ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠰᠣᠶᠣᠯ ᠪᠠ ᠪᠠᠢ᠌ᠭ᠋ᠠᠯᠢ ᠵᠢᠨ ᠥᠪ᠎ᠤᠨ ᠡᠳᠦᠷ᠎ᠤᠨ ᠥᠪᠥᠷ ᠮᠣᠩᠭᠣᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠭᠣᠣᠯ ᠬᠤᠷᠠᠯ᠎ᠤᠨ ᠲᠠᠯᠠᠪᠠᠶ ᠵᠢᠨ ᠠᠵᠢᠯᠯᠠᠭ᠎ᠠ ᠭᠣᠢ᠌ᠳᠠ ᠰᠠᠢ᠌ᠬᠠᠨ ᠶᠠᠪᠤᠭᠳᠠᠵᠤ ᠪᠠᠢ᠌ᠨ᠎ᠠ
ᠨᠡᠶᠢᠲᠡᠯᠡᠭᠰᠡᠨ ᠴᠠᠭ᠄ 2025-06-22

6 ᠳ᠋ᠤᠭ᠋ᠠᠷ ᠰᠠᠷ᠎ᠠ ᠵᠢᠨ 14᠎ᠤ ᠡᠳᠦᠷ᠂ 2025 ᠣᠨ᠎ᠤ ᠰᠣᠶᠣᠯ ᠪᠠ ᠪᠠᠢ᠌ᠭ᠋ᠠᠯᠢ ᠵᠢᠨ ᠥᠪ᠎ᠤᠨ ᠡᠳᠦᠷ᠎ᠤᠨ ᠥᠪᠥᠷ ᠮᠣᠩᠭᠣᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠭᠣᠣᠯ ᠬᠤᠷᠠᠯ᠎ᠤᠨ ᠲᠠᠯᠠᠪᠠᠶ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠲᠦᠩᠯᠢᠶᠣᠣ ᠬᠤᠲᠠ ᠵᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠬᠠᠮᠢᠨ᠎ᠤ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ᠎ᠲᠤ ᠶᠠᠪᠤᠭᠳᠠᠪᠠ᠃

ᠠᠵᠢᠯᠯᠠᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠲᠦᠩᠯᠢᠶᠣᠣ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠬᠦᠷᠢᠶᠡᠯᠡᠩ᠂ ᠲᠦᠩᠯᠢᠶᠣᠣ ᠬᠤᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠳᠠᠭ᠋ᠠᠭ᠋ᠠᠴᠢᠯᠠᠨ ᠡᠷᠭᠢᠯᠡᠪᠡ᠃ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠳᠡᠳ᠋ ᠳᠠᠷᠤᠭ᠎ᠠ ᠸᠠᠩ ᠬᠠᠨ ᠸᠧᠢ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠳᠡᠳ᠋ ᠳᠠᠷᠤᠭ᠎ᠠ ᡁᠢ ᠰᠢᠶᠣᠣ ᠶᠦᠩ᠂ ᠲᠦᠩᠯᠢᠶᠣᠣ ᠬᠤᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠳᠠᠷᠤᠭ᠎ᠠ ᠵᠧᠦ ᠭᠦᠸᠧ ᠭᠠᠩ᠂ ᠲᠦᠩᠯᠢᠶᠣᠣ ᠬᠤᠲᠠ ᠵᠢᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠯᠥᠸᠧ ᠭᠤᠸᠠᠨ ᠨᠠᠨ ᠵᠢᠴᠢ ᠣᠷᠣᠨ ᠬᠤᠲᠠ ᠬᠣᠰᠢᠭᠤᠨ᠎ᠤ ᠬᠣᠯᠪᠣᠭᠳᠠᠯ ᠪᠦᠬᠦᠢ ᠨᠥᠬᠥᠳ᠂ ᠪᠥᠬᠦ ᠣᠷᠣᠨ᠎ᠤ ᠡᠯ᠎ᠡ ᠠᠢ᠌ᠮᠠᠭ ᠬᠤᠲᠠ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠰᠣᠶᠣᠯ᠎ᠤᠨ ᠦᠵᠡᠰᠬᠦᠯᠡᠩ᠎ᠤᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠰᠤᠷᠪᠤᠯᠵᠢᠯᠠᠭᠴᠢ ᠵᠡᠷᠭᠡ 200 ᠭᠠᠷᠤᠢ ᠬᠥᠮᠥᠨ ᠠᠵᠢᠯᠯᠠᠭ᠎ᠠ᠎ᠳᠤ ᠣᠷᠣᠯᠴᠠᠵᠤ᠂ 20 ᠭᠠᠷᠤᠢ ᠲᠦᠮᠡᠨ ᠬᠥᠮᠥᠨ ᠰᠦᠯᠵᠢᠶᠡᠨ᠎ᠤ ᠰᠢᠭᠤᠳ ᠨᠡᠪᠲᠡᠷᠡᠭᠦᠯᠭᠡ ᠵᠢ ᠰᠣᠨᠢᠷᠬᠠᠪᠠ᠃

ᠲᠤᠰ ᠤᠳᠠᠭ᠋ᠠᠨ᠎ᠤ ᠠᠵᠢᠯᠯᠠᠭ᠎ᠠ᠎ᠨᠢ 《ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠰᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭ᠋ᠠᠨ ᠰᠢᠨ᠎ᠡ ᠭᠡᠷᠡᠯ ᠭᠢᠯᠪᠠᠭ᠎ᠠ᠎ᠪᠠᠨ ᠰᠠᠴᠤᠷᠠᠭᠤᠯᠬᠤ》᠎ᠪᠠᠷ ᠭᠣᠣᠯ ᠰᠡᠳᠦᠪ ᠪᠣᠯᠭ᠋ᠠᠵᠤ᠂ ᠰᠢ᠎ᠵᠢᠨ᠎ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠦᠢ᠍ᠯᠡᠳᠦᠯᠭᠡᠵᠢᠭᠦᠯᠵᠦ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠬᠠᠤᠯᠢ》 ᠵᠢ ᠤᠬᠠᠭᠤᠯᠤᠨ ᠲᠤᠭᠤᠰᠢᠯᠠᠭᠤᠯᠵᠤ᠂ ᠥᠪᠥᠷ ᠮᠣᠩᠭᠣᠯ᠎ᠤᠨ ᠡᠯᠪᠡᠭ ᠪᠠᠶᠠᠯᠢᠭ ᠲᠡᠦᠬᠡ ᠰᠣᠶᠣᠯ᠎ᠤᠨ ᠡᠬᠢ ᠪᠠᠶᠠᠯᠢᠭ᠎ᠢ ᠢᠯᠡᠷᠡᠭᠦᠯᠵᠦ᠂ ᠥᠪᠥᠷ ᠮᠣᠩᠭᠣᠯ᠎ᠤᠨ ᠰᠣᠶᠣᠯ᠎ᠤᠨ ᠥᠪ᠎ᠢ ᠬᠠᠮᠠᠭ᠋ᠠᠯᠠᠵᠤ ᠠᠰᠢᠭᠯᠠᠬᠤ ᠠᠵᠢᠯ᠎ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠵᠢ ᠢᠯᠡᠷᠡᠭᠦᠯᠵᠦ᠂ ᠬᠠᠮᠠᠭ᠋ᠠᠯᠠᠯᠲᠠ ᠵᠢᠨ ᠦᠷ᠎ᠡ ᠪᠦᠲᠦᠭᠡᠯ᠎ᠢ ᠠᠷᠠᠳ ᠲᠦᠮᠡᠨ᠎ᠲᠠᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠵᠦ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠲᠤᠬᠠᠢ ᠲᠠᠨᠢᠯᠲᠠ ᠪᠠ ᠠᠩᠬᠠᠷᠤᠯ᠎ᠢ ᠨᠡᠮᠡᠭᠳᠡᠭᠦᠯᠵᠦ᠂ ᠰᠣᠶᠣᠯ᠎ᠤᠨ ᠥᠪ᠎ᠢ ᠬᠠᠮᠠᠭ᠋ᠠᠯᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠬᠠᠮᠲᠤ᠎ᠪᠠᠷ ᠪᠤᠢ ᠪᠣᠯᠭ᠋ᠠᠬᠤ᠎ᠪᠠᠷ ᠵᠣᠷᠢᠯᠭ᠎ᠠ᠎ᠪᠠᠨ ᠪᠣᠯᠭ᠋ᠠᠵᠠᠢ᠃

ᠡᠨᠡ ᠵᠢᠯ ᠰᠣᠶᠣᠯ ᠪᠣᠯᠣᠨ ᠪᠠᠢ᠌ᠭ᠋ᠠᠯᠢ ᠵᠢᠨ ᠥᠪ ᠬᠥᠷᠥᠩᠭᠡ ᠲᠦᠷᠦᠭᠦᠬᠡᠨ᠂ ᠪᠦᠬᠦ ᠣᠷᠣᠨ᠎ᠤ ᠡᠯ᠎ᠡ ᠱᠠᠲᠤᠨ᠎ᠤ ᠰᠣᠶᠣᠯ᠎ᠤᠨ ᠦᠵᠡᠰᠬᠦᠯᠡᠩ᠎ᠤᠨ ᠪᠠᠢ᠌ᠭᠤᠯᠤᠮᠵᠢ ᠡᠯ᠎ᠡ ᠲᠥᠷᠥᠯ᠎ᠤᠨ ᠰᠣᠶᠣᠯ᠎ᠤᠨ ᠦᠵᠡᠰᠬᠦᠯᠡᠩ᠎ᠤᠨ ᠭᠣᠣᠯ ᠰᠡᠳᠦᠪᠲᠦ ᠠᠵᠢᠯᠯᠠᠭ᠎ᠠ ᠵᠢ 210 ᠭᠠᠷᠤᠢ ᠤᠳᠠᠭ᠎ᠠ ᠵᠤᠬᠢᠶᠠᠨ ᠪᠠᠢ᠌ᠭᠤᠯᠵᠤ᠂ ᠣᠯᠠᠨ ᠨᠡᠶ᠋ᠢᠲᠡ᠎ᠳᠤ ᠰᠣᠶᠣᠯ᠎ᠤᠨ ᠦᠵᠡᠰᠬᠦᠯᠡᠩ᠂ ᠨᠡᠢ᠌ᠭᠡᠮ᠎ᠤᠨ ᠰᠤᠷᠭ᠋ᠠᠨ ᠬᠥᠮᠦᠵᠢᠯ᠂ ᠨᠡᠶ᠋ᠢᠲᠡ ᠵᠢᠨ ᠠᠰᠠᠷᠠᠮᠵᠢ ᠵᠢᠨ ᠬᠢᠨᠠᠨ ᠲᠣᠭᠲᠠᠭ᠋ᠠᠯᠲᠠ ᠵᠡᠷᠭᠡ ᠠᠷᠠᠳ᠎ᠲᠤ ᠠᠰᠢᠭ ᠬᠦᠷᠲᠡᠭᠡᠬᠦ ᠦᠢ᠍ᠯᠡᠴᠢᠯᠡᠭᠡ ᠬᠠᠩᠭ᠋ᠠᠵᠤ᠂ ᠥᠪᠥᠷ ᠮᠣᠩᠭᠣᠯ᠎ᠤᠨ ᠡᠯᠪᠡᠭ ᠪᠠᠶᠠᠯᠢᠭ ᠲᠡᠦᠬᠡ ᠰᠣᠶᠣᠯ᠎ᠤᠨ ᠡᠬᠢ ᠪᠠᠶᠠᠯᠢᠭ᠂ ᠡᠯᠪᠡᠭ ᠪᠠᠶᠠᠯᠢᠭ ᠰᠣᠶᠣᠯ᠎ᠤᠨ ᠦᠵᠡᠰᠬᠦᠯᠡᠩ᠎ᠤᠨ ᠦᠢ᠍ᠯᠡᠰ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ ᠪᠣᠯᠣᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            