ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠥᠪᠥᠷ ᠮᠣᠩᠭᠣᠯ᠎ᠤᠨ 4 ᠬᠤᠲᠠ ᠬᠣᠰᠢᠭᠤ 2025 ᠣᠨ᠎ᠤ ᠪᠦᠭᠦ ᠤᠯᠤᠰ᠎ᠤᠨ ᠰᠢᠶᠠᠨ᠎ᠤ ᠬᠡᠪᠴᠢᠶᠡᠨ᠎ᠤ ᠦᠪᠡᠷ ᠵᠶ᠋ᠡᠨ ᠮᠠᠰᠢᠨ ᠪᠠᠷᠢᠵᠤ ᠵᠢᠭᠤᠯᠴᠢᠯᠠᠬᠤ ᠬᠡᠪ ᠳᠠᠭᠤᠷᠢᠶᠠᠯ᠎ᠤᠨ ᠰᠢᠶᠠᠨ᠎ᠳᠤ ᠰᠤᠩᠭᠤᠭᠳᠠᠪᠠ
ᠨᠡᠶᠢᠲᠡᠯᠡᠭᠰᠡᠨ ᠴᠠᠭ᠄ 2025-05-23

ᠲᠦᠷᠦᠭᠦᠭᠡᠨ ᠦᠨᠲᠦᠷᠯᠡᠭᠰᠡᠨ 《ᠰᠣᠶᠣᠯ ᠵᠢᠭᠤᠯᠴᠢᠯᠠᠯ᠎ᠤᠨ ᠰᠢᠨ᠎ᠡ ᠨᠠᠷᠠᠲᠤ ᠲᠥᠷᠥᠯ ᠲᠡᠮᠲᠡᠭ᠎ᠢ ᠡᠭᠦᠳᠴᠦ ᠬᠡᠷᠡᠭᠯᠡᠭᠡᠨ᠎ᠤ ᠰᠢᠨ᠎ᠡ ᠬᠡᠷᠡᠭᠴᠡᠭᠡ ᠵᠢ ᠬᠠᠩᠭ᠋ᠠᠶ᠎ᠠ》 ᠭᠡᠬᠦ ᠭᠣᠣᠯ ᠰᠡᠲᠦᠪᠲᠦ 2025 ᠳᠡᠯᠡᠬᠡᠢ ᠵᠢᠨ ᠨᠠᠷᠠᠲᠤ ᠲᠥᠷᠥᠯ ᠲᠡᠮᠳᠡᠭᠲᠦ ᠵᠢᠨ ᠮᠦᠸᠧ ᠭᠠᠨ ᠱᠠᠨ᠎ᠤ ᠶᠡᠬᠡ ᠬᠤᠷᠠᠯ · ᠰᠣᠶᠣᠯ ᠵᠢᠭᠤᠯᠴᠢᠯᠠᠯ᠎ᠤᠨ ᠰᠢᠷᠢᠰ ᠠᠵᠢᠯᠯᠠᠭ᠋ᠠᠨ᠎ᠳᠤ᠂ 《ᠪᠦᠭᠦ ᠤᠯᠤᠰ᠎ᠤᠨ ᠰᠢᠶᠠᠨ᠎ᠤ ᠬᠡᠪᠴᠢᠶᠡᠨ᠎ᠤ ᠦᠪᠡᠷ ᠵᠶ᠋ᠡᠨ ᠮᠠᠰᠢᠨ ᠪᠠᠷᠢᠵᠤ ᠵᠢᠭᠤᠯᠴᠢᠯᠠᠬᠤ ᠰᠤᠳᠤᠯᠭ᠋ᠠᠨ᠎ᠤ ᠮᠡᠳᠡᠭᠦᠯᠦᠯᠲᠡ 2025》 ᠵᠢ ᠵᠢᠩᠬᠢᠨᠢ᠎ᠪᠠᠷ ᠨᠡᠢ᠌ᠲᠡᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠭᠦᠨ᠎ᠡ ᠬᠤᠲᠠ᠂ ᠷᠠᠰᠢᠶᠠᠨ ᠬᠤᠲᠠ᠂ ᠠᠯᠠᠱ᠌ᠠ ᠵᠡᠭᠦᠨ ᠬᠣᠰᠢᠭᠤ᠂ ᠵᠡᠭᠦᠨ ᠦᠵᠦᠮᠦᠴᠢᠨ ᠬᠣᠰᠢᠭᠤ 2025 ᠣᠨ᠎ᠤ ᠪᠦᠭᠦ ᠤᠯᠤᠰ᠎ᠤᠨ ᠰᠢᠶᠠᠨ᠎ᠤ ᠬᠡᠪᠴᠢᠶᠡᠨ᠎ᠤ ᠦᠪᠡᠷ ᠵᠶ᠋ᠡᠨ ᠮᠠᠰᠢᠨ ᠪᠠᠷᠢᠵᠤ ᠵᠢᠭᠤᠯᠴᠢᠯᠠᠬᠤ ᠬᠡᠪ ᠲᠠᠭᠤᠷᠢᠶᠠᠯᠲᠤ ᠰᠢᠶᠠᠨ ᠵᠶ᠋ᠠᠷ ᠰᠣᠩᠭᠣᠭᠳᠠᠪᠠ᠃

ᠨᠡᠢ᠌ᠲᠡᠯᠡᠭᠰᠡᠨ ᠡᠨᠡ ᠬᠦ᠌ 100 ᠬᠡᠪ ᠲᠠᠭᠤᠷᠢᠶᠠᠯᠲᠤ ᠰᠢᠶᠠᠨ᠎ᠤ ᠨᠡᠷᠡᠰ᠎ᠤᠨ ᠵᠢᠭᠰᠠᠭ᠋ᠠᠯᠲᠠ᠎ᠳᠤ ᠡᠷᠭᠦᠨ᠎ᠡ ᠬᠤᠲᠠ 40 ᠳ᠋ᠦ᠍ᠭᠡᠷ᠎ᠲᠤ ᠵᠢᠭᠰᠠᠭ᠋ᠠᠭᠳᠠᠵᠤ᠂ ᠷᠠᠰᠢᠶᠠᠨ ᠬᠤᠲᠠ 51 ᠳ᠋ᠤᠭ᠋ᠠᠷ᠎ᠲᠤ ᠵᠢᠭᠰᠠᠭ᠋ᠠᠭᠳᠠᠵᠤ᠂ ᠠᠯᠠᠱ᠌ᠠ ᠵᠡᠭᠦᠨ ᠬᠣᠰᠢᠭᠤ 54 ᠳ᠋ᠤᠭ᠋ᠠᠷ᠎ᠲᠤ ᠣᠷᠣᠵᠤ᠂ ᠵᠡᠭᠦᠨ ᠦᠵᠦᠮᠦᠴᠢᠨ ᠬᠣᠰᠢᠭᠤ 79 ᠳ᠋ᠦ᠍ᠭᠡᠷ᠎ᠲᠤ ᠵᠢᠭᠰᠠᠭ᠋ᠠᠭᠳᠠᠪᠠ᠃

ᠠᠩᠬᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠰᠢᠶᠠᠨ ᠎ᠤ ᠬᠡᠪᠴᠢᠶᠡᠨ᠎ᠤ ᠦᠪᠡᠷ ᠵᠶ᠋ᠡᠨ ᠮᠠᠰᠢᠨ ᠪᠠᠷᠢᠵᠤ ᠵᠢᠭᠤᠯᠴᠢᠯᠠᠬᠤ ᠰᠤᠳᠤᠯᠭ᠋ᠠᠨ᠎ᠤ ᠦᠷ᠎ᠡ ᠪᠦᠲᠦᠭᠡᠯ《ᠪᠦᠭᠦ ᠤᠯᠤᠰ᠎ᠤᠨ ᠰᠢᠶᠠᠨ᠎ᠤ ᠬᠡᠪᠴᠢᠶᠡᠨ᠎ᠤ ᠦᠪᠡᠷ ᠵᠶ᠋ᠡᠨ ᠮᠠᠰᠢᠨ ᠪᠠᠷᠢᠵᠤ ᠵᠢᠭᠤᠯᠴᠢᠯᠠᠬᠤ ᠰᠤᠳᠤᠯᠭ᠋ᠠᠨ᠎ᠤ ᠮᠡᠳᠡᠭᠦᠯᠦᠯᠲᠡ 2025》 ᠵᠢᠴᠢ《2025 ᠪᠦᠭᠦ ᠤᠯᠤᠰ᠎ᠤᠨ ᠰᠢᠶᠠᠨ᠎ᠤ ᠬᠡᠪᠴᠢᠶᠡᠨ᠎ᠤ ᠥᠪᠡᠷ ᠵᠶ᠋ᠡᠨ ᠮᠠᠰᠢᠨ ᠪᠠᠷᠢᠵᠤ ᠵᠢᠭᠤᠯᠴᠢᠯᠠᠬᠤ ᠬᠡᠪ ᠲᠠᠭᠤᠷᠢᠶᠠᠯᠲᠤ ᠰᠢᠶᠠᠨ》᠎ᠤ ᠨᠡᠷᠡᠰ᠎ᠢ ᠪᠦᠭᠦ ᠤᠯᠤᠰ᠎ᠤᠨ ᠰᠢᠶᠠᠨ᠎ᠤ ᠬᠡᠪᠴᠢᠶᠡᠨ᠎ᠤ ᠵᠢᠭᠤᠯᠴᠢᠯᠠᠯ᠎ᠤᠨ ᠰᠤᠳᠤᠯᠭ᠋ᠠᠨ᠎ᠤ ᠰᠡᠳᠦᠪ ᠎ᠤᠨ ᠲᠤᠭᠤᠢ᠌ᠯᠠᠩ᠂ ᠬᠤᠸᠠ ᠰᠢᠶᠠ ᠪᠠᠢ ᠴᠢᠶᠠᠩ ᠵᠢᠭᠤᠯᠴᠢᠯᠠᠯ᠎ᠤᠨ ᠵᠦᠪᠯᠡᠯᠭᠡ ᠵᠢᠨ ᠲᠥᠪ᠎ᠠᠴᠠ ᠬᠠᠮᠲᠤᠷᠠᠨ ᠨᠡᠢ᠌ᠲᠡᠯᠡᠵᠦ᠂ ᠮᠠᠨ᠎ᠤ ᠤᠯᠤᠰ᠎ᠤᠨ ᠰᠢᠶᠠᠨ᠎ᠤ ᠬᠡᠪᠴᠢᠶᠡᠨ᠎ᠤ ᠥᠪᠡᠷ ᠵᠶ᠋ᠡᠨ ᠮᠠᠰᠢᠨ ᠪᠠᠷᠢᠵᠤ ᠵᠢᠭᠤᠯᠴᠢᠯᠠᠬᠤ ᠬᠥᠭᠵᠢᠯᠲᠡ ᠵᠢᠨ ᠣᠳᠣᠬᠢ ᠪᠠᠢ᠌ᠳᠠᠯ᠂ ᠵᠠᠬ᠎ᠠ ᠳᠡᠯᠭᠡᠭᠦᠷ ᠎ᠤᠨ ᠬᠡᠪᠴᠢᠶ᠎ᠡ᠂ ᠬᠡᠷᠡᠭᠯᠡᠭᠡᠨ᠎ᠤ ᠣᠨᠴᠠᠯᠢᠭ᠂ ᠣᠷᠣᠨ ᠪᠦᠰᠡ ᠵᠢᠨ ᠪᠠᠢ᠌ᠷᠢᠰᠢᠯ ᠵᠢᠴᠢ ᠢᠷᠡᠭᠡᠳᠦᠢ ᠵᠢᠨ ᠬᠠᠨᠳᠤᠰᠢ ᠵᠢ ᠪᠦᠭᠦ ᠲᠠᠯ᠎ᠠ᠎ᠪᠠᠷ ᠵᠠᠳᠠᠯᠪᠠ᠃ 2025 ᠣᠨ᠎ᠳᠤ ᠪᠦᠭᠦ ᠤᠯᠤᠰ᠎ᠤᠨ ᠰᠢᠶᠠᠨ᠎ᠤ ᠬᠡᠪᠴᠢᠶᠡᠨ᠎ᠤ ᠥᠪᠡᠷ ᠵᠶ᠋ᠠᠨ ᠮᠠᠰᠢᠨ ᠪᠠᠷᠢᠵᠤ ᠵᠢᠭᠤᠯᠴᠢᠯᠠᠬᠤ ᠵᠢᠭᠤᠯᠴᠢᠯᠠᠯ᠎ᠤᠨ ᠰᠤᠳᠤᠯᠭ᠋ᠠᠨ᠎ᠤ ᠡᠲᠡᠭᠡᠳ᠎ᠨᠢ ᠡᠬᠡ ᠬᠠᠭᠤᠷᠠᠢ ᠵᠢᠨ ᠭᠠᠵᠠᠷ ᠣᠷᠣᠨ᠎ᠤ 1866 ᠰᠢᠶᠠᠨ (ᠰᠢᠶᠠᠨ᠎ᠤ ᠲᠠᠰ᠎ᠤᠨ ᠬᠤᠲᠠ᠂ ᠥᠪᠡᠷᠲᠡᠭᠡᠨ ᠵᠠᠰᠠᠬᠤ ᠰᠢᠶᠠᠨ᠂ ᠬᠣᠰᠢᠭᠤ᠂ ᠥᠪᠡᠷᠲᠡᠭᠡᠨ ᠵᠠᠰᠠᠬᠤ ᠬᠣᠰᠢᠭᠤ᠂ ᠤᠨᠴᠠᠭ᠋ᠠᠢ ᠤᠷᠤᠨ᠂ ᠰᠢᠭᠤᠢ᠌ᠲᠤ ᠣᠷᠣᠨ᠎ᠢ ᠪᠠᠭᠲᠠᠭ᠋ᠠᠨ᠎ᠠ) ᠪᠣᠯᠣᠨ᠎ᠠ᠃

ᠮᠡᠳᠡᠭᠦᠯᠦᠯᠲᠡ᠎ᠠᠴᠠ ᠦᠵᠡᠪᠡᠯ᠂ 2025 ᠣᠨ᠎ᠳᠤ ᠮᠠᠨ᠎ᠤ ᠤᠯᠤᠰ᠎ᠤᠨ ᠰᠢᠶᠠᠨ᠎ᠤ ᠬᠡᠪᠴᠢᠶᠡᠨ᠎ᠤ ᠥᠪᠡᠷ ᠵᠶ᠋ᠠᠨ ᠮᠠᠰᠢᠨ ᠪᠠᠷᠢᠵᠤ ᠵᠢᠭᠤᠯᠴᠢᠯᠠᠬᠤ ᠵᠠᠬ᠎ᠠ ᠳᠡᠯᠭᠡᠭᠦᠷ᠎ᠤᠨ ᠬᠡᠪᠴᠢᠶ᠎ᠡ 2 ᠲᠦᠮᠡᠨ ᠳ᠋ᠦᠩᠰᠢᠭᠤᠷ ᠲᠥᠭᠥᠷᠢᠭ᠎ᠢ ᠳᠠᠪᠠᠬᠤ ᠪᠣᠯᠣᠮᠵᠢ᠎ᠲᠠᠢ ᠪᠠᠢ᠌ᠵᠤ᠂ ᠶᠠᠪᠤᠵᠤ ᠰᠠᠭᠤᠬᠤ ᠬᠥᠮᠥᠨ ᠤᠳᠠᠭ᠎ᠠ 40 ᠳ᠋ᠦᠩᠰᠢᠭᠤᠷ᠎ᠢ ᠳᠠᠪᠠᠵᠤ᠂ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠲᠤ ᠡᠵᠡᠯᠡᠬᠦ ᠬᠤᠪᠢ ᠵᠢᠨ ᠵᠢᠩ᠎ᠨᠢ 80 % ᠵᠢ ᠳᠠᠪᠠᠬᠤ ᠪᠣᠯᠣᠨ᠎ᠠ᠃ ᠰᠢᠶᠠᠨ᠎ᠤ ᠬᠡᠪᠴᠢᠶᠡᠨ᠎ᠤ ᠥᠪᠡᠷ ᠵᠶ᠋ᠠᠨ ᠮᠠᠰᠢᠨ ᠪᠠᠷᠢᠵᠤ ᠵᠢᠭᠤᠯᠴᠢᠯᠠᠬᠤ᠎ᠨᠢ ᠨᠢᠭᠡᠨᠲᠡ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠰᠢᠨ᠎ᠡ ᠨᠡᠮᠡᠭᠳᠡᠯ᠎ᠤᠨ ᠴᠡᠭ ᠪᠣᠯᠵᠤ᠂ ᠣᠢ᠌ᠷ᠎ᠠ ᠵᠢᠨ ᠠᠷᠪᠠᠨ ᠵᠢᠯ᠎ᠳᠤ ᠵᠢᠯ ᠳᠤᠮᠳᠠᠴᠢ ᠵᠢᠨ ᠨᠡᠢ᠌ᠯᠡᠮᠡᠯ ᠨᠡᠮᠡᠭᠳᠡᠯ᠎ᠤᠨ ᠨᠣᠷᠮ᠎ᠠ᠎ᠨᠢ 15% ᠵᠢ ᠳᠠᠪᠠᠵᠤ᠂ ᠵᠢᠭᠤᠯᠴᠢᠯᠠᠯ᠎ᠤᠨ ᠦᠢ᠍ᠯᠡᠰ᠎ᠤᠨ ᠪᠦᠬᠦᠢ᠌ᠯᠡ ᠨᠡᠮᠡᠭᠳᠡᠯ᠎ᠤᠨ ᠬᠤᠷᠳᠤᠴᠠ᠎ᠠᠴᠠ ᠢᠯᠡᠳᠲᠡ ᠥᠨᠳᠥᠷ ᠪᠣᠯᠪᠠ᠃

ᠢᠷᠡᠯᠲᠡ᠄ ᠰᠢᠨᠬᠤᠸᠠ ᠬᠣᠷᠢᠶ᠎ᠠ
          
ᠬᠠᠮᠢᠶ᠎ᠡ ᠪᠦᠬᠦᠢ ᠰᠣᠨᠢᠨ
 
            