ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠥᠪᠥᠷ ᠮᠣᠩᠭᠣᠯ᠎ᠤᠨ ᠲᠠᠯ᠎ᠠ ᠨᠤᠲᠤᠭ᠎ᠲᠤ ᠭᠤᠸᠠᠩᠰᠢ ᠵᠢᠨ 《ᠬᠠᠪᠤᠷ᠎ᠤᠨ ᠬᠤᠷ᠎ᠠ》 ᠣᠷᠣᠵᠤ ᠪᠠᠢ᠌ᠨ᠎ᠠ
ᠨᠡᠶᠢᠲᠡᠯᠡᠭᠰᠡᠨ ᠴᠠᠭ᠄ 2025-07-30

7 ᠳ᠋ᠤᠭ᠋ᠠᠷ ᠰᠠᠷ᠎ᠠ ᠵᠢᠨ 24᠎ᠤ ᠣᠷᠣᠢ᠂ 《ᠬᠠᠪᠤᠷ᠎ᠤᠨ ᠬᠤᠷ᠎ᠠ ᠢᠨᠵᠧᠨᠧᠷᠢᠩ》 2025 ᠣᠨ᠎ᠤ ᠭᠤᠸᠠᠩᠰᠢ— ᠦᠪᠦᠷ ᠮᠤᠩᠭᠤᠯ᠎ᠤᠨ ᠣᠯᠠᠨ ᠨᠡᠢ᠌ᠲᠡ ᠵᠢᠨ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠦᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠎ᠤ ᠣᠯᠠᠨ ᠴᠢᠳᠠᠮᠵᠢᠲᠤ ᠲᠢᠩᠬᠢᠮ᠎ᠳᠤ ᠶᠠᠪᠤᠭᠳᠠᠪᠠ᠃ ᠬᠣᠶᠠᠷ ᠭᠠᠵᠠᠷ᠎ᠤᠨ ᠰᠣᠶᠣᠯ᠎ᠤᠨ ᠭᠦᠨᠵᠡᠭᠡᠢ ᠶᠠᠷᠢᠯᠴᠠᠭ᠎ᠠ᠂ ᠬᠣᠶᠠᠷ ᠭᠠᠵᠠᠷ᠎ᠤᠨ ᠰᠣᠶᠣᠯ᠎ᠤᠨ ᠰᠠᠢ᠌ᠨ ᠳᠤᠷᠠᠴᠤᠳ᠎ᠤᠨ ᠤᠶᠠᠬᠠᠨ ᠠᠶᠠᠯᠭᠤ ᠤᠷᠠᠨ ᠪᠦᠵᠢᠭ᠎ᠨᠢ 《ᠬᠠᠪᠤᠷ᠎ᠤᠨ ᠬᠤᠷ᠎ᠠ ᠢᠨᠵᠧᠨᠧᠷᠢᠩ》 ᠭᠡᠬᠦ ᠡᠨᠡ ᠬᠦ᠌ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠤᠨ ᠠᠭᠤᠯᠬᠤᠨ᠎ᠢ ᠪᠠᠰᠠ ᠨᠢᠭᠡ ᠤᠳᠠᠭ᠎ᠠ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠲᠠᠢ᠌ᠯᠪᠤᠷᠢᠯᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠳᠤᠮᠳᠠᠬᠢ ᠴᠢᠬᠤᠯᠠ ᠦᠢ᠍ᠯᠡᠳᠦᠯ᠎ᠢ ᠪᠠᠳᠠᠷᠠᠭᠤᠯᠤᠭᠰᠠᠨ ᠪᠠᠢ᠌ᠨ᠎ᠠ᠃

ᠭᠣᠢ᠌ᠳᠠ ᠰᠠᠢ᠌ᠬᠠᠨ ᠤᠷᠠᠨ ᠰᠠᠢ᠌ᠬᠠᠨ᠎ᠤ ᠲᠣᠭᠯᠠᠯᠲᠠ᠎ᠠᠴᠠ ᠭᠠᠳᠠᠨ᠎ᠠ᠂ ᠭᠤᠸᠠᠩᠰᠢ ᠵᠢᠨ ᠰᠣᠶᠣᠯ ᠵᠢᠭᠤᠯᠴᠢᠯᠠᠯ᠎ᠤᠨ ᠰᠠᠢ᠌ᠨ ᠲᠤᠷᠠᠴᠤᠳ ᠥᠪᠥᠷ ᠮᠣᠩᠭᠣᠯ᠎ᠤᠨ ᠦᠵᠡᠭᠴᠢᠳ᠎ᠲᠤ ᠭᠤᠸᠠᠩᠰᠢ ᠵᠢᠨ ᠣᠨᠴᠠᠯᠢᠭ᠎ᠲᠠᠢ ᠦᠨᠳᠦᠰᠦᠲᠡᠨ᠎ᠤ ᠰᠣᠶᠣᠯ᠂ ᠡᠯᠪᠡᠭ ᠪᠠᠶᠠᠯᠢᠭ ᠡᠳ᠋ ᠭᠠᠷᠤᠯᠲᠠ ᠪᠣᠯᠣᠨ ᠰᠣᠩᠭᠣᠳᠠᠭ ᠵᠢᠭᠤᠯᠴᠢᠯᠠᠯ᠎ᠤᠨ ᠵᠠᠮ ᠱᠤᠭᠤᠮ᠎ᠢ ᠲᠠᠨᠢᠯᠴᠠᠭᠤᠯᠵᠠᠢ᠃ ᠡᠭᠦᠨ᠎ᠤ ᠬᠠᠮᠲᠤ ᠪᠠᠰᠠ ᠠᠪᠠᠷᠠᠶ ᠵᠢᠮᠢᠰ᠂ ᠯᠠᠪᠠᠢ ᠵᠢᠨ ᠹᠸᠨᠲᠢᠶᠣᠣᠷ᠂ ᠵᠦᠩᠨᠡᠯ ᠪᠡᠯᠭᠡ᠎ᠲᠠᠢ ᠦᠭᠡ ᠬᠠᠳᠬᠤᠭᠰᠠᠨ ᠬᠠᠳᠬᠤᠮᠠᠯ ᠪᠥᠮᠪᠥᠭᠡ ᠵᠡᠷᠭᠡ ᠵᠢ ᠲᠠᠢ᠌ᠰᠠᠨ ᠳᠣᠣᠷᠠᠬᠢ ᠦᠵᠡᠭᠴᠢᠳ᠎ᠲᠠᠢ ᠬᠤᠪᠢᠶᠠᠯᠴᠠᠪᠠ᠃

ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠣᠯᠠᠨ ᠨᠡᠶ᠋ᠢᠲᠡ ᠵᠢᠨ ᠰᠣᠶᠣᠯ᠎ᠤᠨ ᠭᠠᠵᠠᠷ᠎ᠤᠨ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ 《ᠬᠠᠪᠤᠷ᠎ᠤᠨ ᠬᠤᠷ᠎ᠠ ᠢᠨᠵᠧᠨᠧᠷᠢᠩ》 2025 ᠭᠤᠸᠠᠩᠰᠢ ᠵᠢᠨ ᠰᠣᠶᠣᠯ ᠪᠠ ᠵᠢᠭᠤᠯᠴᠢᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠣᠯᠢᠯᠴᠠᠭ᠋ᠠᠨ᠎ᠤ ᠠᠵᠢᠯᠯᠠᠭ᠎ᠠ ᠪᠠᠰᠠ ᠤᠯᠠᠭ᠋ᠠᠨᠴᠠᠪ ᠬᠣᠲᠠ ᠵᠡᠷᠭᠡ ᠭᠠᠵᠠᠷ᠎ᠲᠤ ᠭᠦᠨᠵᠡᠭᠡᠢ᠌ᠷᠡᠵᠦ᠂ 7 ᠳ᠋ᠤᠭ᠋ᠠᠷ ᠰᠠᠷ᠎ᠠ ᠵᠢᠨ 28᠎ᠤ ᠡᠳᠦᠷ ᠪᠣᠯᠲᠠᠯ᠎ᠠ ᠶᠠᠪᠤᠭᠳᠠᠬᠤ ᠪᠣᠯᠣᠨ᠎ᠠ᠂ ᠡᠨᠡ᠎ᠨᠢ ᠰᠣᠶᠣᠯ ᠪᠠ ᠵᠢᠭᠤᠯᠴᠢᠯᠠᠯ᠎ᠤᠨ ᠰᠠᠢ᠌ᠨ ᠳᠤᠷᠠᠴᠤᠳ᠎ᠤᠨ ᠠᠩᠭᠢ ᠵᠢᠨ ᠲᠤᠬᠠᠢ ᠵᠢᠨ ᠭᠠᠵᠠᠷ᠎ᠤᠨ ᠤᠳᠬ᠎ᠠ ᠤᠷᠠᠯᠢᠭ᠎ᠤᠨ ᠭᠣᠣᠯᠯᠠᠭᠴᠢ ᠬᠦᠴᠦᠨ᠎ᠲᠠᠢ 《ᠭᠠᠷ ᠭᠠᠷ ᠵᠶ᠋ᠠᠨ ᠬᠣᠯᠪᠣᠯᠴᠠᠨ》᠂ ᠲᠣᠭᠯᠠᠯᠲᠠ ᠵᠢᠨ ᠪᠦᠲᠦᠭᠡᠯ ᠵᠤᠬᠢᠶᠠᠬᠤ᠂ ᠬᠠᠮᠲᠤᠷᠠᠨ ᠲᠣᠭᠯᠠᠯᠲᠠ ᠭᠠᠷᠭ᠋ᠠᠬᠤ᠂ ᠶᠠᠷᠢᠯᠴᠠᠨ ᠵᠥᠪᠳᠡᠯᠴᠡᠬᠦ ᠵᠢ ᠤᠯᠠᠮ ᠨᠢᠭᠡ ᠠᠯᠬᠤᠮ ᠠᠬᠢᠭᠤᠯᠵᠤ᠂ ᠵᠣᠬᠢᠶᠠᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠪᠣᠯᠣᠨ᠎ᠠ᠃

 

 

ᠢᠷᠡᠯᠲᠡ᠄ ᠳᠤᠮᠳᠠᠳᠤ ᠤᠯᠤᠰ᠎ᠤᠨ ᠰᠣᠶᠣᠯ ᠵᠢᠭᠤᠯᠴᠢᠯᠠᠯ
          
ᠬᠠᠮᠢᠶ᠎ᠡ ᠪᠦᠬᠦᠢ ᠰᠣᠨᠢᠨ
 
            