ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠠᠵᠢᠯ ᠲᠥᠷᠥᠯ᠎ᠤᠨ ᠪᠠᠷᠢᠮᠵᠢᠶ᠎ᠠ ᠵᠢ ᠤᠬᠠᠭᠤᠯᠤᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄ 2025-07-10

6 ᠳ᠋ᠤᠭ᠋ᠠᠷ ᠰᠠᠷ᠎ᠠ ᠵᠢᠨ 20᠎ᠤ ᠡᠳᠦᠷ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠰᠤᠷᠭ᠋ᠠᠨ ᠬᠥᠮᠦᠵᠢᠯ᠎ᠤᠨ ᠵᠤᠷᠭ᠋ᠠᠨ᠎ᠠᠴᠠ ᠵᠢᠯᠤᠭᠤᠲᠤᠨ᠂ ᠬᠠᠷᠠᠮᠥ᠋ᠷᠡᠨ ᠮᠤᠵᠢ ᠵᠢᠨ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠳᠠᠭ᠋ᠠᠭ᠋ᠠᠴᠢᠯᠠᠨ ᠡᠷᠭᠢᠯᠡᠭᠰᠡᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠠᠵᠢᠯ ᠲᠥᠷᠥᠯ᠎ᠤᠨ ᠪᠠᠷᠢᠮᠵᠢᠶ᠎ᠠ ᠵᠢᠨ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠳᠤ᠎ᠬᠢ ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠭᠤᠯᠤᠯ ᠬᠠᠷᠠᠮᠥ᠋ᠷᠡᠨ ᠮᠤᠵᠢ ᠵᠢᠨ ᠬᠠᠷᠪᠢᠨ ᠬᠤᠲᠠ᠎ᠳᠤ ᠶᠠᠪᠤᠭᠳᠠᠪᠠ᠃ ᠬᠠᠷᠠᠮᠥ᠋ᠷᠡᠨ᠂ ᠭᠢᠷᠢᠨ᠂ ᠯᠢᠶᠣᠤᠨᠢᠩ᠂ ᠥᠪᠥᠷ ᠮᠣᠩᠭᠣᠯ᠎ᠤᠨ ᠵᠢᠭᠤᠯᠴᠢᠯᠠᠯ᠎ᠤᠨ ᠰᠢᠰᠲ᠋ᠧᠮ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠵᠢᠴᠢ ᠬᠡᠰᠡᠭ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠨᠡᠶ᠋ᠢᠲᠡ 120 ᠭᠠᠷᠤᠢ ᠬᠥᠮᠥᠨ ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠯ᠎ᠳᠤ ᠣᠷᠣᠯᠴᠠᠪᠠ᠃

ᠠᠵᠢᠯᠯᠠᠭ᠋ᠠᠨ᠎ᠤ ᠬᠤᠭᠤᠴᠠᠭ᠋ᠠᠨ᠎ᠳᠤ᠂ ᠵᠧᠵᠢᠶᠠᠩ ᠮᠤᠵᠢ ᠵᠢᠨ ᠵᠢᠭᠤᠯᠴᠢᠯᠠᠯ᠎ᠤᠨ ᠬᠥᠭᠵᠢᠯᠲᠡ ᠵᠢᠨ ᠰᠤᠳᠤᠯᠭ᠋ᠠᠨ᠎ᠤ ᠲᠥᠪ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠤᠳᠤᠯᠭ᠋ᠠᠨ᠎ᠤ ᠭᠠᠵᠠᠷ᠎ᠤᠨ ᠳᠠᠷᠤᠭ᠎ᠠ ᠳ᠋ᠧᠩ ᠳ᠋ᠧ ᡁᠢ᠂ ᠦᠬᠠᠨ᠎ᠤ ᠰᠢᠤᠸᠠᠢ ᡁᠢ ᠡᠦ ᠳ᠋ᠡ ᠣᠯᠠᠨ ᠤᠯᠤᠰ᠎ᠤᠨ ᠵᠢᠭᠤᠯᠴᠢᠯᠠᠯ᠎ᠤᠨ ᠭᠠᠵᠠᠷ᠎ᠤᠨ ᠬᠢᠵᠠᠭ᠋ᠠᠷᠲᠤ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠴᠧᠨ ᠰᠢᠤᠸᠠᠢ ᠯᠠᠨ᠂ ᠵᠧᠵᠢᠶᠠᠩ᠎ᠤᠨ ᠵᠢᠭᠤᠯᠴᠢᠯᠠᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠳᠡᠳ᠋ ᠫᠷᠤᠹᠧᠰᠰᠤᠷ ᠪᠢᠶᠠᠨ ᠰᠢ ᠶᠢᠩ᠂ 《ᠭᠠᠳᠠᠭ᠋ᠠᠲᠤ᠎ᠳᠤ ᠭᠠᠷᠴᠤ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠦᠢ᠍ᠯᠡᠴᠢᠯᠡᠭᠡᠨ᠎ᠤ ᠱᠠᠭ᠋ᠠᠷᠳᠠᠯᠭ᠎ᠠ》᠂ 《ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠦᠢ᠍ᠯᠡᠴᠢᠯᠡᠭᠡᠨ᠎ᠤ ᠱᠠᠭ᠋ᠠᠷᠳᠠᠯᠭ᠎ᠠ》᠂ 《ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠬᠢᠴᠢᠶᠡᠯ ᠬᠢᠭᠡᠳ ᠵᠠᠮ ᠱᠤᠭᠤᠮ᠎ᠤᠨ ᠵᠢᠷᠤᠭ ᠲᠥᠯᠥᠪᠯᠡᠭᠡ ᠵᠢᠨ ᠵᠦᠭᠯᠡᠭᠦᠷ》 ᠵᠡᠷᠭᠡ ᠭᠤᠷᠪᠠᠨ ᠰᠢᠨ᠎ᠡ ᠪᠠᠷᠢᠮᠵᠢᠶ᠎ᠠ᠎ᠳᠤ ᠲᠣᠰ ᠲᠣᠰ ᠲᠠᠢ᠌ᠯᠤᠮᠵᠢ ᠬᠢᠪᠡ᠃ ᠬᠠᠷᠠᠮᠥ᠋ᠷᠡᠨ ᠮᠤᠵᠢ ᠵᠢᠨ ᠳ᠋ᠠᠴᠢᠩ ᠬᠤᠲᠠ ᠵᠢᠨ ᠰᠣᠶᠣᠯ ᠷᠠᠳᠢᠣ᠋ ᠲᠧᠯᠸᠢᠰ ᠪᠠ ᠵᠢᠭᠤᠯᠴᠢᠯᠠᠯ᠎ᠤᠨ ᠲᠣᠪᠴᠢᠶ᠎ᠠ᠂ ᠠᠨᠾᠦ᠋ᠢ ᠮᠤᠵᠢ ᠵᠢᠨ ᠰᠢᠶᠠᠩ ᠶᠤᠸᠠᠨ ᠴᠢ ᠶᠦᠨ ᠱᠠᠨ ᠠᠮᠢ ᠠᠬᠤᠢ ᠵᠢᠨ ᠰᠣᠶᠣᠯ ᠵᠢᠭᠤᠯᠴᠢᠯᠠᠯ᠎ᠤᠨ ᠠᠮᠠᠷᠠᠯᠲᠠ ᠵᠢᠨ ᠣᠷᠣᠨ᠂ ᠵᠧᠵᠢᠶᠠᠩ ᠮᠤᠵᠢ ᠵᠢᠨ ᠬᠠᠩᠵᠧᠦ (ᠣᠯᠠᠨ ᠤᠯᠤᠰ) ᠵᠢᠨ ᠵᠠᠯᠠᠭᠤᠴᠤᠳ ᠪᠠᠭ᠋ᠠᠴᠤᠳ᠎ᠤᠨ ᠳ᠋ᠦᠩ ᠴᠢᠶᠤᠤ ᠪᠠᠭᠤᠴᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠨᠠᠷ ᠭᠤᠷᠪᠠᠨ ᠵᠦᠢ᠍ᠯ᠎ᠤᠨ ᠪᠠᠷᠢᠮᠵᠢᠶ᠎ᠠ ᠵᠢ ᠬᠡᠷᠡᠭᠵᠢᠭᠦᠯᠦᠭᠰᠡᠨ ᠪᠠᠢ᠌ᠳᠠᠯ᠎ᠲᠠᠢ ᠤᠶᠠᠯᠳᠤᠭᠤᠯᠤᠨ ᠬᠡᠷᠡᠭ᠎ᠤᠨ ᠵᠢᠱ᠌ᠢᠶ᠎ᠡ ᠵᠢ ᠬᠤᠪᠢᠶᠠᠯᠴᠠᠪᠠ᠃

ᠲᠣᠰ ᠤᠳᠠᠭ᠋ᠠᠨ᠎ᠤ ᠪᠣᠯᠪᠠᠰᠤᠷᠠᠭᠤᠯᠤᠯ ᠪᠣᠯ 《ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠵᠢᠭᠤᠯᠴᠢᠯᠠᠯ᠎ᠤᠨ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠠᠬᠢᠭᠤᠯᠬᠤ ᠲᠤᠬᠠᠢ ᠲᠣᠭᠲᠠᠭ᠋ᠠᠯ》᠂ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠰᠣᠶᠣᠯ ᠵᠢᠭᠤᠯᠴᠢᠯᠠᠯ᠎ᠤᠨ ᠠᠵᠢᠯᠯᠠᠭᠰᠠᠳ᠎ᠤᠨ ᠨᠡᠪᠲᠡᠷᠡᠯᠴᠡᠨ ᠬᠠᠮᠵᠢᠯᠴᠠᠬᠤ᠂ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠪᠦᠲᠦᠭᠡᠭᠳᠡᠭᠦᠨ᠎ᠤ ᠬᠠᠩᠭ᠋ᠠᠯᠭ᠎ᠠ ᠵᠢᠨ ᠴᠢᠳᠠᠪᠤᠷᠢ ᠪᠠ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ ᠪᠣᠳᠠᠲᠠᠢ ᠠᠷᠭ᠎ᠠ ᠬᠡᠮᠵᠢᠶ᠎ᠡ ᠪᠠᠢ᠌ᠵᠤ᠂ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠬᠥᠭᠵᠢᠯᠲᠡ ᠵᠢᠨ ᠰᠢᠨ᠎ᠡ ᠪᠠᠢ᠌ᠳᠠᠯ᠎ᠢ ᠡᠭᠦᠳᠬᠦ᠎ᠳᠤ ᠠᠰᠢᠭᠲᠠᠢ ᠶᠤᠮ᠃

ᠢᠷᠡᠯᠲᠡ᠄ ᠬᠠᠷᠠᠮᠥ᠋ᠷᠡᠨ ᠮᠤᠵᠢ ᠵᠢᠨ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            