5 ᠳ᠋ᠤᠭ᠋ᠠᠷ ᠰᠠᠷ᠎ᠠ ᠵᠢᠨ 14᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ 2025 ᠣᠨ᠎ᠤ ᠳᠤᠮᠳᠠᠳᠤ ᠤᠯᠤᠰ᠎ᠤᠨ ᠰᠦᠯᠵᠢᠶᠡᠨ᠎ᠤ ᠪᠣᠯᠪᠠᠰᠤᠨ᠎ᠤ ᠶᠡᠬᠡ ᠬᠤᠷᠠᠯ᠎ᠤᠨ ᠬᠠᠮᠢᠶ᠎ᠠ ᠪᠦᠬᠦᠢ ᠠᠭᠤᠯᠭ᠎ᠠ ᠵᠢ ᠲᠠᠨᠢᠯᠴᠠᠭᠤᠯᠪᠠ᠃ ᠲᠠᠨᠢᠯᠴᠠᠭᠤᠯᠤᠭᠰᠠᠨ ᠵᠶ᠋ᠠᠷ᠂ 2025 ᠣᠨ᠎ᠤ ᠳᠤᠮᠳᠠᠳᠤ ᠤᠯᠤᠰ᠎ᠤᠨ ᠰᠦᠯᠵᠢᠶᠡᠨ᠎ᠤ ᠪᠣᠯᠪᠠᠰᠤᠨ᠎ᠤ ᠶᠡᠬᠡ ᠬᠤᠷᠠᠯ 6 ᠳ᠋ᠤᠭ᠋ᠠᠷ ᠰᠠᠷ᠎ᠠ ᠵᠢᠨ 10᠎ᠤ ᠡᠳᠦᠷ᠎ᠠᠴᠠ 11᠎ᠤ ᠡᠳᠦᠷ ᠪᠣᠯᠲᠠᠯ᠎ᠠ ᠠᠨᠾᠦ᠋ᠢ ᠮᠤᠵᠢ ᠵᠢᠨ ᠾᠧᠹᠧᠢ ᠬᠤᠲᠠ᠎ᠳᠤ ᠶᠠᠪᠤᠭᠳᠠᠬᠤ ᠪᠣᠯᠣᠨ᠎ᠠ᠃ ᠶᠡᠬᠡ ᠬᠤᠷᠠᠯ᠎ᠨᠢ 《ᠰᠦᠯᠵᠢᠶᠡᠨ᠎ᠤ ᠢᠳᠡᠪᠬᠢ ᠬᠦᠴᠦᠨ᠎ᠢ ᠬᠤᠷᠠᠮᠳᠤᠭᠤᠯᠵᠤ ᠴᠠᠭ ᠦᠶ᠎ᠡ ᠵᠢᠨ ᠰᠢᠨ᠎ᠡ ᠬᠡᠪ ᠰᠤᠷᠲᠠᠯ᠎ᠢ ᠬᠥᠲᠥᠯᠥᠨ ᠳᠠᠭ᠋ᠠᠭᠤᠯᠬᠤ》᠎ᠪᠠᠷ ᠭᠣᠣᠯ ᠰᠡᠳᠦᠪ ᠪᠣᠯᠭ᠋ᠠᠵᠤ᠂ ᠡᠬᠢᠯᠡᠯᠲᠡ ᠵᠢᠨ ᠶᠣᠰᠣᠯᠠᠯ ᠵᠢᠴᠢ ᠭᠣᠣᠯ ᠶᠠᠷᠢᠶᠠᠨ᠎ᠤ ᠲᠠᠪᠴᠠᠩ᠂ 14 ᠲᠠᠯᠠᠪᠤᠷ ᠬᠤᠪᠢᠶᠠᠷᠢ ᠶᠠᠷᠢᠶᠠᠨ᠎ᠤ ᠲᠠᠪᠴᠠᠩ ᠪᠣᠯᠣᠨ 《ᠰᠢᠨᠵᠢᠯᠡᠬᠦ ᠤᠬᠠᠭ᠋ᠠᠨ ᠮᠡᠷᠭᠡᠵᠢᠯ · ᠰᠦᠯᠵᠢᠶᠡᠨ᠎ᠤ ᠪᠣᠯᠪᠠᠰᠤᠨ᠎ᠤ ᠴᠠᠭ ᠣᠷᠣᠨ ᠵᠠᠢ ᠵᠢ ᠭᠡᠷᠡᠯᠳᠦᠬᠦᠯᠬᠦ》 ᠭᠣᠣᠯ ᠰᠡᠳᠦᠪᠲᠦ ᠠᠵᠢᠯᠯᠠᠭ᠎ᠠ ᠵᠢ ᠡᠷᠬᠢᠯᠡᠬᠦ᠎ᠪᠠᠷ ᠪᠤᠢ᠃
ᠡᠨᠡ ᠵᠢᠯ ᠪᠣᠯ ᠳᠤᠮᠳᠠᠳᠤ ᠤᠯᠤᠰ᠎ᠤᠨ ᠰᠦᠯᠵᠢᠶᠡᠨ᠎ᠤ ᠪᠣᠯᠪᠠᠰᠤᠨ᠎ᠤ ᠶᠡᠬᠡ ᠬᠤᠷᠠᠯ᠎ᠢ ᠡᠷᠭᠢᠯᠡᠬᠦ ᠲᠠᠪᠤᠳᠠᠭᠢ ᠵᠢᠯ ᠪᠣᠯᠣᠨ᠎ᠠ᠃ ᠲᠣᠰ ᠬᠤᠭᠤᠴᠠᠭ᠋ᠠᠨ᠎ᠤ ᠶᠡᠬᠡ ᠬᠤᠷᠠᠯ᠎ᠨᠢ ᠰᠦᠯᠵᠢᠶᠡᠨ᠎ᠤ ᠭᠣᠣᠯ ᠨᠡᠪᠲᠡᠷᠡᠭᠦᠯᠭᠡ ᠵᠢ ᠪᠣᠢ᠌ᠵᠢᠭᠤᠯᠤᠨ ᠬᠠᠮᠢᠶᠠᠷᠬᠤ᠂ ᠣᠶᠤᠨᠴᠢ ᠨᠡᠢ᠌ᠭᠡᠮ᠎ᠤᠨ ᠬᠥᠭᠵᠢᠯᠲᠡ ᠬᠢᠭᠡᠳ ᠵᠠᠰᠠᠯᠲᠠ᠂ ᠬᠤᠪᠢ ᠬᠥᠮᠥᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠡᠷᠭᠡ ᠰᠦᠯᠵᠢᠶᠡᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠬᠦᠷᠢᠶᠡᠨ᠎ᠳᠤ᠎ᠬᠢ ᠬᠠᠯᠠᠮᠰᠢᠯ ᠠᠰᠠᠭᠤᠳᠠᠯ ᠪᠠ ᠬᠣᠰᠢᠭᠤᠷᠠᠯ ᠰᠡᠳᠦᠪ᠎ᠲᠤ ᠴᠢᠭᠯᠡᠭᠦᠯᠦᠨ᠂ ᠰᠦᠯᠵᠢᠶᠡᠴᠢᠳ᠎ᠤᠨ ᠠᠩᠬᠠᠷᠤᠯ ᠪᠠ ᠨᠡᠢ᠌ᠭᠡᠮ᠎ᠤᠨ ᠠᠩᠬᠠᠷᠤᠯ᠎ᠳᠤ ᠢᠳᠡᠪᠬᠢᠲᠡᠢ ᠬᠠᠷᠢᠭᠤᠯᠲᠠ ᠥᠭᠴᠡᠢ᠃ ᠣᠢ᠌ᠯᠠᠭ᠋ᠠᠭᠰᠠᠨ ᠵᠶ᠋ᠠᠷ᠂ ᠲᠣᠰ ᠬᠤᠭᠤᠴᠠᠭ᠋ᠠᠨ᠎ᠤ ᠶᠡᠬᠡ ᠬᠤᠷᠠᠯ᠎ᠤᠨ ᠦᠷ᠎ᠡ ᠪᠦᠲᠦᠭᠡᠯ᠎ᠢ ᠨᠡᠢ᠌ᠲᠡᠯᠡᠭᠰᠡᠨ᠎ᠨᠢ ᠥᠩᠭᠡᠷᠡᠭᠰᠡᠨ ᠵᠢᠯ᠎ᠤᠳ᠎ᠠᠴᠠ ᠨᠠᠩ ᠥᠷᠭᠡᠨ ᠪᠦᠷᠬᠦᠴᠡ᠎ᠲᠠᠢ ᠪᠣᠯᠵᠤ᠂ ᠭᠣᠣᠯ ᠶᠠᠷᠢᠶᠠᠨ᠎ᠤ ᠲᠠᠪᠴᠠᠩ᠎ᠨᠢ 2025 ᠣᠨ᠎ᠤ ᠰᠦᠯᠵᠢᠶᠡᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠰᠢᠯᠢᠳᠡᠭ ᠬᠡᠷᠡᠭ᠎ᠤᠨ ᠵᠢᠱ᠌ᠢᠶ᠎ᠡ ᠪᠠ ᠵᠠᠯᠠᠭᠤᠴᠤᠳ᠎ᠤᠨ ᠰᠦᠯᠵᠢᠶᠡᠨ᠎ᠤ ᠪᠣᠯᠪᠠᠰᠤᠨ᠎ᠤ ᠰᠠᠨᠠᠭ᠋ᠠᠴᠢᠯᠠᠭ᠎ᠠ ᠵᠢ ᠨᠡᠢ᠌ᠲᠡᠯᠡᠵᠦ᠂ 14 ᠲᠠᠯᠠᠪᠤᠷ ᠬᠤᠪᠢᠶᠠᠷᠢ ᠶᠠᠷᠢᠶᠠᠨ᠎ᠤ ᠲᠠᠪᠴᠠᠩ᠎ᠨᠢ ᠰᠦᠯᠵᠢᠶᠡᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠬᠦᠷᠢᠶᠡᠨ᠎ᠳᠤ᠎ᠬᠢ ᠠᠯᠢ ᠣᠯᠠᠨ ᠰᠢᠨ᠎ᠡ ᠦᠷ᠎ᠡ ᠪᠦᠲᠦᠭᠡᠯ᠎ᠢ ᠨᠡᠢ᠌ᠲᠡᠯᠡᠵᠦ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠎ᠬᠢ ᠰᠦᠯᠵᠢᠶᠡᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠣᠯᠣᠭᠰᠠᠨ ᠢᠳᠡᠪᠬᠢᠲᠡᠢ ᠠᠬᠢᠴᠠ ᠵᠢ ᠪᠥᠬᠥ ᠲᠠᠯ᠎ᠠ᠎ᠪᠠᠷ ᠳᠡᠯᠭᠡᠨ ᠦᠵᠡᠭᠦᠯᠬᠦ ᠪᠣᠯᠣᠨ᠎ᠠ᠃
ᠣᠢ᠌ᠯᠠᠭ᠋ᠠᠭᠰᠠᠨ ᠵᠶ᠋ᠠᠷ᠂ 2025 ᠣᠨ᠎ᠤ ᠳᠤᠮᠳᠠᠳᠤ ᠤᠯᠤᠰ᠎ᠤᠨ ᠰᠦᠯᠵᠢᠶᠡᠨ᠎ᠤ ᠪᠣᠯᠪᠠᠰᠤᠨ᠎ᠤ ᠶᠡᠬᠡ ᠬᠤᠷᠠᠯ᠎ᠢ ᠲᠥᠪ᠎ᠤᠨ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠲᠥᠪ᠎ᠤᠨ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠠᠯᠪᠠᠨ ᠭᠡᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠨᠾᠦ᠋ᠢ ᠮᠤᠵᠢ ᠵᠢᠨ ᠬᠣᠷᠢᠶ᠎ᠠ᠂ ᠠᠨᠾᠦ᠋ᠢ ᠮᠤᠵᠢ ᠵᠢᠨ ᠠᠷᠠᠳ᠎ᠤᠨ ᠵᠠᠰᠠᠭ᠎ᠤᠨ ᠤᠷᠲᠤᠨ᠎ᠠᠴᠠ ᠬᠠᠮᠲᠤᠷᠠᠨ ᠡᠷᠬᠢᠯᠡᠨ᠎ᠡ᠃