ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠨᠠᠷᠢᠨ ᠳᠦᠷᠢᠮ》᠎ᠤᠨ ᠲᠠᠢ᠌ᠯᠤᠮᠵᠢ (ᠬᠤᠶᠠᠷ)
ᠨᠡᠶᠢᠲᠡᠯᠡᠭᠰᠡᠨ ᠴᠠᠭ᠄ 2024-10-26

      ᠲᠠᠪᠤ᠂ 《ᠨᠠᠷᠢᠨ ᠳᠦᠷᠢᠮ》᠎ᠳᠤ᠎ᠬᠢ ᠡᠯ᠎ᠡ ᠲᠦᠷᠦᠯ᠎ᠤᠨ ᠪᠠᠷᠢᠮᠵᠢᠶ᠎ᠠ ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢᠨ ᠲᠠᠯ᠎ᠠ᠎ᠪᠠᠷ ᠶᠠᠮᠠᠷ ᠢᠯᠭ᠋ᠠᠭ᠎ᠠ᠎ᠲᠠᠢ ᠪᠤᠢ?
      ᠡᠭᠦᠨ᠎ᠠᠴᠠ ᠡᠮᠦᠨ᠎ᠡ ᠨᠡᠢ᠌ᠲᠡᠯᠡᠭᠰᠡᠨ 《ᠬᠠᠮᠢᠶᠠᠷᠤᠯᠲᠠ ᠵᠢᠨ ᠠᠷᠭ᠎ᠠ》᠎ᠳᠤ᠂ ᠤᠯᠤᠰ᠎ᠤᠨ ᠪᠠᠷᠢᠮᠵᠢᠶ᠎ᠠ᠂ ᠠᠵᠢᠯ ᠲᠦᠷᠦᠯ᠎ᠤᠨ ᠪᠠᠷᠢᠮᠵᠢᠶ᠎ᠠ᠂ ᠣᠷᠣᠨ ᠨᠤᠲᠤᠭ᠎ᠤᠨ ᠪᠠᠷᠢᠮᠵᠢᠶ᠎ᠠ᠂ ᠪᠦᠯᠬᠦᠮ᠎ᠤᠨ ᠪᠠᠷᠢᠮᠵᠢᠶ᠎ᠠ ᠪᠠ ᠠᠵᠤ ᠠᠬᠤᠢ᠌ᠯᠠᠯ᠎ᠤᠨ ᠪᠠᠷᠢᠮᠵᠢᠶ᠎ᠠ ᠵᠡᠷᠭᠡ ᠡᠯ᠎ᠡ ᠲᠦᠷᠦᠯ᠎ᠤᠨ ᠪᠠᠷᠢᠮᠵᠢᠶ᠎ᠠ ᠵᠢᠨ ᠬᠠᠮᠢᠶᠠᠷᠤᠯᠲᠠ᠎ᠳᠤ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠵᠠᠷᠴᠢᠮ᠎ᠢ ᠵᠢᠷᠤᠮᠯᠠᠵᠤ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠪᠠᠷᠢᠮᠵᠢᠶ᠎ᠠ ᠵᠢ ᠲᠣᠭᠲᠠᠭ᠋ᠠᠬᠤ ᠨᠢᠭᠡᠴᠢ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠬᠡᠷᠡᠭᠵᠢᠭᠦᠯᠬᠦ ᠬᠡᠷᠡᠭᠲᠡᠢ ᠭᠡᠵᠦ ᠨᠢᠭᠡᠨᠲᠡ ᠲᠣᠳᠣᠷᠬᠠᠢ ᠲᠣᠭᠲᠠᠭ᠋ᠠᠭᠰᠠᠨ ᠪᠠᠢ᠌ᠨ᠎ᠠ᠃
      ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ ᠵᠢᠨ ᠲᠤᠬᠠᠢ᠂ 《ᠨᠠᠷᠢᠨ ᠳᠦᠷᠢᠮ》᠎ᠳᠤ ᠲᠣᠭᠲᠠᠭ᠋ᠠᠬᠤ᠂ ᠳᠠᠬᠢᠨ ᠬᠢᠨᠠᠬᠤ᠂ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭ᠋ᠠᠬᠤ ᠵᠡᠷᠭᠡ ᠪᠣᠳᠠᠲᠠᠢ ᠠᠵᠢᠯ᠎ᠤᠨ ᠲᠠᠰ ᠳᠠᠷᠠᠭ᠋ᠠᠯᠠᠯ ᠪᠠ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠭᠣᠣᠯᠳᠠᠯᠭ᠎ᠠ᠎ᠲᠠᠢ ᠲᠣᠳᠣᠷᠬᠠᠢ᠌ᠯᠠᠪᠠ; ᠣᠷᠣᠨ ᠨᠤᠲᠤᠭ᠎ᠤᠨ ᠪᠠᠷᠢᠮᠵᠢᠶ᠎ᠠ ᠵᠢᠨ ᠲᠤᠬᠠᠢ᠂ 《ᠨᠠᠷᠢᠨ ᠳᠦᠷᠢᠮ》᠎ᠳᠤ ᠪᠠᠷᠢᠮᠵᠢᠶ᠎ᠠ ᠵᠢ ᠨᠡᠢ᠌ᠲᠡᠯᠡᠭᠰᠡᠨ᠎ᠤ ᠳᠠᠷᠠᠭ᠎ᠠ ᠬᠣᠯᠪᠣᠭᠳᠠᠯ ᠪᠦᠬᠦᠢ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠱᠠᠭ᠋ᠠᠷᠳᠠᠯᠭ᠎ᠠ ᠵᠢ ᠨᠥᠬᠥᠪᠦᠷᠢᠯᠡᠪᠡ; ᠪᠦᠯᠬᠦᠮ᠎ᠤᠨ ᠪᠠᠷᠢᠮᠵᠢᠶ᠎ᠠ ᠵᠢᠨ ᠲᠠᠯ᠎ᠠ᠎ᠪᠠᠷ᠂ 《ᠨᠠᠷᠢᠨ ᠳᠦᠷᠢᠮ》᠎ᠳᠤ ᠬᠥᠲᠥᠯᠥᠨ ᠵᠢᠯᠤᠭᠣᠳᠬᠤ ᠪᠠ ᠬᠢᠨᠠᠯᠲᠠ ᠲᠠᠯᠪᠢᠬᠤ ᠵᠢ ᠭᠣᠣᠯᠳᠠᠯᠭ᠎ᠠ᠎ᠲᠠᠢ ᠴᠢᠩᠭ᠋ᠠᠳᠬᠠᠪᠠ; ᠠᠵᠤ ᠠᠬᠤᠢ᠌ᠯᠠᠯ᠎ᠤᠨ ᠪᠠᠷᠢᠮᠵᠢᠶ᠎ᠠ ᠵᠢᠨ ᠲᠠᠯ᠎ᠠ᠎ᠪᠠᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ 《ᠠᠵᠤ ᠠᠬᠤᠢ᠌ᠯᠠᠯ᠎ᠤᠨ ᠪᠠᠷᠢᠮᠵᠢᠶᠠᠵᠢᠭᠤᠯᠤᠯᠲᠠ ᠵᠢ ᠠᠬᠢᠭᠤᠯᠬᠤ ᠠᠷᠭ᠎ᠠ》᠎ᠳᠤ ᠲᠣᠳᠣᠷᠬᠠᠢ ᠲᠣᠭᠲᠠᠭ᠋ᠠᠭᠰᠠᠨ ᠵᠠᠰᠠᠭ᠎ᠤᠨ ᠣᠷᠳᠣᠨ᠎ᠠᠴᠠ ᠬᠥᠲᠥᠯᠥᠨ ᠵᠢᠯᠤᠭᠣᠳᠬᠤ᠂ ᠠᠵᠤ ᠠᠬᠤᠢ᠌ᠯᠠᠯ ᠵᠶ᠋ᠠᠷ ᠭᠣᠣᠯ ᠴᠣᠭᠴᠠ ᠪᠣᠯᠭ᠋ᠠᠬᠤ ᠵᠠᠷᠴᠢᠮ ᠶᠣᠰᠣᠭ᠋ᠠᠷ᠂ 《ᠬᠠᠮᠢᠶᠠᠷᠤᠯᠲᠠ ᠵᠢᠨ ᠠᠷᠭ᠎ᠠ》᠎ᠳᠤ ᠨᠢᠭᠡᠨᠲᠡ ᠶᠡᠷᠦᠩᠬᠡᠢ ᠱᠠᠭ᠋ᠠᠷᠳᠠᠯᠭ᠎ᠠ ᠵᠢ ᠳᠤᠷᠠᠳᠤᠭᠰᠠᠨ ᠪᠣᠯᠬᠣᠷ 《ᠨᠠᠷᠢᠨ ᠳᠦᠷᠢᠮ》᠎ᠳᠤ ᠢᠯᠡᠭᠦᠴᠡ ᠱᠠᠭ᠋ᠠᠷᠳᠠᠯᠭ᠎ᠠ ᠵᠢ ᠳᠠᠭᠢᠵᠤ ᠨᠡᠮᠡᠬᠦ ᠦᠭᠡᠢ᠃
        ᠵᠢᠷᠭᠤᠭ᠎ᠠ᠂ ᠪᠦᠯᠬᠦᠮ᠎ᠤᠨ ᠪᠠᠷᠢᠮᠵᠢᠶ᠎ᠠ ᠵᠢᠨ ᠠᠵᠢᠯ᠎ᠤᠨ ᠡᠮᠬᠢ ᠵᠢᠷᠤᠮ᠎ᠲᠠᠢ ᠥᠷᠨᠢᠬᠦ ᠵᠢ ᠬᠡᠷᠬᠢᠨ ᠬᠥᠲᠥᠯᠥᠨ ᠵᠢᠯᠤᠭᠣᠳᠬᠤ ᠪᠣᠶ?
     《ᠪᠦᠯᠬᠦᠮ᠎ᠤᠨ ᠪᠠᠷᠢᠮᠵᠢᠶ᠎ᠠ ᠵᠢᠨ ᠵᠢᠷᠤᠮᠵᠢᠭᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠰᠠᠨᠠᠯ》᠎ᠢ ᠨᠠᠢ᠌ᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠤ ᠪᠦᠯᠬᠦᠮ᠎ᠤᠨ ᠪᠠᠷᠢᠮᠵᠢᠶ᠎ᠠ ᠵᠢᠨ ᠠᠵᠢᠯ᠎ᠢ ᠡᠮᠬᠢ ᠳᠢᠭᠯᠢᠮ᠎ᠲᠠᠢ ᠠᠬᠢᠭᠤᠯᠬᠤ ᠵᠢᠨ ᠲᠦᠯᠦᠭᠡ᠂ 《ᠨᠠᠷᠢᠨ ᠳᠦᠷᠢᠮ》᠎ᠳᠤ ᠶᠠᠮᠤᠨ᠎ᠤ ᠲᠤᠬᠠᠢ᠌ᠯᠠᠭᠰᠠᠨ ᠠᠵᠢᠯ᠎ᠤᠨ ᠭᠣᠣᠯ ᠬᠠᠮᠢᠶᠠᠷᠤᠭᠴᠢ ᠪᠠ ᠠᠵᠢᠯ ᠲᠥᠷᠥᠯ᠎ᠤᠨ ᠬᠠᠮᠢᠶᠠᠷᠤᠯᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠦᠯᠬᠦᠮ ᠨᠡᠶ᠋ᠢᠲᠡ ᠵᠢᠨ ᠪᠠᠷᠢᠮᠵᠢᠶ᠎ᠠ ᠵᠢ ᠲᠣᠭᠲᠠᠭ᠋ᠠᠬᠤ ᠪᠠ ᠬᠡᠷᠡᠭᠵᠢᠭᠦᠯᠬᠦ᠎ᠳᠤ ᠵᠢᠯᠣᠭᠣᠳᠤᠯᠭ᠎ᠠ ᠪᠠ ᠬᠢᠨᠠᠯᠲᠠ ᠲᠠᠯᠪᠢᠬᠤ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠬᠠᠷᠢᠯᠴᠠᠭ᠎ᠠ᠎ᠪᠠᠨ ᠴᠢᠩᠭ᠋ᠠᠳᠬᠠᠨ᠂ ᠵᠣᠬᠢᠴᠠᠯᠳᠤᠨ ᠨᠡᠪᠲᠡᠷᠡᠯᠴᠡᠬᠦ ᠵᠢ ᠰᠠᠢ᠌ᠲᠤᠷ ᠬᠢᠵᠦ᠂ ᠪᠦᠯᠬᠦᠮ ᠨᠡᠶ᠋ᠢᠲᠡ ᠵᠢᠨ ᠪᠠᠷᠢᠮᠵᠢᠶ᠎ᠠ ᠵᠢ ᠠᠵᠤ ᠦᠢ᠍ᠯᠡᠰ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ᠂ ᠠᠵᠢᠯ ᠲᠥᠷᠥᠯ᠎ᠤᠨ ᠬᠥᠭᠵᠢᠯᠲᠡ ᠵᠢᠨ ᠴᠢᠭᠯᠡᠯ ᠪᠠ ᠲᠤᠬᠠᠢ᠌ᠯᠠᠭᠰᠠᠨ ᠠᠵᠢᠯ᠎ᠤᠨ ᠬᠠᠮᠢᠶᠠᠷᠤᠯᠲᠠ ᠵᠢᠨ ᠬᠡᠷᠡᠭᠴᠡᠭᠡ᠎ᠳᠤ ᠨᠡᠢ᠌ᠴᠡᠭᠦᠯᠬᠦ ᠵᠢ ᠬᠥᠲᠥᠯᠥᠨ ᠵᠢᠯᠤᠭᠣᠳᠴᠤ᠂ ᠣᠲᠣ ᠵᠢᠨ ᠬᠡᠷᠡᠭᠵᠢᠭᠦᠯᠵᠦ ᠪᠠᠢ᠌ᠭ᠎ᠠ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ᠎ᠲᠠᠢ ᠮᠥᠷᠭᠥᠯᠳᠦᠬᠦ᠎ᠠᠴᠠ ᠵᠠᠢ᠌ᠯᠠᠰᠬᠢᠬᠦ ᠬᠡᠷᠡᠭᠲᠡᠢ ᠭᠡᠵᠦ ᠴᠢᠬᠤᠯᠠᠴᠢᠯᠠᠪᠠ᠃
          ᠲᠤᠯᠤᠭ᠎ᠠ᠂ ᠪᠠᠷᠢᠮᠵᠢᠶ᠎ᠠ ᠵᠢ ᠤᠯᠠᠨ ᠤᠯᠤᠰᠴᠢᠯᠠᠬᠤ ᠠᠵᠢᠯ᠎ᠤᠨ ᠲᠤᠬᠠᠢ ᠶᠠᠮᠠᠷ ᠰᠢᠨ᠎ᠡ ᠱᠠᠭ᠋ᠠᠷᠳᠠᠯᠭ᠎ᠠ ᠪᠠᠢ᠌ᠬᠤ ᠪᠤᠢ?
      ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠤ ᠪᠠᠷᠢᠮᠵᠢᠶ᠎ᠠ ᠵᠢᠨ ᠳᠡᠯᠡᠬᠡᠢ᠌ᠵᠢᠯᠲᠡ ᠰᠢᠪᠲᠤᠯᠤᠯᠲᠠ ᠵᠢᠨ ᠴᠢᠨᠠᠷᠲᠠᠢ ᠠᠬᠢᠴᠠ᠎ᠲᠠᠢ ᠪᠣᠯᠬᠤ ᠵᠢ ᠳᠠᠭ᠋ᠠᠯᠳᠤᠨ᠂ ᠣᠷᠣᠯᠴᠠᠬᠤ ᠠᠵᠢᠯᠯᠠᠭ᠎ᠠ ᠢᠯᠡᠳᠲᠡ ᠨᠡᠮᠡᠭᠳᠡᠪᠡ᠂ ᠰᠢᠨ᠎ᠡ ᠬᠥᠭᠵᠢᠯᠲᠡ ᠵᠢᠨ ᠬᠠᠨᠳᠤᠰᠢ᠎ᠳᠤ ᠵᠣᠬᠢᠴᠠᠭᠤᠯᠬᠤ ᠵᠢᠨ ᠲᠥᠯᠥᠭᠡ᠂ 《ᠨᠠᠷᠢᠨ ᠳᠦᠷᠢᠮ》᠎ᠳᠤ ᠪᠠᠷᠢᠮᠵᠢᠶ᠎ᠠ ᠵᠢᠨ ᠳᠡᠯᠡᠬᠡᠢ᠌ᠵᠢᠯᠲᠡ ᠵᠢᠨ ᠠᠵᠢᠯ᠎ᠤᠨ ᠲᠤᠰᠬᠠᠢ ᠪᠦᠯᠦᠭ᠎ᠢ ᠲᠣᠬᠢᠷᠠᠭᠤᠯᠪᠠ᠃ ᠣᠯᠠᠨ ᠤᠯᠤᠰ᠎ᠤᠨ ᠬᠤᠷᠠᠯ ᠪᠣᠯᠣᠨ ᠭᠠᠳᠠᠭ᠋ᠠᠳᠤ᠎ᠯᠤᠭ᠎ᠠ ᠵᠢᠨ ᠰᠣᠯᠢᠯᠴᠠᠭ᠋ᠠᠨ᠎ᠤ ᠠᠵᠢᠯᠯᠠᠭ᠎ᠠ᠎ᠳᠤ ᠣᠷᠣᠯᠴᠠᠬᠤ᠂ ᠣᠯᠠᠨ ᠤᠯᠤᠰ᠎ᠤᠨ ᠪᠠᠷᠢᠮᠵᠢᠶ᠎ᠠ ᠵᠢᠨ ᠰᠢᠨ᠎ᠡ ᠠᠵᠢᠯ᠎ᠤᠨ ᠲᠥᠷᠥᠯ ᠵᠦᠢ᠍ᠯ ᠪᠤᠶᠤ ᠡᠬᠡ ᠪᠢᠴᠢᠭ᠎ᠤᠨ ᠰᠠᠨᠠᠯ ᠳᠤᠷᠠᠳᠤᠯᠭ᠎ᠠ ᠳᠤᠷᠠᠳᠬᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠭᠲᠠᠭ᠋ᠠᠯ᠎ᠢ ᠵᠢᠷᠤᠮᠯᠠᠬᠤ ᠵᠡᠷᠭᠡ ᠲᠠᠯ᠎ᠠ᠎ᠪᠠᠷ᠂ ᠤᠯᠤᠰ᠎ᠤᠨ ᠳᠣᠲᠣᠭ᠋ᠠᠳᠤ ᠵᠢᠨ ᠮᠡᠷᠭᠡᠵᠢᠯ᠎ᠤᠨ ᠠᠵᠢᠯ ᠲᠥᠷᠥᠯ᠎ᠤᠨ ᠨᠢᠭᠡᠴᠢ ᠪᠤᠶᠤ ᠤᠯᠤᠰ᠎ᠤᠨ ᠳᠣᠲᠣᠭ᠋ᠠᠳᠤ ᠵᠢᠨ ᠠᠵᠢᠯ ᠲᠥᠷᠥᠯ᠎ᠤᠨ ᠰᠢᠰᠲ᠋ᠧᠮ᠎ᠤᠨ ᠳᠤᠭᠤᠢ᠌ᠯᠠᠩ ᠵᠢᠴᠢ ᠲᠡᠭᠦᠨ᠎ᠤ ᠳᠣᠣᠷ᠎ᠠ ᠪᠠᠢ᠌ᠭᠤᠯᠤᠭᠰᠠᠨ ᠬᠣᠯᠪᠣᠭᠳᠠᠯ ᠪᠦᠬᠦᠢ ᠳᠤᠭᠤᠢ᠌ᠯᠠᠩ᠎ᠤᠨ ᠢᠯᠭ᠋ᠠᠯ᠂ ᠮᠡᠷᠭᠡᠵᠢᠯ᠎ᠤᠨ ᠵᠥᠪᠯᠡᠯ᠎ᠤᠨ ᠨᠠᠷᠢᠨ ᠪᠢᠴᠢᠭ᠎ᠤᠨ ᠭᠠᠵᠠᠷ᠎ᠤᠨ ᠡᠭᠦᠷᠭᠡᠯᠡᠬᠦ ᠨᠢᠭᠡᠴᠢ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠰᠢᠭᠤᠳ ᠬᠠᠷᠢᠶ᠎ᠠ ᠨᠢᠭᠡᠴᠢ᠂ ᠶᠠᠮᠤᠨ᠎ᠤ ᠲᠤᠬᠠᠢ᠌ᠯᠠᠭᠰᠠᠨ ᠠᠵᠢᠯ᠎ᠢ ᠭᠣᠣᠯᠯᠠᠨ ᠬᠠᠮᠢᠶᠠᠷᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠠᠵᠢᠯ ᠲᠥᠷᠥᠯ᠎ᠤᠨ ᠬᠠᠮᠢᠶᠠᠷᠤᠯᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠡᠷᠭᠡ ᠠᠳᠠᠯᠢ ᠪᠤᠰᠤ ᠲᠥᠷᠥᠯ ᠬᠡᠯᠪᠡᠷᠢ ᠵᠢᠨ ᠨᠢᠭᠡᠴᠢ᠎ᠳᠤ᠂ ᠵᠣᠬᠢᠴᠠᠩᠭᠤᠢ ᠱᠠᠭ᠋ᠠᠷᠳᠠᠯᠭ᠎ᠠ ᠳᠤᠷᠠᠳᠴᠤ᠂ ᠬᠣᠯᠪᠣᠭᠳᠠᠯ ᠪᠦᠬᠦᠢ ᠠᠵᠢᠯ᠎ᠢ ᠪᠦᠬᠦ ᠪᠥᠮᠪᠥᠷᠴᠡᠭ᠎ᠤᠨ ᠬᠣᠯᠪᠣᠭᠳᠠᠯᠲᠤ ᠴᠢᠨᠠᠷ᠂ ᠵᠥᠪᠳᠡᠯᠴᠡᠭᠡᠨ᠎ᠤ ᠨᠢᠭᠡᠳᠦᠯᠲᠦ ᠴᠢᠨᠠᠷ ᠵᠡᠷᠭᠡ ᠵᠠᠷᠴᠢᠮ ᠪᠠ ᠤᠯᠠᠨ ᠤᠯᠤᠰ᠎ᠤᠨ ᠪᠠᠷᠢᠮᠵᠢᠶ᠎ᠠ ᠵᠢᠨ ᠬᠥᠭᠵᠢᠯᠲᠡ ᠵᠢᠨ ᠬᠠᠨᠳᠤᠰᠢ᠎ᠳᠤ ᠨᠡᠢ᠌ᠴᠡᠭᠦᠯᠬᠦ ᠵᠢ ᠦᠨᠡᠨ ᠬᠦ᠌ ᠪᠠᠲᠤᠯᠠᠪᠠ᠃
      ᠨᠠᠢ᠍ᠮᠠ᠂ ᠬᠣᠯᠪᠣᠭᠳᠠᠯ ᠪᠦᠬᠦᠢ ᠪᠦᠬᠦ ᠤᠯᠤᠰ᠎ᠤᠨ ᠲᠤᠰᠬᠠᠢ ᠮᠡᠷᠭᠡᠵᠢᠯ᠎ᠤᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠬᠠᠮᠢᠶᠠᠷᠤᠯᠲᠠ ᠵᠢ ᠬᠡᠷᠬᠢᠨ ᠰᠢᠯᠢᠳᠡᠭᠵᠢᠭᠦᠯᠦᠨ ᠵᠢᠷᠤᠮᠵᠢᠭᠤᠯᠬᠤ ᠪᠤᠢ?
      ᠪᠥᠬᠥ ᠤᠯᠤᠰ᠎ᠤᠨ ᠲᠤᠰᠬᠠᠢ ᠮᠡᠷᠭᠡᠵᠢᠯ᠎ᠤᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ ᠪᠣᠯ ᠪᠠᠷᠢᠮᠵᠢᠶᠠᠵᠢᠭᠤᠯᠤᠯᠲᠠ ᠵᠢᠨ ᠠᠵᠢᠯ᠎ᠢ ᠥᠷᠨᠢᠭᠦᠯᠬᠦ ᠴᠢᠬᠤᠯᠠ ᠬᠦᠴᠦᠨ ᠮᠥᠨ᠂ ᠪᠠᠷᠢᠮᠵᠢᠶ᠎ᠠ ᠵᠢ ᠰᠤᠳᠤᠯᠤᠨ ᠦᠢ᠍ᠯᠡᠳᠬᠦ᠂ ᠪᠠᠷᠢᠮᠵᠢᠶ᠎ᠠ ᠵᠢ ᠬᠡᠷᠡᠭᠵᠢᠭᠦᠯᠬᠦ ᠵᠢ ᠲᠦᠯᠬᠢᠨ ᠠᠬᠢᠭᠤᠯᠬᠤ ᠵᠡᠷᠭᠡ ᠠᠵᠢᠯ᠎ᠢ ᠥᠷᠨᠢᠭᠦᠯᠬᠦ᠎ᠳᠤ ᠢᠳᠡᠪᠬᠢᠲᠡᠢ ᠦᠢ᠍ᠯᠡᠳᠦᠯ ᠦᠵᠡᠭᠦᠯᠪᠡ᠃ 《ᠨᠠᠷᠢᠨ ᠳᠦᠷᠢᠮ》᠎ᠳᠤ 《ᠬᠠᠮᠢᠶᠠᠷᠤᠯᠲᠠ ᠵᠢᠨ ᠠᠷᠭ᠎ᠠ》 ᠪᠠ 《ᠪᠥᠬᠥ ᠤᠯᠤᠰ᠎ᠤᠨ ᠲᠤᠰᠬᠠᠢ ᠮᠡᠷᠭᠡᠵᠢᠯ᠎ᠤᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠰᠠᠭᠤᠷᠢᠨ ᠳᠡᠭᠡᠷ᠎ᠡ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠠᠮᠢᠶᠠᠷᠴᠤ ᠪᠠᠢ᠌ᠭ᠎ᠠ ᠪᠥᠬᠥ ᠤᠯᠤᠰ᠎ᠤᠨ ᠲᠤᠰᠬᠠᠢ ᠮᠡᠷᠭᠡᠵᠢᠯ᠎ᠤᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠪᠦᠷᠢᠯᠳᠦᠯ᠂ ᠵᠣᠬᠢᠶᠠᠨ ᠪᠠᠢ᠌ᠭᠤᠯᠤᠯᠲᠠ᠂ ᠬᠤᠭᠤᠴᠠᠭ᠎ᠠ ᠰᠣᠯᠢᠬᠤ᠂ ᠲᠣᠬᠢᠷᠠᠭᠤᠯᠤᠯᠲᠠ ᠬᠢᠬᠦ ᠪᠠ ᠬᠢᠨᠠᠯᠲᠠ ᠬᠠᠮᠢᠶᠠᠷᠤᠯᠲᠠ ᠵᠢᠨ ᠵᠠᠷᠴᠢᠮ᠎ᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ ᠲᠡᠭᠦᠨ᠎ᠤ ᠳᠣᠲᠣᠭ᠋ᠠᠳᠤ ᠵᠢᠨ ᠬᠠᠮᠢᠶᠠᠷᠤᠯᠲᠠ᠂ ᠣᠨ᠎ᠤ ᠮᠡᠳᠡᠭᠦᠯᠦᠯᠲᠡ ᠵᠢ ᠮᠡᠳᠡᠭᠦᠯᠦᠨ ᠬᠦᠷᠭᠡᠬᠦ᠂ ᠴᠢᠬᠤᠯᠠ ᠶᠡᠬᠡ ᠵᠦᠢ᠍ᠯᠡᠰ᠎ᠢ ᠮᠡᠳᠡᠭᠦᠯᠬᠦ ᠵᠡᠷᠭᠡ ᠲᠠᠰ ᠳᠠᠷᠠᠭ᠋ᠠᠯᠠᠯ ᠪᠠ ᠱᠠᠭ᠋ᠠᠷᠳᠠᠯᠭ᠎ᠠ ᠵᠢ ᠨᠠᠷᠢᠯᠢᠭᠵᠢᠭᠤᠯᠪᠠ᠃
      ᠶᠢᠰᠦ᠂ ᠲᠠᠷᠠᠭ᠋ᠠᠴᠢ ᠵᠢᠨ 《ᠨᠠᠷᠢᠨ ᠳᠦᠷᠢᠮ》᠎ᠢ ᠬᠡᠷᠡᠭᠵᠢᠭᠦᠯᠬᠦ ᠵᠢ ᠬᠡᠷᠬᠢᠨ ᠠᠬᠢᠭᠤᠯᠬᠤ ᠪᠣᠶ?
     《ᠨᠠᠷᠢᠨ ᠳᠦᠷᠢᠮ》᠎ᠢ ᠨᠡᠢ᠌ᠭᠡᠮ ᠨᠡᠶ᠋ᠢᠲᠡ᠎ᠳᠤ ᠢᠯᠡ᠎ᠪᠠᠷ ᠨᠡᠢ᠌ᠲᠡᠯᠡᠭᠰᠡᠨ᠎ᠤ ᠳᠠᠷᠠᠭ᠎ᠠ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠭᠰᠡᠨ ᠰᠠᠭᠤᠷᠢᠨ ᠳᠡᠭᠡᠷ᠎ᠡ᠂ ᠵᠢᠷᠤᠭ᠎ᠤᠨ ᠲᠠᠢ᠌ᠯᠪᠤᠷᠢ᠂ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠭᠤᠯᠤᠯ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠤᠯᠠᠮ ᠨᠢᠭᠡ ᠠᠯᠬᠤᠮ ᠤᠬᠠᠭᠤᠯᠬᠤ ᠵᠢᠨ ᠬᠠᠮᠲᠤ᠂ ᠬᠣᠯᠪᠣᠭᠳᠠᠯ ᠪᠦᠬᠦᠢ ᠪᠥᠬᠥ ᠤᠯᠤᠰ᠎ᠤᠨ ᠲᠤᠰᠬᠠᠢ ᠮᠡᠷᠭᠡᠵᠢᠯ᠎ᠤᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠢ ᠵᠣᠬᠢᠶᠠᠨ ᠪᠠᠢ᠌ᠭᠤᠯᠤᠨ ᠳᠡᠯᠭᠡᠷᠡᠭᠦᠯᠬᠦ ᠪᠠ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠨ᠎ᠠ  ᠃

ᠢᠷᠡᠯᠲᠡ᠄ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠩᠬ᠎ᠠ ᠤᠳᠠᠭ᠎ᠠ ᠬᠠᠤᠯᠢ ᠵᠥᠷᠢᠴᠡᠭᠰᠡᠨ ᠦᠷ᠎ᠡ ᠳ᠋ᠦᠩ ᠵᠶ᠋ᠡᠷ ᠬᠦᠩᠭᠡᠨ ᠦᠢᠯᠡ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠭᠡᠯ ᠥᠯᠥ ᠥᠭᠬᠦ ᠨᠠᠷᠢᠨ ᠳᠠᠩᠰᠠ》 ᠵᠢᠨ ᠲᠦᠷᠦ ᠵᠢᠨ ᠪᠤᠳᠤᠯᠭ᠎ᠠ ᠵᠢᠨ ᠳᠠᠢ᠌ᠯᠤᠮᠵᠢ (ᠨᠢᠭᠡ)
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠪᠠᠷᠢᠮᠵᠢᠶ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠠᠤᠯᠢ ᠵᠥᠷᠢᠴᠡᠭᠰᠡᠨ ᠦᠷ᠎ᠡ ᠳ᠋ᠦᠩ ᠵᠶ᠋ᠡᠷ ᠬᠥᠩᠭᠡᠪᠲᠦᠷ ᠠᠩᠬ᠎ᠠ ᠤᠳᠠᠭ᠋ᠠᠨ ᠎ᠤ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠦᠭᠬᠦ ᠦᠭᠡᠢ ᠨᠡᠷᠡᠰ ᠎ᠤᠨ ᠵᠢᠭᠰᠠᠭ᠋ᠠᠯᠲᠠ》 ᠵᠢᠨ ᠲᠦᠷᠦ ᠵᠢᠨ ᠪᠤᠳᠤᠯᠭ᠎ᠠ ᠵᠢᠨ ᠲᠠᠢ᠌ᠯᠤᠮᠵᠢ (ᠬᠣᠶᠠᠷ)
ᠵᠢᠷᠤᠭ ᠵᠶ᠋ᠠᠷ ᠦᠭᠦᠯᠡᠬᠦᠢ ᠄ 2020 ᠤᠨ᠎ᠤ ᠤᠯᠠᠭ᠋ᠠᠨᠮᠦ᠋ᠴᠢᠷ᠎ᠤᠨ ᠠᠵᠢᠯ᠎ᠤᠨ ᠲᠦᠰᠦᠯ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠢᠰᠲᠸᠮ᠎ᠤᠨ ᠮᠤᠩᠭᠤᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶᠡᠨ᠎ᠤ ᠴᠤᠭᠯᠠᠷᠠᠯ
ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠠᠬᠢ ᠰᠡᠳᠭᠢᠯ ᠳᠤᠯᠠᠭ᠋ᠠᠴᠠᠭᠤᠯᠤᠮ᠎ᠠ ᠦᠭᠡ ᠦᠭᠦᠯᠡᠪᠦᠷᠢ
 
            