5 ᠳ᠋ᠤᠭ᠋ᠠᠷ ᠰᠠᠷ᠎ᠠ ᠵᠢᠨ 19᠎ᠤ ᠡᠳᠦᠷ᠂ 《ᠤᠯᠠᠭ᠎ᠠ ᠥᠷᠲᠡᠭᠡ᠎ᠪᠠᠷ ᠵᠣᠷᠴᠢᠬᠤ》 ᠮᠠᠰᠢᠨ ᠲᠡᠷᠭᠡᠨ᠎ᠤ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠡᠷᠢᠶᠡᠨ ᠬᠣᠲᠠ᠎ᠳᠤ ᠡᠬᠢᠯᠡᠪᠡ᠃ ᠡᠷᠢᠶᠡᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠪᠣᠯᠣᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠡᠭᠦᠳᠦᠭᠰᠡᠨ ᠲᠤᠰ ᠤᠳᠠᠭ᠋ᠠᠨ᠎ᠤ ᠤᠷᠤᠯᠳᠤᠭ᠋ᠠᠨ᠎ᠨᠢ ᠲᠠᠯ᠎ᠠ ᠨᠤᠲᠤᠭ᠎ᠤᠨ ᠤᠷᠤᠯᠳᠤᠭ᠋ᠠᠨ᠎ᠤ ᠮᠠᠰᠢᠨ ᠲᠡᠷᠭᠡ ᠵᠢᠨ ᠤᠷᠤᠯᠳᠤᠭ᠋ᠠᠨ᠎ᠤ ᠥᠨᠳᠥᠷᠴᠡ ᠵᠢ ᠰᠢᠨᠡᠳᠬᠡᠭᠰᠡᠨ ᠵᠶ᠋ᠡᠷ ᠪᠠᠷᠠᠬᠤ ᠦᠭᠡᠢ᠂ ᠨᠡᠩ ᠴᠤ᠌ 《ᠤᠷᠤᠯᠳᠤᠭ᠋ᠠᠨ + ᠰᠣᠶᠣᠯ ᠵᠢᠭᠤᠯᠴᠢᠯᠠᠯ + ᠠᠷᠠᠯᠵᠢᠶ᠎ᠠ ᠬᠤᠳᠠᠯᠳᠤᠭ᠎ᠠ》 ᠵᠢᠨ ᠰᠢᠨ᠎ᠡ ᠵᠢ ᠡᠭᠦᠳᠬᠦ ᠵᠠᠭᠪᠤᠷ ᠵᠶ᠋ᠠᠷ 《ᠲᠠᠯ᠎ᠠ ᠨᠤᠲᠤᠭ᠎ᠲᠤ ᠦᠪᠡᠰᠦᠪᠡᠨ ᠲᠡᠷᠭᠡ ᠵᠢᠯᠤᠭᠣᠳᠴᠤ᠂ ᠥᠪᠥᠷ ᠮᠣᠩᠭᠣᠯ᠎ᠳᠤ ᠵᠢᠭᠤᠯᠴᠢᠯᠠᠨ ᠰᠠᠭᠤᠷᠢᠰᠢᠬᠤ》 ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ᠎ᠲᠤ ᠰᠦᠷ ᠳᠠᠯᠠᠢ᠌ᠴᠠᠲᠠᠢ ᠬᠥᠳᠡᠯᠭᠡᠬᠦ ᠬᠦᠴᠦᠨ ᠨᠡᠮᠡᠷᠢᠯᠡᠵᠡᠢ᠃
ᠲᠣᠰ ᠤᠳᠠᠭ᠋ᠠᠨ᠎ᠤ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ ᠡᠷᠢᠶᠡᠨ ᠬᠣᠲᠠ ᠵᠢᠨ ᠥᠪᠡᠷᠮᠢᠴᠡ ᠣᠨᠴᠠᠯᠢᠭ ᠪᠦᠬᠦᠢ ᠬᠢᠯᠢ ᠬᠢᠵᠠᠭ᠋ᠠᠷ᠎ᠤᠨ ᠣᠷᠣᠨ ᠪᠠᠢ᠌ᠷᠢ ᠵᠢᠨ ᠳᠠᠪᠠᠭᠤᠯᠢᠭ᠎ᠲᠤ ᠲᠦᠰᠢᠭᠯᠡᠨ᠂ 《ᠬᠣᠣᠰ ᠤᠷᠤᠯᠳᠤᠭ᠋ᠠᠨ᠎ᠤ ᠵᠠᠮ》᠎ᠤᠨ ᠤᠷᠤᠯᠳᠤᠭ᠋ᠠᠨ᠎ᠤ ᠰᠢᠰᠲ᠋ᠧᠮ᠎ᠢ ᠨᠠᠷᠢᠨ ᠨᠢᠮᠪᠠᠢ ᠲᠥᠯᠥᠪᠯᠡᠵᠦ᠂ ᠪᠥᠬᠥ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ 200 ᠭᠠᠷᠤᠢ ᠣᠷᠣᠢ᠌ᠯᠠᠭᠴᠢ ᠲᠡᠷᠭᠡᠴᠢᠨ ᠨᠡᠯᠦᠭᠡᠷ ᠠᠭᠤᠳᠠᠮ ᠲᠠᠯ᠎ᠠ ᠨᠤᠲᠤᠭ᠂ ᠭᠣᠪᠢ ᠵᠢᠨ ᠨᠢᠭᠤᠴᠠ ᠣᠷᠴᠢᠨ ᠵᠶ᠋ᠠᠷ ᠥᠩᠭᠡᠷᠡᠵᠦ᠂ ᠳᠤᠭᠤᠢ᠌ᠯᠠᠪᠤᠷᠢ ᠪᠣᠯᠣᠨ ᠬᠠᠢ᠌ᠷ ᠴᠢᠯᠠᠭᠤᠨ᠎ᠤ ᠥᠷᠥᠯᠳᠦᠭᠡᠨᠤ ᠳᠠᠭᠤᠨ᠎ᠤ ᠳᠤᠮᠳᠠ᠎ᠠᠴᠠ 《ᠨᠢᠭᠡ ᠤᠳᠠᠭ᠋ᠠᠨ᠎ᠤ ᠤᠷᠤᠯᠳᠤᠭ᠋ᠠᠨ᠎ᠳᠤ ᠤᠮᠠᠷᠠᠲᠤ ᠬᠢᠯᠢ ᠵᠢ ᠲᠤᠭᠤᠰᠢᠲᠠᠯᠠ ᠦᠵᠡᠬᠦ》 ᠥᠪᠡᠷᠮᠢᠴᠡ ᠣᠢ᠌ᠯᠠᠭ᠋ᠠᠯᠲᠠ ᠵᠢ ᠣᠢ᠌ᠯᠠᠭ᠋ᠠᠬᠤ ᠪᠣᠯᠣᠨ᠎ᠠ᠃
ᠠᠷᠪᠠᠨ ᠲᠠᠪᠤᠳᠠᠭᠢ ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ᠎ᠲᠤ᠂ ᠡᠷᠢᠶᠡᠨ ᠬᠤᠳᠠ 《ᠥᠪᠥᠷ ᠮᠣᠩᠭᠣᠯ ᠵᠶ᠋ᠠᠷ ᠵᠢᠭᠤᠯᠴᠢᠯᠠᠨ ᠤᠮᠠᠷᠠᠲᠤ ᠵᠢᠨ ᠠᠶᠠᠯᠠᠯ᠎ᠢ ᠬᠠᠮᠲᠤ᠎ᠪᠠᠷ ᠡᠳ᠋ᠯᠡᠬᠦ》 ᠵᠢᠭᠤᠯᠴᠢᠯᠠᠭᠴᠢᠳ᠎ᠲᠤ ᠠᠰᠢᠭ ᠬᠦᠷᠲᠡᠭᠡᠬᠦ ᠠᠵᠢᠯᠯᠠᠭ᠎ᠠ ᠵᠢ ᠵᠡᠷᠭᠡ᠎ᠪᠡᠷ ᠡᠬᠢᠯᠡᠭᠦᠯᠵᠡᠢ᠃ ᠪᠥᠬᠥ ᠬᠣᠲᠠ ᠵᠢᠨ ᠣᠯᠠᠨ ᠢᠳᠡᠭᠡᠨ ᠤᠮᠳᠠᠭ᠋ᠠᠨ᠎ᠤ ᠠᠵᠤ ᠠᠬᠤᠢ᠌ᠯᠠᠯ ᠮᠣᠩᠭᠣᠯ ᠬᠣᠭᠣᠯᠠᠨ᠎ᠤ ᠬᠠᠷᠠᠭ᠋ᠠᠯᠵᠠᠯ᠎ᠤᠨ ᠠᠵᠢᠯᠯᠠᠭ᠎ᠠ ᠥᠷᠨᠢᠭᠦᠯᠵᠦ᠂ ᠡᠯ᠎ᠡ ᠲᠣᠮᠣ ᠣᠳᠣᠨ ᠲᠠᠰ᠎ᠤᠨ ᠪᠠᠭᠤᠳᠠᠯ᠎ᠳᠤ ᠤᠷᠤᠯᠳᠤᠭ᠋ᠠᠨ᠎ᠤ ᠶᠠᠪᠤᠳᠠᠯ᠎ᠳᠤ ᠲᠤᠰᠬᠠᠢ ᠬᠠᠷᠢᠶᠠᠯᠠᠭᠳᠠᠬᠤ ᠭᠡᠷ ᠪᠠᠢ᠌ᠰᠢᠩ᠎ᠤᠨ ᠦᠨ᠎ᠡ ᠵᠢ ᠬᠡᠷᠡᠭᠵᠢᠭᠦᠯᠵᠦ᠂ ᠵᠢᠭᠤᠯᠴᠢᠯᠠᠯ᠎ᠤᠨ ᠦᠵᠡᠮᠵᠢ ᠵᠢᠨ ᠣᠷᠣᠨ᠎ᠳᠤ ᠴᠤ᠌ ᠤᠷᠤᠯᠳᠤᠭ᠋ᠠᠨ᠎ᠳᠤ ᠣᠷᠣᠯᠴᠠᠭᠰᠠᠳ ᠵᠢᠴᠢ ᠪᠦᠯᠬᠦᠮ ᠨᠡᠶ᠋ᠢᠲᠡ ᠵᠢᠨ ᠵᠢᠭᠤᠯᠴᠢᠯᠠᠭᠴᠢᠳ᠎ᠲᠤ ᠣᠯᠠᠨ ᠵᠦᠢ᠍ᠯ᠎ᠤᠨ ᠬᠠᠷᠠᠭ᠋ᠠᠯᠵᠠᠯ ᠦᠵᠡᠭᠦᠯᠬᠦ ᠪᠣᠯᠣᠨ᠎ᠠ᠃ 《ᠰᠣᠶᠣᠯ ᠲᠠᠮᠢᠷ ᠵᠶ᠋ᠠᠷ ᠲᠠᠪᠴᠠᠩ ᠪᠣᠯᠭ᠋ᠠᠵᠤ᠂ ᠠᠵᠤ ᠠᠬᠤᠢ᠎ᠪᠠᠷ ᠰᠢ ᠳᠠᠭᠤᠯᠠᠬᠤ》 ᠰᠢᠨ᠎ᠡ ᠵᠢ ᠡᠭᠦᠳᠬᠦ ᠬᠡᠪ ᠵᠠᠭᠪᠤᠷ᠎ᠨᠢ ᠵᠢᠭᠤᠯᠴᠢᠯᠠᠭᠴᠢᠳ᠎ᠲᠤ ᠤᠷᠤᠯᠳᠤᠭ᠋ᠠᠨ᠎ᠤ ᠤᠷᠮ᠎ᠠ ᠰᠡᠳᠬᠢᠯᠭᠡ ᠵᠢ ᠣᠢ᠌ᠯᠠᠭ᠋ᠠᠭᠤᠯᠬᠤ ᠵᠢᠨ ᠬᠠᠮᠲᠤ᠂ 《ᠴᠠᠢ ᠵᠢᠨ ᠵᠠᠮ》᠎ᠤᠨ ᠠᠷᠠᠯᠵᠢᠶ᠎ᠠ ᠬᠤᠳᠠᠯᠳᠤᠭ᠋ᠠᠨ᠎ᠤ ᠭᠠᠢ᠌ᠬᠠᠮᠰᠢᠭᠲᠤ ᠦᠯᠢᠭᠡᠷ ᠪᠣᠯᠣᠨ ᠲᠠᠯ᠎ᠠ ᠨᠤᠲᠤᠭ᠎ᠤᠨ ᠪᠣᠯᠪᠠᠰᠤᠨ᠎ᠤ ᠭᠦᠨ ᠵᠤᠵᠠᠭ᠋ᠠᠨ ᠠᠭᠤᠯᠬᠤᠨ᠎ᠢ ᠭᠦᠨᠵᠡᠭᠡᠢ ᠣᠢ᠌ᠯᠠᠭ᠋ᠠᠭᠣᠯᠤᠨᠠ᠃