠠᠩᠭ᠋ᠠᠯᠭ᠎ᠠ ᠵᠢᠨ ᠥᠪᠡᠷ᠎ᠤᠨ ᠥᠷᠲᠡᠭ᠎ᠢ ᠬᠦᠴᠦᠯᠡᠨ ᠪᠠᠭᠤᠷᠠᠭᠤᠯᠤᠨ᠎ᠠ᠃
(ᠭᠤᠷᠪᠠ) ᠬᠠᠤᠯᠢ᠎ᠪᠠᠷ ᠵᠠᠰᠠᠬᠤ ᠬᠢᠨᠠᠯᠲᠠ ᠬᠠᠮᠢᠶᠠᠷᠤᠯᠲᠠ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠠᠯ᠎ᠠ᠎ᠪᠠᠷ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠤᠨ ᠬᠠᠤᠯᠢ ᠲᠣᠭᠲᠠᠭ᠋ᠠᠯᠲᠠ ᠵᠢ ᠲᠦᠯᠬᠢᠨ ᠠᠬᠢᠭᠤᠯᠬᠤ᠂ ᠦᠨᠡᠨᠴᠢ ᠢᠲᠡᠭᠡᠮᠵᠢ ᠵᠢᠨ ᠢᠨᠵᠧᠨᠧᠷᠢᠩ᠎ᠤᠨ ᠪᠠᠢ᠌ᠭᠤᠯᠤᠯᠲᠠ ᠵᠢ ᠥᠷᠨᠢᠭᠦᠯᠬᠦ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠪᠠᠢ᠌ᠩᠭᠤᠵᠢᠭᠤᠯᠬᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ᠂ ᠨᠢᠭᠡ ᠴᠣᠭᠴᠠᠵᠢᠭᠤᠯᠤᠭᠰᠠᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢ ᠢᠳᠡᠪᠬᠢᠲᠡᠢ ᠲᠦᠯᠬᠢᠨ ᠠᠬᠢᠭᠤᠯᠬᠤ᠂ ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠡᠷᠭᠡ 11 ᠲᠠᠯ᠎ᠠ᠎ᠠᠴᠠ 52 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠳᠤᠷᠠᠳᠤᠨ ᠭᠠᠷᠭ᠋ᠠᠵᠤ᠂ ᠠᠷᠠᠳ᠎ᠤᠨ ᠡᠵᠡᠩᠨᠡᠭᠰᠡᠨ ᠠᠵᠤ ᠠᠬᠤᠢ᠌ᠯᠠᠯ᠎ᠤᠨ ᠥᠮᠴᠢᠯᠡᠬᠦ ᠡᠷᠬᠡ ᠪᠠ ᠠᠷᠠᠳ᠎ᠤᠨ ᠡᠵᠡᠩᠨᠡᠭᠰᠡᠨ ᠠᠵᠤ ᠠᠬᠤᠢ᠌ᠯᠠᠯᠲᠠᠨ᠎ᠤ ᠡᠷᠬᠡ ᠠᠰᠢᠭ᠎ᠢ ᠬᠦᠴᠦᠯᠡᠨ ᠬᠠᠮᠠᠭ᠋ᠠᠯᠠᠪᠠ᠃
(ᠳᠥᠷᠪᠡ) ᠰᠢᠨ᠎ᠡ ᠵᠢ ᠡᠭᠦᠳᠦᠨ ᠠᠳᠠᠯ ᠦᠢ᠍ᠯᠡᠰ ᠴᠣᠭᠴᠠᠯᠠᠬᠤ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠲᠠᠯ᠎ᠠ᠎ᠪᠠᠷ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠦᠨ ᠬᠥᠭᠵᠢᠬᠦ ᠣᠷᠴᠢᠨ ᠲᠣᠭᠣᠷᠢᠨ᠎ᠢ ᠪᠣᠶ ᠪᠣᠯᠭ᠋ᠠᠬᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠠᠬᠢᠭᠤᠯᠬᠤ ᠪᠠ ᠬᠠᠮᠠᠭ᠋ᠠᠯᠠᠬᠤ ᠡᠷᠴᠢᠮ᠎ᠢ ᠴᠢᠩᠭ᠋ᠠᠷᠠᠭᠤᠯᠬᠤ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠠᠮᠢᠳᠤᠷᠠᠯ᠎ᠤᠨ ᠣᠷᠴᠢᠨ ᠲᠣᠭᠣᠷᠢᠨ᠎ᠢ ᠪᠣᠶ ᠪᠣᠯᠭ᠋ᠠᠬᠤ 3 ᠲᠠᠯ᠎ᠠ ᠠᠴᠠ 19 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠳᠤᠷᠠᠳᠴᠤ᠂ ᠨᠠᠩ ᠰᠢᠯᠢᠳᠡᠭ ᠠᠵᠤ ᠦᠢ᠍ᠯᠡᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠢ ᠬᠦᠴᠦᠯᠡᠨ ᠪᠣᠶ ᠪᠣᠯᠭ᠋ᠠᠨ᠎ᠠ᠃
(ᠲᠠᠪᠤ) ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ᠎ᠢ ᠳᠣᠲᠣᠨᠣᠴᠢᠯᠠᠬᠤ ᠬᠠᠷᠢᠴᠠᠭ᠎ᠠ ᠵᠢ ᠪᠠᠶ᠋ᠢᠭᠤᠯᠬᠤ ᠲᠠᠯ᠎ᠠ᠎ᠪᠠᠷ᠂ ᠤᠳᠤᠷᠢᠳᠬᠤ ᠺᠠᠳ᠋ᠷᠴᠤᠳ᠎ᠤᠨ ᠠᠵᠤ ᠠᠬᠤᠢ᠌ᠯᠠᠯ᠎ᠲᠠᠢ ᠬᠠᠷᠢᠯᠴᠠᠬᠤ ᠳᠦᠷᠢᠮ᠎ᠢ ᠪᠦᠷᠢᠨᠰᠢᠭᠦᠯᠬᠦ᠂ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠪᠡᠶᠡᠯᠡᠭᠦᠯᠬᠦ ᠵᠢ ᠢᠳᠡᠪᠬᠢᠲᠡᠢ ᠠᠬᠢᠭᠤᠯᠬᠤ᠂ ᠠᠵᠤ ᠠᠬᠤᠢ᠌ᠯᠠᠯ ᠪᠠ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠨᠢᠭᠡᠳᠦᠭᠡᠷ ᠹᠷᠣᠨᠲ᠎ᠲᠤ ᠬᠠᠷᠢᠭᠤᠯᠬᠤ 3 ᠲᠠᠯ᠎ᠠ ᠠᠴᠠ 8 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠳᠤᠷᠠᠳᠤᠨ ᠭᠠᠷᠭ᠋ᠠᠵᠤ᠂ ᠬᠤᠳᠠᠯᠳᠤᠭ᠎ᠠ ᠵᠢ ᠬᠦᠨᠳᠦᠳᠬᠡᠵᠦ ᠬᠤᠳᠠᠯᠳᠤᠭ᠎ᠠ ᠵᠢ ᠠᠮᠤᠷᠵᠢᠭᠤᠯᠬᠤ ᠬᠤᠳᠠᠯᠳᠤᠭ᠎ᠠ ᠵᠢ ᠳᠣᠲᠣᠨᠣᠴᠢᠯᠠᠵᠤ ᠬᠤᠳᠠᠯᠳᠤᠭ᠎ᠠ ᠵᠢ ᠬᠠᠢ᠌ᠷᠠᠯᠠᠬᠤ ᠠᠭᠤᠷ ᠠᠮᠢᠰᠬᠤᠯ᠎ᠢ ᠬᠦᠴᠦᠯᠡᠨ ᠪᠣᠶ ᠪᠣᠯᠭ᠋ᠠᠨ᠎ᠠ᠃