ᠭᠡᠭᠡᠨ ᠭᠣᠣᠯ᠎ᠤᠨ ᠰᠠᠭᠰᠤᠷᠭ᠎ᠠ ᠴᠠᠷᠴᠠᠵᠤ᠂ ᠮᠠᠨᠵᠤᠤᠷ᠎ᠤᠨ ᠮᠥᠰᠥ ᠴᠠᠰᠤᠨ᠎ᠤ ᠱᠤᠭᠤᠮᠠᠯ ᠪᠤᠰᠴᠤ᠂ ᠬᠥᠯᠥᠨ ᠪᠤᠢ᠍ᠢ᠍ᠷ᠎ᠤᠨ ᠲᠠᠯ᠎ᠠ ᠨᠤᠲᠤᠭ ᠴᠠᠰᠤ ᠮᠦᠰᠦᠨ᠎ᠳᠤ ᠬᠤᠴᠢᠭᠳᠠᠭᠰᠠᠨ᠎ᠳᠤ᠂ 《ᠠᠶᠠᠯᠭᠤᠲᠤ ᠵᠢᠭᠤᠯᠴᠢᠯᠠᠯ ᠦᠪᠦᠷ ᠮᠤᠩᠭᠤᠯ᠂ ᠪᠠᠶᠠᠷ ᠪᠠᠶᠠᠰᠬᠤᠯᠠᠩᠲᠤ ᠮᠦᠰᠦ ᠴᠠᠰᠤᠨ ᠤ ᠤᠯᠠᠷᠢᠯ》2025 — 2026 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠥᠰᠥ ᠴᠠᠰᠤᠨ᠎ᠤ ᠵᠢᠭᠤᠯᠴᠢᠯᠠᠯ᠎ᠤᠨ ᠤᠯᠠᠷᠢᠯ᠎ᠤᠨ ᠠᠵᠢᠯᠯᠠᠭ᠎ᠠ ᠵᠢᠩᠬᠢᠨᠢ᠎ᠪᠠᠷ ᠡᠬᠢᠯᠡᠪᠡ᠃ 2025 ᠣᠨ᠎ᠤ 11 ᠳ᠋ᠦ᠍ᠭᠡᠷ ᠰᠠᠷ᠎ᠠ᠎ᠠᠴᠠ 2026 ᠣᠨ᠎ᠤ 3 ᠳ᠋ᠤᠭ᠋ᠠᠷ ᠰᠠᠷ᠎ᠠ ᠪᠤᠯᠳᠠᠯᠠᠬᠢ 5 ᠰᠠᠷ᠎ᠠ ᠵᠢᠨ ᠮᠥᠰᠥ ᠴᠠᠰᠤᠨ᠎ᠤ ᠤᠯᠠᠷᠢᠯ᠎ᠳᠤ᠂ ᠥᠪᠥᠷ ᠮᠣᠩᠭᠣᠯ ᠵᠣᠴᠢᠳ᠎ᠲᠤ ᠠᠰᠢᠭ ᠬᠦᠷᠲᠡᠭᠡᠬᠦ ᠰᠢᠷᠢᠰ ᠠᠷᠭ᠎ᠠ ᠬᠡᠮᠵᠢᠶ᠎ᠡ᠂ ᠳᠣᠲᠣᠨᠣ ᠦᠢ᠍ᠯᠡᠴᠢᠯᠡᠭᠡ᠂ ᠭᠣᠢ᠌ᠳᠠ ᠰᠠᠢ᠌ᠬᠠᠨ ᠠᠵᠢᠯᠯᠠᠭ᠎ᠠ᠎ᠪᠠᠷ ᠲᠠᠮᠵᠢᠨ 《ᠬᠦᠢ᠍ᠲᠡᠨ ᠡᠬᠢ ᠪᠠᠶᠠᠯᠢᠭ》᠎ᠢ 《ᠬᠠᠯᠠᠭᠤᠨ ᠠᠵᠤ ᠦᠢ᠍ᠯᠡᠰ》 ᠲᠡᠢ᠌ᠰᠢ᠎ᠬᠢ ᠬᠤᠪᠢᠷᠠᠯᠲᠠ ᠵᠢ ᠪᠥᠬᠥ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠵᠤ᠂ ᠥᠷᠭᠡᠨ ᠠᠭᠤᠳᠠᠮ ᠤᠮᠠᠷᠠᠲᠤ ᠬᠢᠯᠢ ᠵᠢᠨ ᠡᠪᠦᠯ᠎ᠤᠨ ᠤᠯᠠᠷᠢᠯ᠎ᠳᠤ ᠰᠢᠨ᠎ᠡ ᠠᠮᠢᠵᠢᠷᠠᠯ᠎ᠤᠨ ᠬᠦᠴᠦᠨ ᠤᠯᠭᠤᠨ᠎ᠠ᠃
ᠵᠢᠭᠤᠯᠴᠢᠯᠠᠭᠴᠢᠳ᠎ᠲᠤ ᠬᠠᠷᠠᠭ᠋ᠠᠯᠵᠠᠯ ᠦᠵᠡᠭᠦᠯᠵᠦ᠂ ᠬᠡᠷᠡᠭᠯᠡᠭᠡᠨ᠎ᠤ ᠲᠠᠯᠲᠠ ᠬᠦᠴᠦᠨ ᠢ ᠪᠠᠳᠠᠷᠠᠭᠤᠯᠤᠨ᠎ᠠ᠃
ᠪᠣᠳᠠᠲᠠᠢ ᠠᠷᠭ᠎ᠠ ᠬᠡᠮᠵᠢᠶ᠎ᠡ᠎ᠪᠠᠷ ᠦᠢ᠍ᠯᠡᠴᠢᠯᠡᠭᠡ᠎ᠪᠠᠨ ᠲᠡᠭᠡᠭᠰᠢᠯᠡᠭᠦᠯᠵᠦ᠂ ᠵᠢᠷᠭᠤᠭ᠋ᠠᠨ ᠵᠦᠢ᠍ᠯ᠎ᠤᠨ ᠦᠢ᠍ᠯᠡᠴᠢᠯᠡᠭᠡ᠎ᠪᠠᠷ ᠦᠨᠳᠦᠰᠦᠨ ᠵᠦᠢ᠍ᠯ᠎ᠢ ᠪᠠᠲᠤᠯᠠᠨ᠎ᠠ᠃
ᠮᠥᠰᠥ ᠴᠠᠰᠤᠨ᠎ᠳᠤ ᠬᠤᠴᠢᠭᠳᠠᠭᠰᠠᠨ ᠬᠠᠯᠠᠭᠤᠨ ᠳᠤᠯᠠᠭ᠋ᠠᠨ ᠰᠠᠬᠢᠯ᠎ᠠᠴᠠ ᠪᠦᠬᠦ ᠣᠷᠣᠨ ᠪᠦᠰᠡ᠎ᠪᠠᠷ ᠵᠶ᠋ᠡᠨ ᠬᠣᠯᠪᠤᠭ᠋ᠠᠯᠠᠨ ᠬᠥᠳᠡᠯᠦᠯᠴᠡᠭᠰᠡᠨ ᠮᠥᠰᠥ ᠴᠠᠰᠤᠨ᠎ᠤ ᠨᠠᠷᠭᠢᠶᠠᠨ ᠬᠦᠷᠲᠡᠯ᠎ᠡ᠂ ᠥᠪᠥᠷ ᠮᠣᠩᠭᠣᠯ ᠴᠢᠩ ᠦᠨᠡᠨᠴᠢ ᠦᠢ᠍ᠯᠡᠴᠢᠯᠡᠭᠡ ᠪᠣᠯᠣᠨ ᠬᠠᠯᠠᠭᠤᠮᠰᠤᠭ ᠳᠠᠶ᠋ᠢᠯᠠᠯᠭ᠎ᠠ᠎ᠪᠠᠷ ᠵᠶ᠋ᠠᠨ ᠬᠠᠬᠢᠷ ᠬᠦᠢ᠍ᠲᠡᠨ᠎ᠢ ᠮᠠᠷᠲᠠᠭᠳᠠᠰᠢ ᠦᠭᠡᠢ ᠬᠠᠯᠠᠭᠤᠨ ᠳᠤᠯᠠᠭ᠋ᠠᠨ᠎ᠤ ᠲᠥᠷᠥᠭᠳᠡᠯ ᠤᠯᠭᠤᠨ᠂ ᠥᠷᠭᠡᠨ ᠤᠯᠠᠨ ᠵᠢᠭᠤᠯᠴᠢᠯᠠᠭᠴᠢᠳ᠎ᠤᠨ ᠥᠪᠥᠷ ᠮᠣᠩᠭᠣᠯ᠎ᠳᠤ ᠬᠦᠷᠦᠯᠴᠡᠨ ᠢᠷᠡᠵᠦ ᠦᠪᠦᠷ ᠮᠤᠩᠭᠤᠯ ᠤᠨ《ᠲᠤᠯᠠᠭ᠋ᠠᠨ》᠎ᠢ ᠪᠡᠶᠡᠴᠢᠯᠡᠨ ᠣᠢ᠌ᠯᠠᠭ᠋ᠠᠬᠤ ᠵᠢ ᠪᠠᠶᠠᠷᠯᠠᠨ ᠤᠭᠲᠤᠵᠤ ᠪᠠᠢ᠌ᠨ᠎ᠠ!