6 ᠳ᠋ᠤᠭ᠋ᠠᠷ ᠰᠠᠷ᠎ᠠ ᠵᠢᠨ 21᠎ᠤ ᠡᠳᠦᠷ᠂ ᠲᠦᠩᠯᠢᠶᠣᠣ ᠬᠣᠲᠠ ᠵᠢᠨ ᠬᠣᠷᠴᠢᠨ ᠵᠡᠭᠦᠨ ᠭᠠᠷᠤᠨ ᠬᠣᠢ᠌ᠲᠤ ᠬᠣᠰᠢᠭᠤᠨ᠎ᠤ ᠪᠥᠸᠧ ᠸᠠᠩ ᠮᠤᠷᠢᠨ ᠤᠷᠤᠯᠳᠤᠭ᠋ᠠᠨ᠎ᠤ ᠲᠠᠯᠠᠪᠠᠶ᠎ᠳᠤ ᠠᠵᠢᠨᠠᠢ ᠬᠦᠯᠦᠭ ᠦᠦᠷᠰᠡᠵᠦ᠂ ᠲᠣᠭ ᠳᠠᠯᠪᠠᠭ᠎ᠠ ᠨᠠᠮᠢᠷᠠᠵᠤ᠂ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠣᠯ ᠮᠣᠷᠢᠨ᠎ᠤ ᠬᠡᠲᠦ ᠲᠠᠰ᠎ᠤᠨ ᠬᠣᠯᠪᠣᠭ᠋ᠠᠲᠤ ᠤᠷᠤᠯᠳᠤᠭ᠋ᠠᠨ᠎ᠤ ᠰᠢᠯᠭ᠋ᠠᠷᠠᠭᠤᠯᠬᠤ ᠤᠷᠤᠯᠳᠤᠭ᠋ᠠᠨ ᠵᠢᠴᠢ ᠲᠦᠩᠯᠢᠶᠣᠣ ᠬᠣᠲᠠ ᠵᠢᠨ ᠬᠣᠶᠠᠳᠤᠭ᠋ᠠᠷ ᠬᠤᠭᠤᠴᠠᠭ᠋ᠠᠨ᠎ᠤ ᠬᠤᠷᠳᠤᠨ ᠮᠣᠷᠢᠨ᠎ᠤ ᠪᠠᠢ᠌ᠩᠭᠤ ᠵᠢᠨ ᠤᠷᠤᠯᠳᠤᠭ᠋ᠠᠨ ᠦᠪᠡᠳᠡᠭᠰᠢ ᠶᠡᠬᠡ᠎ᠪᠠᠷ ᠡᠬᠢᠯᠡᠪᠡ᠃
ᠲᠣᠰ ᠤᠳᠠᠭ᠋ᠠᠨ᠎ᠤ ᠰᠢᠯᠭ᠋ᠠᠷᠠᠭᠤᠯᠬᠤ ᠤᠷᠤᠯᠳᠤᠭ᠋ᠠᠨ᠎ᠳᠤ 10 ᠲᠠᠩ ᠵᠦᠢ᠍ᠯ᠎ᠤᠨ ᠤᠷᠤᠯᠳᠤᠭ᠋ᠠᠨ ᠲᠣᠬᠢᠷᠠᠭᠤᠯᠵᠤ᠂ ᠥᠪᠥᠷ ᠮᠣᠩᠭᠣᠯ᠎ᠤᠨ ᠲᠦᠩᠯᠢᠶᠣᠣ ᠬᠣᠲᠠ᠂ ᠬᠢᠩᠭ᠋ᠠᠨ ᠠᠢ᠌ᠮᠠᠭ ᠵᠢᠴᠢ ᠱᠠᠨ ᠰᠢ᠂ ᠾᠧᠪᠧᠢ᠂ ᠭᠢᠷᠢᠨ᠎ᠠᠴᠠ ᠢᠷᠡᠭᠰᠡᠨ 107 ᠮᠣᠷᠢ ᠤᠷᠤᠯᠳᠤᠭ᠋ᠠᠨ᠎ᠳᠤ ᠣᠷᠣᠯᠴᠠᠵᠠᠢ᠃ ᠤᠷᠤᠯᠳᠤᠭ᠋ᠠᠨ᠎ᠤ ᠲᠤᠬᠠᠢ ᠵᠢᠨ ᠲᠠᠯᠠᠪᠠᠢ᠎ᠳᠤ ᠲᠤᠬᠢᠶᠠᠨ᠎ᠤ ᠫᠤᠤ ᠳᠤᠤᠭ᠋ᠠᠷᠤᠮᠠᠭᠴᠠ ᠤᠷᠤᠯᠳᠤᠭ᠋ᠠᠨ᠎ᠤ ᠮᠤᠷᠢᠳ ᠬᠥᠪᠴᠢ᠎ᠠᠴᠠ ᠬᠠᠷᠪᠤᠭᠰᠠᠨ ᠰᠤᠮᠤ ᠮᠡᠲᠦ ᠰᠢᠪᠲᠤᠯᠤᠨ ᠭᠠᠷᠴᠤ᠂ ᠮᠣᠷᠢᠨ᠎ᠤ ᠲᠤᠭᠤᠷᠠᠢ ᠵᠢᠷᠪᠢᠯᠵᠡᠨ᠂ ᠤᠲᠤᠭ᠎ᠠ ᠲᠣᠭᠣᠰᠣ ᠵᠢ ᠠᠷᠤ᠎ᠳᠤ᠎ᠪᠠᠨ ᠤᠷᠬᠢᠵᠤ᠂ ᠭᠣᠢ᠌ᠳᠠ ᠰᠠᠢ᠌ᠬᠠᠨ ᠪᠠᠢ᠌ᠯ᠎ᠠ᠃ 3200 ᠮᠧᠲᠷ᠎ᠤᠨ ᠬᠤᠷᠳᠤᠨ ᠮᠣᠷᠢᠨ᠎ᠤ ᠤᠷᠤᠯᠳᠤᠭ᠋ᠠᠨ᠎ᠤ ᠥᠷᠢᠰᠦᠯᠳᠦᠭᠡᠨ ᠬᠠᠮᠤᠭ᠎ᠤᠨ ᠬᠤᠷᠴᠠ ᠰᠢᠷᠦᠭᠦᠨ ᠪᠠᠢ᠌ᠵᠤ᠂ ᠨᠡᠢ᠍ᠢ᠍ᠳᠡ 23 ᠮᠤᠷᠢ ᠤᠷᠤᠯᠳᠤᠭ᠋ᠠᠨ᠎ᠳᠤ ᠣᠷᠣᠯᠴᠠᠵᠤ᠂ ᠬᠣᠷᠴᠢᠨ ᠵᠡᠭᠦᠨ ᠭᠠᠷᠤᠨ ᠬᠣᠢ᠌ᠲᠤ ᠬᠣᠰᠢᠭᠤᠨ᠎ᠤ ᠴᠢᠯᠠᠭᠤᠲᠤ ᠪᠠᠯᠭ᠋ᠠᠰᠤ ᠵᠢᠨ ᠤᠷᠤᠯᠴᠠᠭᠴᠢ ᠴᠢ ᠱ᠌ᠢ ᠪᠠ ᠪᠣᠯᠣᠨ ᠲᠡᠭᠦᠨ᠎ᠤ 《ᠵᠢᠭ᠋ᠠᠬᠠᠨ ᠰᠢᠷ᠎ᠠ ᠵᠥᠭᠡᠢ》 ᠴᠤᠯᠠ᠎ᠲᠤ ᠮᠤᠷᠢ 5 ᠮᠢᠨᠦ᠋ᠲ 5 ᠰᠧᠺᠦ᠋ᠨ᠋ᠳ᠋᠎ᠤᠨ ᠰᠢᠯᠢᠳᠡᠭ ᠬᠢᠷᠢ ᠪᠦᠲᠦᠮᠵᠢ᠎ᠪᠠᠷ ᠮᠠᠩᠯᠠᠢ᠌ᠯᠠᠵᠤ᠂ ᠲᠤᠬᠠᠢ ᠵᠢᠨ ᠲᠠᠯᠠᠪᠠᠢ᠎ᠳᠤ ᠠᠶᠤᠩᠭ᠎ᠠ ᠵᠢᠨ ᠳᠠᠭᠤᠨ ᠮᠡᠲᠦ ᠠᠯᠠᠭ᠎ᠠ ᠲᠡᠰᠢᠯᠲᠡ ᠵᠢᠨ ᠲᠠᠭᠤᠨ ᠨᠢᠵᠢᠭᠢᠨᠡᠪᠡ᠃ ᠡᠨᠡ ᠤᠳᠠᠭ᠎ᠠ ᠵᠢᠨ 《ᠬᠤᠷᠳᠤᠴᠠ ᠪᠠ ᠣᠷᠭᠢᠯᠤᠮ᠎ᠠ ᠰᠡᠳᠬᠢᠯᠭᠡ》 ᠵᠢᠨ ᠦᠵᠡᠯᠴᠡᠭᠡᠨ᠎ᠨᠢ ᠮᠣᠷᠢᠨ ᠨᠢᠷᠤᠭᠤᠨ ᠳᠡᠭᠡᠷᠡᠬᠢ ᠲᠠᠮᠢᠷᠴᠢᠳ᠎ᠤᠨ ᠤᠷ᠎ᠠ ᠮᠡᠷᠭᠡᠵᠢᠯ᠎ᠤᠨ ᠮᠥᠷᠥᠢ᠌ᠴᠡᠭᠡᠨ ᠪᠣᠯᠬᠤ᠎ᠪᠠᠷ ᠪᠠᠷᠠᠬᠤ ᠦᠭᠡᠢ᠂ ᠨᠠᠩ ᠴᠤ᠌ 《ᠮᠣᠷᠢᠨ ᠨᠢᠷᠤᠭᠤᠨ ᠳᠡᠭᠡᠷᠡᠬᠢ ᠠᠵᠤ ᠠᠬᠤᠢ》 ᠪᠣᠯᠣᠨ ᠰᠣᠶᠣᠯ ᠬᠤᠳᠠᠯᠳᠤᠭ᠎ᠠ ᠪᠡᠶ᠎ᠡ ᠵᠢᠨ ᠲᠠᠮᠢᠷ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠬᠦᠴᠦᠷᠬᠡᠭ ᠶᠡᠬᠡ ᠬᠥᠳᠡᠯᠭᠡᠭᠦᠷ᠎ᠢ ᠬᠥᠭᠵᠢᠭᠡᠭᠰᠡᠨ ᠪᠠᠢ᠌ᠨ᠎ᠠ᠃
ᠲᠥᠰᠥᠭᠡᠯᠡᠨ ᠪᠤᠳᠤᠭᠰᠠᠨ ᠵᠶ᠋ᠠᠷ ᠲᠣᠰ ᠤᠷᠤᠯᠳᠤᠭ᠋ᠠᠨ᠎ᠤ ᠰᠦᠯᠵᠢᠶᠡᠨ ᠭᠠᠳᠠᠨ᠎ᠠ 1.15 ᠲᠦᠮᠡ ᠭᠠᠷᠤᠢ ᠦᠵᠡᠭᠴᠢᠳ᠎ᠤᠨ ᠠᠩᠬᠠᠷᠤᠯ᠎ᠢ ᠲᠠᠲᠠᠵᠤ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠵᠢ ᠦᠵᠡᠭᠰᠡᠳ ᠨᠡᠶ᠋ᠢᠲᠡ 8.59 ᠲᠦᠮᠡᠨ ᠬᠥᠮᠥᠨ ᠤᠳᠠᠭ᠎ᠠ᠎ᠳᠤ ᠬᠥᠷᠪᠡ᠃ 330 ᠭᠠᠷᠤᠢ ᠲᠦᠮᠡᠨ ᠲᠥᠭᠥᠷᠢᠭ᠎ᠤᠨ ᠵᠢᠭᠤᠯᠴᠢᠯᠠᠯ᠎ᠤᠨ ᠣᠷᠣᠯᠭ᠎ᠠ ᠵᠢ ᠰᠢᠭᠤᠳ ᠪᠣᠶ ᠪᠣᠯᠭ᠋ᠠᠵᠤ᠂ 1500 ᠭᠠᠷᠤᠢ ᠲᠦᠮᠡᠨ ᠲᠥᠭᠥᠷᠢᠭ᠎ᠤᠨ ᠬᠡᠷᠡᠭᠯᠡᠭᠡ ᠵᠢ ᠳᠠᠮ ᠵᠶ᠋ᠠᠷ ᠳᠠᠶ᠋ᠢᠴᠢᠯᠠᠪᠠ᠃