ᠣᠶ᠋ᠢᠷ᠎ᠠ᠎ᠳᠤ᠂ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ᠎ᠠᠴᠠ ᠷᠠᠰᠢᠶᠠᠨ᠎ᠤ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠲᠤ《ᠨᠣᠭᠤᠭ᠍ᠠᠨ ᠲᠡᠮᠲᠡᠭᠲᠦ》 ᠵᠢᠨ ᠭᠡᠷᠡᠴᠢᠯᠡᠭᠡ ᠣᠯᠭᠤᠵᠤ᠂ ᠷᠠᠰᠢᠶᠠᠨ᠎ᠤ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠬᠠᠮᠠᠭ᠋ᠠᠯᠠᠯᠲᠠ ᠵᠢᠨ ᠦᠷ᠎ᠡ ᠪᠦᠲᠦᠭᠡᠯ ᠪᠠ ᠰᠢᠨᠵᠢᠯᠡᠬᠦ ᠤᠬᠠᠭ᠋ᠠᠨᠴᠢ ᠬᠠᠮᠢᠶᠠᠷᠤᠯᠲᠠ ᠵᠢ ᠳᠡᠭᠡᠳᠦ ᠬᠡᠮᠵᠢᠶ᠎ᠡ᠎ᠪᠠᠷ ᠦᠨᠡᠯᠡᠵᠦ᠂ ᠳᠤᠮᠳᠠᠳᠤ ᠤᠯᠤᠰ᠎ᠤᠨ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠪᠥᠲᠥᠭᠡᠨ ᠪᠠᠶ᠋ᠢᠭᠤᠯᠤᠯᠲᠠ᠎ᠳᠤ᠎ᠬᠢ ᠵᠢᠱ᠌ᠢᠶ᠎ᠡ ᠦᠵᠡᠭᠦᠯᠦᠭᠴᠢ ᠦᠢ᠍ᠯᠡᠳᠦᠯ᠎ᠢ ᠳᠠᠬᠢᠨᠲᠠ ᠢᠯᠡᠷᠡᠭᠦᠯᠪᠡ᠃ ᠣᠶ᠋ᠢᠯᠠᠭ᠋ᠠᠭᠰᠠᠨ ᠵᠶ᠋ᠠᠷ᠂ ᠲᠣᠰ ᠤᠳᠠᠭ᠎ᠠ ᠪᠥᠬᠦ ᠤᠯᠤᠰ᠎ᠲᠤ ᠨᠡᠶ᠋ᠢᠲᠡ 10 ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠨᠢ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ ᠵᠢᠨ ᠳᠠᠬᠢᠨ ᠦᠨᠡᠯᠡᠨ ᠵᠢᠱ᠌ᠢᠯᠲᠡ᠎ᠳᠤ ᠪᠠᠲᠤᠯᠠᠭᠳᠠᠭᠰᠠᠨ ᠪᠥᠭᠡᠳ 《ᠨᠣᠭᠤᠭ᠍ᠠᠨ ᠲᠡᠮᠲᠡᠭᠲᠦ》 ᠵᠢᠨ ᠭᠡᠷᠡᠴᠢᠯᠡᠯ ᠬᠦᠷᠲᠡᠪᠡ᠃ ᠡᠭᠦᠨ᠎ᠳᠤ ᠥᠪᠥᠷ ᠮᠣᠩᠭᠤᠯ᠎ᠤᠨ ᠷᠠᠰᠢᠶᠠᠨ᠎ᠤ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ ᠵᠢᠭᠰᠠᠭ᠋ᠠᠭᠳᠠᠵᠤ᠂ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠴᠣᠯᠠ ᠵᠢ 2028 ᠣᠨ ᠪᠣᠯᠲᠠᠯ᠎ᠠ ᠠᠮᠵᠢᠯᠲᠠ᠎ᠲᠠᠢ᠎ᠪᠠᠷ ᠦᠷᠭᠦᠯᠵᠢᠯᠡᠭᠦᠯᠪᠡ᠃
ᠣᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ ᠶᠤᠰᠤ᠎ᠪᠠᠷ᠂ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠳ ᠡᠷᠬᠡᠪᠰᠢ 4 ᠵᠢᠯ ᠪᠦᠷᠢ ᠨᠢᠭᠡ ᠤᠳᠠᠭ᠋ᠠᠨ᠎ᠤ ᠦᠨᠡᠯᠡᠨ ᠵᠢᠱ᠌ᠢᠬᠦ ᠭᠡᠷᠡᠴᠢᠯᠡᠯᠲᠡ ᠵᠢ ᠬᠦᠯᠢᠶᠡᠬᠦ ᠬᠡᠷᠡᠭᠲᠡᠶ᠃ ᠷᠠᠰᠢᠶᠠᠨ᠎ᠤ ᠭᠠᠵᠠᠷ ᠰᠢᠨᠵᠢᠯᠡᠭᠡᠨ᠎ᠤ ᠴᠡᠴᠡᠷᠯᠢᠭ ᠨᠢ 2017 ᠣᠨ᠎ᠤ 5 ᠳ᠋ᠤᠭ᠋ᠠᠷ ᠰᠠᠷ᠎ᠠ᠎ᠳᠤ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ ᠵᠢᠨ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ ᠵᠶ᠋ᠠᠷ ᠮᠠᠭ᠋ᠠᠳᠯᠠᠨ ᠲᠣᠭᠲᠠᠭ᠋ᠠᠵᠤ᠂ 2024 ᠣᠨ᠎ᠤ 7 ᠳ᠋ᠤᠭ᠋ᠠᠷ ᠰᠠᠷ᠎ᠠ᠎ᠳᠤ ᠠᠩᠬ᠎ᠠ ᠤᠳᠠᠭ᠎ᠠ ᠳᠠᠬᠢᠨ ᠦᠨᠡᠯᠡᠨ ᠵᠢᠱ᠌ᠢᠭᠳᠡᠪᠡ᠃ 4 ᠡᠳᠦᠷ᠎ᠤᠨ ᠬᠤᠭᠤᠴᠠᠭ᠎ᠠ᠎ᠲᠠᠢ ᠰᠢᠨᠵᠢᠯᠡᠨ ᠪᠠᠶ᠋ᠢᠴᠠᠭ᠋ᠠᠵᠤ ᠦᠨᠡᠯᠡᠬᠦ ᠶᠠᠪᠤᠴᠠ᠎ᠳᠤ᠂ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ ᠵᠢᠨ ᠲᠤᠰᠬᠠᠢ ᠮᠡᠷᠭᠡᠵᠢᠯᠲᠡᠨ ᠷᠠᠰᠢᠶᠠᠨ᠎ᠤ ᠳᠡᠯᠡᠬᠡᠢ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠢ ᠦᠨᠡᠯᠡᠨ ᠵᠢᠱ᠌ᠢᠭᠰᠡᠨ ᠠᠬᠢᠴᠠ ᠵᠢᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠦᠨᠡᠯᠡᠯᠲᠡ ᠵᠢᠨ ᠮᠠᠲ᠋ᠧᠷᠢᠶᠠᠯ᠎ᠢ ᠪᠠᠶ᠋ᠢᠴᠠᠭ᠋ᠠᠨ ᠦᠵᠡᠭᠰᠡᠨ ᠪᠥᠭᠡᠳ ᠷᠠᠰᠢᠶᠠᠨ᠎ᠤ ᠳᠡᠯᠡᠬᠡᠢ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠬᠦᠷᠢᠶᠡᠯᠡᠩ ᠲᠣᠭᠤᠷᠢᠭ᠂ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠮᠦᠽᠧᠢ᠂ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠨᠡᠶ᠋ᠢᠭᠡᠮ ᠲᠣᠭᠤᠷᠢᠭ᠂ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠰᠤᠷᠭ᠋ᠠᠭᠤᠯᠢ᠂ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠬᠠᠮᠲᠤᠷᠠᠯᠴᠠᠭ᠋ᠠᠨ᠎ᠤ ᠬᠠᠨᠢᠲᠠᠨ ᠵᠡᠷᠭᠡ ᠭᠠᠵᠠᠷ᠎ᠲᠤ ᠭᠦᠨᠵᠡᠭᠡᠶ᠋ᠢᠷᠡᠨ ᠲᠤᠬᠠᠢ ᠵᠢᠨ ᠭᠠᠵᠠᠷ ᠲᠤᠨᠢ ᠰᠢᠨᠵᠢᠯᠡᠨ ᠪᠠᠶ᠋ᠢᠴᠠᠭ᠋ᠠᠪᠠ᠃ ᠷᠠᠰᠢᠶᠠᠨ᠎ᠤ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠭᠠᠵᠠᠷ ᠰᠢᠨᠵᠢᠯᠡᠭᠡᠨ᠎ᠤ ᠦᠯᠡᠳᠡᠭᠳᠡᠯ᠎ᠢ ᠬᠠᠮᠠᠭ᠋ᠠᠯᠠᠨ ᠠᠰᠢᠭᠯᠠᠬᠤ᠂ ᠨᠡᠶ᠋ᠢᠭᠡᠮ ᠲᠣᠭᠤᠷᠢᠭ᠎ᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ᠂ ᠠᠮᠢ ᠠᠬᠤᠢ ᠵᠢᠨ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ᠂ ᠪᠠᠶ᠋ᠢᠭ᠋ᠠᠯᠢ ᠵᠢᠨ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠦᠨ ᠪᠤᠶ᠋ᠢᠵᠢᠭᠤᠯᠬᠤ ᠵᠡᠷᠭᠡ ᠪᠠᠶ᠋ᠢᠳᠠᠯ᠎ᠢ ᠪᠦᠬᠦ ᠲᠠᠯ᠎ᠠ᠎ᠪᠠᠷ ᠣᠶ᠋ᠢᠯᠠᠭ᠋ᠠᠵᠤ᠂ ᠷᠠᠰᠢᠶᠠᠨ᠎ᠤ ᠳᠡᠯᠡᠬᠡᠢ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠥᠪᠡᠷᠮᠢᠴᠡ ᠷᠢᠳᠢ ᠰᠢᠳᠢ ᠵᠢ ᠣᠶ᠋ᠢᠯᠠᠭ᠋ᠠᠪᠠ᠃