ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠡᠭᠴᠡᠯᠡᠨ ᠵᠠᠰᠠᠬᠤ ᠠᠵᠢᠯ᠎ᠢ ᠠᠬᠢᠭᠤᠯᠬᠤ ᠬᠤᠷᠠᠯ ᠬᠥᠬᠡᠬᠣᠲᠠ᠎ᠳᠤ ᠬᠤᠷᠠᠯᠳᠤᠪᠠ
ᠨᠡᠶᠢᠲᠡᠯᠡᠭᠰᠡᠨ ᠴᠠᠭ᠄ 2025-04-25

4 ᠳ᠋ᠣᠭᠡᠷ ᠰᠠᠷ᠎ᠠ ᠵᠢᠨ 15᠎ᠤ ᠡᠳᠦᠷ᠂ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠡᠭᠴᠡᠯᠡᠨ ᠵᠠᠰᠠᠬᠤ ᠠᠵᠢᠯ᠎ᠢ ᠠᠬᠢᠭᠤᠯᠬᠤ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ᠎ᠠᠴᠠ᠂ ᠣᠢ᠌ᠷ᠎ᠠ ᠵᠢᠨ ᠬᠤᠭᠤᠴᠠᠭ᠋ᠠᠨ᠎ᠤ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠡᠭᠴᠡᠯᠡᠨ ᠵᠠᠰᠠᠬᠤ ᠠᠵᠢᠯ᠎ᠢ ᠥᠷᠨᠢᠭᠦᠯᠦᠭᠰᠡᠨ ᠪᠠᠢ᠌ᠳᠠᠯ᠎ᠢ ᠮᠡᠳᠡᠭᠳᠡᠵᠦ᠂ ᠡᠮᠦᠨᠡᠬᠢ ᠬᠤᠭᠤᠴᠠᠭ᠋ᠠᠨ᠎ᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠵᠢ ᠳ᠋ᠦᠩᠨᠡᠵᠦ᠂ ᠣᠷᠣᠰᠢᠵᠤ ᠪᠠᠢ᠌ᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠵᠢ ᠵᠠᠳᠠᠯᠵᠤ᠂ ᠳᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠪᠠᠢ᠌ᠷᠢᠯᠠᠭᠤᠯᠪᠠ᠃

ᠬᠤᠷᠠᠯ᠎ᠠᠴᠠ᠂ ᠳᠥᠷᠪᠡᠨ ᠭᠠᠵᠠᠷ᠎ᠤᠨ᠎ᠬᠢᠨ ᠵᠢᠭᠤᠯᠴᠢᠯᠠᠯ᠎ᠤᠨ ᠠᠵᠢᠯ ᠲᠥᠷᠥᠯ᠎ᠤᠨ ᠵᠢᠭᠤᠯᠴᠢᠯᠠᠯ᠎ᠤᠨ ᠬᠦᠲᠦᠴᠢ ᠵᠢᠨ ᠡᠷᠦᠢ ᠬᠤᠷᠤᠢ ᠦᠭᠡᠢ ᠦᠵᠡᠭᠳᠡᠯ᠂ ᠠᠯᠪᠠᠳᠠᠯᠭ᠎ᠠ᠎ᠪᠠᠷ ᠬᠤᠳᠠᠯᠳᠤᠨ ᠠᠪᠤᠭᠤᠯᠬᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠵᠠᠰᠠᠯᠲᠠ ᠵᠢ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠵᠤ᠂ 《ᠵᠦᠢ ᠵᠣᠬᠢᠰ ᠦᠭᠡᠢ ᠬᠢᠮᠳᠠ ᠦᠨ᠎ᠡ ᠵᠢᠨ ᠵᠢᠭᠤᠯᠴᠢᠯᠠᠯ》 ᠭᠡᠬᠦ ᠡᠨᠡ ᠬᠦ᠌ 《ᠦᠬᠡᠷ᠎ᠤᠨ ᠬᠠᠮᠠᠷ》᠎ᠢ ᠴᠢᠩᠭ᠎ᠠ ᠪᠠᠷᠢᠵᠤ᠂ ᠵᠢᠭᠤᠯᠴᠢᠯᠠᠯ᠎ᠤᠨ ᠬᠥᠲᠥᠴᠢ ᠵᠢᠨ ᠬᠠᠮᠢᠶᠠᠷᠤᠯᠲᠠ ᠭᠡᠬᠦ ᠡᠨᠡ ᠬᠦ᠌ 《ᠵᠠᠩᠭᠢᠯᠠᠭ᠎ᠠ ᠵᠢᠨ ᠴᠡᠭ》᠎ᠢ ᠠᠳᠬᠤᠨ᠂ ᠬᠤᠳᠠᠯᠳᠤᠭ᠋ᠠᠨ᠎ᠤ ᠲᠠᠯᠠᠪᠤᠷ ᠭᠡᠬᠦ ᠡᠨᠡ ᠬᠦ᠌ 《ᠲᠦᠭᠰᠢᠭᠦᠷᠢᠲᠦ ᠣᠷᠣᠨ》᠎ᠢ ᠰᠠᠢ᠌ᠲᠤᠷ ᠬᠠᠮᠢᠶᠠᠷᠴᠤ᠂ ᠶᠡᠷᠦᠩᠬᠡᠢ᠌ᠯᠡᠨ ᠬᠢᠨᠠᠨ ᠬᠠᠮᠢᠶᠠᠷᠬᠤ ᠡᠨᠡ ᠬᠦ᠌ 《ᠬᠠᠮ ᠠᠷᠭ᠎ᠠ》 ᠵᠢ ᠰᠠᠢ᠌ᠲᠤᠷ ᠬᠡᠷᠡᠭᠯᠡᠨ᠂ ᠵᠢᠭᠤᠯᠴᠢᠯᠠᠯ᠎ᠤᠨ ᠬᠥᠲᠥᠴᠢ ᠵᠢᠨ ᠠᠯᠪᠠᠳᠠᠯᠭ᠎ᠠ᠎ᠪᠠᠷ ᠬᠤᠳᠠᠯᠳᠤᠨ ᠠᠪᠤᠭᠤᠯᠬᠤ᠂ ᠵᠢᠭᠤᠯᠴᠢᠯᠠᠯ᠎ᠤᠨ ᠬᠣᠷᠢᠶ᠎ᠠ ᠵᠢᠨ 《ᠵᠦᠢ ᠵᠣᠬᠢᠰ ᠦᠭᠡᠢ ᠬᠢᠮᠳᠠ ᠦᠨ᠎ᠡ ᠵᠢᠨ ᠵᠢᠭᠤᠯᠴᠢᠯᠠᠯ》᠎ᠢ ᠵᠣᠬᠢᠶᠠᠨ ᠪᠠᠶ᠋ᠢᠭᠤᠯᠬᠤ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ ᠰᠦᠷᠳᠡᠭᠦᠯᠦᠯ ᠦᠵᠡᠭᠦᠯᠵᠦ᠂ 《ᠬᠠᠨᠳᠤᠯᠭ᠋ᠠᠲᠤ ᠵᠠᠰᠠᠯᠲᠠ + ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ》 ᠵᠢᠨ ᠬᠣᠶᠠᠷ ᠲᠠᠯ᠎ᠠ ᠵᠢᠨ ᠬᠠᠮᠢᠶᠠᠷᠤᠯᠲᠠ᠎ᠪᠠᠷ ᠳᠠᠮᠵᠢᠭᠤᠯᠤᠨ᠂ ᠣᠯᠠᠨ ᠲᠦᠮᠡᠨ᠎ᠤ ᠲᠤᠰᠬᠠᠯ ᠶᠡᠬᠡᠲᠡᠢ ᠵᠢᠭᠤᠯᠴᠢᠯᠠᠯ᠎ᠤᠨ ᠬᠡᠷᠡᠭᠯᠡᠭᠡ ᠵᠢᠨ ᠡᠪᠡᠷᠰᠢᠶᠡᠯ᠎ᠲᠠᠢ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ ᠭᠡᠵᠦ ᠱᠠᠭ᠋ᠠᠷᠳᠠᠪᠠ᠃ ᠬᠤᠷᠠᠯ᠎ᠠᠴᠠ᠂ ᠬᠠᠮᠤᠭ᠎ᠤᠨ ᠲᠣᠪᠣᠢ᠌ᠮ᠎ᠠ ᠣᠷᠤᠰᠢᠵᠤ ᠪᠠᠢ᠌ᠭ᠎ᠠ 《ᠵᠦᠢ ᠵᠣᠬᠢᠰ ᠦᠭᠡᠢ ᠬᠢᠮᠳᠠ ᠦᠨ᠎ᠡ ᠵᠢᠨ ᠵᠢᠭᠤᠯᠴᠢᠯᠠᠯ》᠎ᠤᠨ ᠠᠰᠠᠭᠤᠳᠠᠯ᠎ᠳᠤ ᠴᠢᠭᠯᠡᠭᠦᠯᠦᠨ᠂ ᠵᠠᠭ᠋ᠠᠯᠳᠤᠯᠭ᠎ᠠ ᠵᠢᠨ ᠬᠡᠮᠵᠢᠶ᠎ᠡ ᠶᠡᠬᠡ᠂ ᠨᠠᠵᠠᠭ᠋ᠠᠢ ᠲᠠᠯ᠎ᠠ ᠵᠢᠨ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠪᠠᠢ᠌ᠨ ᠳᠠᠬᠢᠨ ᠡᠭᠦᠰᠬᠡᠵᠦ ᠪᠠᠢ᠌ᠭ᠎ᠠ ᠵᠢᠭᠤᠯᠴᠢᠯᠠᠯ᠎ᠤᠨ ᠬᠣᠷᠢᠶ᠎ᠠ ᠵᠢ ᠡᠯ᠎ᠡ ᠭᠠᠵᠠᠷ᠎ᠤᠨ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ᠎ᠤᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠵᠤ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠬᠦᠴᠦᠨ᠎ᠢ ᠵᠣᠬᠢᠶᠠᠨ ᠪᠠᠢ᠌ᠭᠤᠯᠤᠨ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ᠂ ᠥᠨᠳᠥᠷ ᠳᠠᠪᠲᠠᠮᠵᠢ ᠵᠢᠨ ᠬᠢᠨᠠᠨ ᠬᠠᠮᠢᠶᠠᠷᠤᠯᠲᠠ ᠵᠢ ᠬᠠᠤᠯᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠦ᠂ ᠲᠡᠳᠡᠨ᠎ᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠡᠵᠡᠩᠨᠡᠯᠲᠡ ᠵᠢᠨ ᠦᠢᠯᠡ ᠠᠵᠢᠯᠯᠠᠭ᠎ᠠ ᠵᠢ ᠡᠷᠡᠰ ᠪᠠᠢ᠌ᠴᠠᠭ᠋ᠠᠨ ᠰᠢᠢ᠍ᠳᠪᠦᠷᠢᠯᠡᠵᠦ ᠬᠣᠷᠢᠭᠯᠠᠬᠤ ᠬᠡᠷᠡᠭᠲᠡᠢ ᠭᠡᠵᠦ ᠤᠯᠠᠮ ᠨᠢᠭᠡ ᠠᠯᠬᠤᠮ ᠱᠠᠭ᠋ᠠᠷᠳᠠᠪᠠ᠃

ᠬᠤᠷᠠᠯ᠎ᠠᠴᠠ᠂ ᠳᠥᠷᠪᠡᠨ ᠭᠠᠵᠠᠷ᠎ᠤᠨ᠎ᠬᠢᠨ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠣᠷᠣᠨ᠎ᠤ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠬᠠᠮᠵᠢᠯᠴᠠᠭ᠋ᠠᠨ᠎ᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠭ᠋ᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠰᠦᠪᠡᠭᠴᠢ ᠵᠢ ᠰᠢᠯᠵᠢᠭᠦᠯᠦᠨ ᠲᠤᠰᠢᠶᠠᠬᠤ ᠲᠠᠰ ᠳᠠᠷᠠᠭ᠋ᠠᠯᠠᠯ᠎ᠢ ᠵᠢᠷᠤᠮᠵᠢᠭᠤᠯᠤᠨ᠂ ᠬᠠᠤᠯᠢ ᠬᠡᠷᠡᠭᠵᠢᠭᠦᠯᠬᠦ ᠵᠢᠨ ᠬᠦᠴᠢᠷ ᠠᠰᠠᠭᠤᠳᠠᠯ ᠪᠠ ᠬᠠᠯᠠᠮᠰᠢᠯ ᠠᠰᠠᠭᠤᠳᠠᠯ᠎ᠢ ᠰᠢᠢ᠍ᠳᠪᠦᠷᠢᠯᠡᠵᠦ᠂ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ᠂ ᠬᠡᠷᠡᠭ᠎ᠢ ᠬᠠᠮᠵᠢᠯᠴᠠᠨ ᠭᠦᠢ᠍ᠴᠡᠳᠬᠡᠬᠦ ᠪᠠ ᠦᠷ᠎ᠡ ᠳ᠋ᠦᠩ᠎ᠢ ᠮᠡᠳᠡᠭᠡᠯᠡᠬᠦ ᠲᠣᠭᠲᠠᠴᠠ ᠵᠢ ᠪᠠᠢ᠌ᠭᠤᠯᠤᠨ᠂ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠢ ᠨᠢᠭᠡ ᠴᠣᠭᠴᠠᠵᠢᠭᠤᠯᠤᠭᠰᠠᠨ ᠬᠥᠭᠵᠢᠯᠲᠡ᠎ᠳᠤ ᠠᠮᠤᠷ ᠲᠦᠪᠰᠢᠨ᠂ ᠪᠣᠯᠪᠠᠰᠤᠨ᠂ ᠡᠮᠬᠢ ᠵᠢᠷᠤᠮ᠎ᠲᠠᠢ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠪᠣᠶ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃

 

ᠢᠷᠡᠯᠲᠡ᠄         
          
ᠬᠠᠮᠢᠶ᠎ᠡ ᠪᠦᠬᠦᠢ ᠰᠣᠨᠢᠨ
 
            