ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠰᠣᠶᠣᠯ ᠵᠢᠭᠤᠯᠴᠢᠯᠠᠯ᠎ᠤᠨ ᠶᠠᠮᠤᠨ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠦᠢ᠍ᠯᠡᠳᠬᠦᠨ᠎ᠤ ᠬᠠᠩᠭ᠋ᠠᠯᠭ᠎ᠠ ᠵᠢ ᠪᠠᠶᠠᠯᠢᠭᠵᠢᠭᠤᠯᠪᠠ
ᠨᠡᠶᠢᠲᠡᠯᠡᠭᠰᠡᠨ ᠴᠠᠭ᠄ 2025-02-13

ᠰᠣᠶᠣᠯ ᠪᠠ ᠵᠢᠭᠤᠯᠴᠢᠯᠠᠯ᠎ᠤᠨ ᠶᠠᠮᠤᠨ᠎ᠠᠴᠠ ᠣᠶ᠋ᠢᠯᠠᠭ᠋ᠠᠭᠰᠠᠨ ᠵᠶ᠋ᠠᠷ᠂ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠣᠷᠭᠢᠯ᠎ᠤᠨ ᠦᠶ᠎ᠡ᠎ᠳᠤ ᠴᠢᠭᠯᠡᠭᠦᠯᠦᠨ᠂ ᠰᠣᠶᠣᠯ ᠵᠢᠭᠤᠯᠴᠢᠯᠠᠯ᠎ᠤᠨ ᠶᠠᠮᠤᠨ ᠴᠢᠨᠠᠷ ᠰᠠᠶ᠋ᠢᠲᠠᠶ ᠦᠢ᠍ᠯᠡᠳᠬᠦᠨ᠎ᠤ ᠬᠠᠩᠭ᠋ᠠᠯᠭ᠎ᠠ ᠵᠢ ᠨᠡᠮᠡᠭᠳᠡᠭᠦᠯᠵᠦ᠂ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠂ ᠠᠷᠠᠳ ᠣᠯᠠᠨ᠎ᠳᠤ ᠨᠠᠩ ᠡᠯᠪᠡᠭ ᠪᠠᠶᠠᠯᠢᠭ ᠣᠯᠠᠨ  ᠶᠠᠩᠵᠤ ᠵᠢᠨ  ᠵᠢᠭᠤᠯᠴᠢᠯᠠᠯ ᠎ᠤᠨ  ᠰᠣᠩᠭᠣᠯᠲᠠ  ᠬᠠᠩᠭ᠋ᠠᠬᠤ  ᠪᠣᠯᠤᠨ᠎ᠠ᠃ ᠭᠤᠤᠯ ᠠᠷᠭ᠎ᠠ ᠬᠡᠮᠵᠢᠶ᠎ᠡ᠎ᠳᠤ ᠤᠯᠤᠰ᠎ᠤᠨ 5A ᠲᠠᠰ᠎ᠤᠨ 19 ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠰᠢᠨ᠎ᠡ᠎ᠪᠠᠷ ᠨᠡᠶ᠋ᠢᠳᠡᠯᠡᠬᠦ᠂ 《ᠰᠢᠨ᠎ᠡ ᠤᠨ᠎ᠤ ᠰᠠᠶ᠋ᠢᠨ ᠪᠡᠯᠡᠭ ᠬᠥᠳᠡᠭᠡ ᠲᠣᠰᠬᠣᠨ᠎ᠳᠤ ᠵᠢᠭᠤᠯᠴᠢᠯᠠᠶ᠎ᠠ》 ᠬᠥᠳᠡᠭᠡ ᠲᠣᠰᠬᠣᠨ᠎ᠤ ᠵᠢᠭᠤᠯᠴᠢᠯᠠᠯ᠎ᠤᠨ ᠰᠣᠳᠣᠨ ᠵᠠᠮ ᠱᠤᠭᠤᠮ᠎ᠢ ᠨᠡᠶ᠋ᠢᠲᠡᠯᠡᠬᠦ᠂ ᠪᠥᠬᠥ ᠤᠯᠤᠰ᠎ᠤᠨ 2024 — 2025 ᠮᠥᠰᠥ ᠴᠠᠰᠤᠨ᠎ᠤ ᠵᠢᠭᠤᠯᠴᠢᠯᠠᠯ᠎ᠤᠨ 12 ᠵᠤᠷᠪᠤᠰ ᠰᠣᠳᠣᠨ ᠵᠠᠮ ᠱᠤᠭᠤᠮ᠎ᠢ ᠨᠡᠶ᠋ᠢᠲᠡᠯᠡᠬᠦ᠂ ᠡᠯ᠎ᠡ ᠭᠠᠵᠠᠷ᠂ ᠡᠯ᠎ᠡ ᠲᠣᠮᠣ ᠲᠠᠪᠴᠠᠩ᠂ ᠴᠠᠰᠤᠨ᠎ᠳᠤ ᠴᠡᠨᠡᠯᠡᠬᠤ ᠵᠢᠭᠤᠯᠴᠢᠯᠠᠯ᠎ᠤᠨ ᠠᠮᠠᠷᠠᠯᠲᠠ ᠵᠢᠨ ᠭᠠᠵᠠᠷ ᠪᠠ ᠴᠠᠨᠠᠯᠠᠯᠳᠠ ᠵᠢᠨ ᠲᠠᠯᠠᠪᠠᠶ ᠴᠤ᠌ ᠠᠯᠢ ᠣᠯᠠᠨ ᠬᠠᠷᠠᠭ᠋ᠠᠯᠵᠠᠯ᠎ᠤᠨ ᠠᠷᠭ᠎ᠠ ᠬᠡᠮᠵᠢᠶ᠎ᠡ ᠵᠢ ᠨᠡᠶ᠋ᠢᠳᠡᠯᠡᠬᠦ ᠵᠡᠷᠭᠡ ᠪᠠᠭᠲᠠᠨ᠎ᠠ ᠭᠡᠵᠦ ᠳᠠᠨᠢᠯᠴᠠᠭᠤᠯᠪᠠ᠃ ᠡᠭᠦᠨ᠎ᠠᠴᠠ ᠭᠠᠳᠠᠨ᠎ᠠ᠂ ᠰᠣᠶᠣᠯ ᠪᠠ ᠵᠢᠭᠤᠯᠴᠢᠯᠠᠯ᠎ᠤᠨ ᠶᠠᠮᠤᠨ ᠪᠠᠰᠠ 《ᠠᠶᠠᠯᠠᠨ ᠵᠢᠭᠤᠯᠴᠢᠯᠠᠵᠤ ᠴᠠᠭ᠋ᠠᠨ ᠰᠠᠷ᠎ᠠ᠎ᠪᠠᠨ ᠤᠭᠲᠤᠵᠤ ᠰᠡᠯᠡᠭᠦᠴᠡᠨ ᠰᠢᠨᠡᠯᠡᠬᠦ》 2025 ᠣᠨ᠎ᠤ ᠴᠠᠭ᠋ᠠᠨ ᠰᠠᠷ᠎ᠠ ᠵᠢᠨ ᠵᠢᠭᠤᠯᠴᠢᠯᠠᠯ᠎ᠤᠨ ᠲᠤᠬᠠᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠵᠢ ᠡᠷᠭᠢᠯᠡᠵᠦ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢ ᠤᠶᠠᠯᠳᠤᠭᠤᠯᠬᠤ ᠠᠷᠭ᠎ᠠ ᠬᠡᠯᠪᠡᠷᠢ᠎ᠪᠠᠷ ᠡᠯ᠎ᠡ ᠭᠠᠵᠠᠷ᠎ᠢ ᠵᠣᠬᠢᠶᠠᠨ ᠪᠠᠶ᠋ᠢᠭᠤᠯᠵᠤ ᠴᠠᠭ᠋ᠠᠨ ᠰᠠᠷ᠎ᠠ ᠵᠢᠨ ᠤᠨᠴᠠᠯᠢᠬᠳᠤ ᠵᠢᠭᠤᠯᠴᠢᠯᠠᠯ᠎ᠤᠨ ᠦᠢ᠍ᠯᠡᠳᠬᠦᠨ ᠪᠠ ᠵᠠᠮ ᠱᠤᠭᠤᠮ᠎ᠢ ᠤᠬᠠᠭᠤᠯᠤᠨ ᠲᠠᠨᠢᠯᠴᠠᠭᠤᠯᠵᠤ᠂ ᠵᠢᠭᠤᠯᠴᠢᠯᠠᠨ ᠴᠠᠭ᠋ᠠᠨ ᠰᠠᠷ᠎ᠠ᠎ᠪᠠᠨ ᠤᠭᠲᠤᠵᠤ᠂ ᠰᠡᠯᠡᠭᠦᠴᠡᠨ ᠰᠢᠨᠡᠯᠡᠬᠦ ᠵᠢ ᠨᠢᠭᠡ ᠵᠦᠢ᠍ᠯ᠎ᠤᠨ ᠰᠢᠨ᠎ᠡ ᠵᠠᠩ ᠦᠢ᠍ᠯᠡ ᠪᠤᠯᠭ᠋ᠠᠬᠤ᠎ᠪᠠᠷ ᠪᠠᠶ᠋ᠢᠨ᠎ᠠ᠃

   ᠰᠣᠶᠣᠯ ᠪᠠ ᠵᠢᠭᠤᠯᠴᠢᠯᠠᠯ᠎ᠤᠨ ᠶᠠᠮᠤᠨ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ 2025 ᠣᠨ᠎ᠤ 《ᠬᠥᠳᠡᠭᠡ ᠲᠣᠰᠬᠣᠨ ᠵᠶ᠋ᠠᠷ ᠵᠢᠭᠤᠯᠴᠢᠯᠠᠨ ᠬᠤᠳᠠᠯᠳᠤᠭ᠎ᠠ ᠮᠠᠶ᠋ᠢᠮᠠᠢ ᠬᠢᠬᠦ》 ᠬᠡᠷᠡᠭᠯᠡᠭᠡ᠎ᠪᠠᠷ ᠴᠠᠭ᠋ᠠᠨ ᠰᠠᠷ᠎ᠠ ᠵᠢ ᠤᠭᠲᠤᠬᠤ ᠠᠵᠢᠯᠯᠠᠭ᠎ᠠ ᠵᠢ ᠥᠷᠨᠢᠭᠦᠯᠵᠦ᠂ ᠰᠣᠶᠣᠯ᠂ ᠵᠢᠭᠤᠯᠴᠢᠯᠠᠯ᠂ ᠬᠤᠳᠠᠯᠳᠤᠭ᠎ᠠ᠂ ᠲᠠᠷᠢᠶᠠᠯᠠᠩ᠎ᠤᠨ ᠬᠦᠷᠢᠶᠡᠨ᠎ᠳᠠᠬᠢ ᠴᠢᠨᠠᠷ ᠰᠠᠶ᠋ᠢᠲᠠᠶ ᠡᠬᠢ ᠪᠠᠶᠠᠯᠢᠭ᠎ᠤᠨ ᠬᠣᠯᠪᠣᠯᠳᠤᠨ ᠨᠡᠪᠲᠡᠷᠡᠯᠴᠡᠬᠦ᠂ ᠬᠠᠮᠲᠤᠷᠠᠯᠴᠠᠭ᠎ᠠ ᠥᠷᠨᠢᠭᠦᠯᠬᠦ ᠵᠢ ᠵᠣᠬᠢᠶᠠᠨ ᠪᠠᠶ᠋ᠢᠭᠤᠯᠵᠤ ᠬᠥᠲᠥᠯᠥᠨ ᠵᠢᠯᠣᠭᠣᠳᠴᠤ᠂ ᠵᠢᠭᠤᠯᠴᠢᠯᠠᠨ ᠲᠣᠭᠣᠷᠢᠬᠤ᠎ᠪᠠᠷ ᠬᠤᠳᠠᠯᠳᠤᠨ ᠠᠪᠬᠤ ᠵᠢ ᠠᠬᠢᠭᠤᠯᠵᠤ᠂ ᠵᠢᠭᠤᠯᠴᠢᠯᠠᠬᠤ ᠪᠠ ᠬᠤᠳᠠᠯᠳᠤᠨ ᠠᠪᠬᠤ ᠵᠢ ᠤᠶᠠᠯᠳᠤᠭᠤᠯᠵᠤ᠂ ᠴᠠᠭ᠋ᠠᠨ ᠰᠠᠷ᠎ᠠ ᠵᠢᠨ ᠰᠣᠶᠣᠯ᠎ᠢ ᠪᠠᠳᠠᠷᠠᠭᠤᠯᠵᠤ᠂ ᠠᠮᠠᠷᠠᠯᠲᠠ ᠵᠢᠨ ᠬᠤᠭᠤᠴᠠᠭ᠋ᠠᠨ᠎ᠤ ᠠᠮᠢᠳᠤᠷᠠᠯ᠎ᠢ ᠪᠠᠶᠠᠯᠢᠭᠵᠢᠭᠤᠯᠵᠤ᠂ ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠎ᠤᠨ ᠶᠡᠷᠦᠩᠬᠡᠶ᠋ᠢᠯᠡᠭᠰᠡᠨ ᠬᠡᠷᠡᠭᠯᠡᠭᠡ ᠵᠢ ᠳᠠᠶ᠋ᠢᠴᠢᠯᠠᠨ᠎ᠠ᠃

 

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ ᠵᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
 
            