ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠵᠠᠷᠤᠳ ᠬᠣᠰᠢᠭᠤ ᠰᠢᠨ᠎ᠡ ᠵᠢ ᠡᠭᠦᠳᠴᠦ ᠲᠡᠦᠬᠡ ᠵᠢᠨ ᠳᠤᠷᠠᠰᠬᠠᠯᠲᠤ ᠵᠦᠢ᠍ᠯᠡᠰ ᠪᠠ ᠰᠣᠶᠣᠯ᠎ᠤᠨ ᠥᠪ᠎ᠢ ᠤᠯᠠᠮᠵᠢᠯᠠᠨ ᠬᠥᠭᠵᠢᠭᠦᠯᠵᠦ ᠪᠠᠢ᠌ᠨ᠎ᠠ
ᠨᠡᠶᠢᠲᠡᠯᠡᠭᠰᠡᠨ ᠴᠠᠭ᠄ 2024-10-24

        ᠣᠢ᠌ᠷ᠎ᠠ ᠵᠢᠨ ᠵᠢᠯ᠎ᠠᠴᠠ ᠨᠠᠭ᠋ᠠᠰᠢ᠂ ᠵᠠᠷᠤᠳ ᠬᠣᠰᠢᠭᠤ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠠᠭᠤᠯᠤᠭᠳᠠᠬᠤᠨ ᠪᠣᠯᠣᠨ ᠱᠠᠭ᠋ᠠᠷᠳᠠᠯᠭ᠎ᠠ ᠵᠢ ᠭᠦᠨᠵᠡᠭᠡᠢ ᠡᠵᠡᠮᠳᠡᠵᠦ᠂ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠲᠦᠩᠯᠢᠶᠣᠣ ᠬᠤᠳᠠ ᠵᠢᠨ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠬᠤ ᠲᠤᠬᠠᠢ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠬᠣᠰᠢᠭᠤᠨ᠎ᠤ ᠨᠠᠮ᠎ᠤᠨ ᠬᠣᠷᠢᠶ᠎ᠠ᠂ ᠬᠣᠰᠢᠭᠤᠨ᠎ᠤ ᠵᠠᠰᠠᠭ᠎ᠤᠨ ᠣᠷᠳᠣᠨ᠎ᠤ ᠭᠣᠣᠯ ᠠᠵᠢᠯ᠎ᠳᠠᠭᠠᠨ ᠨᠠᠢ᠌ᠳᠠᠪᠤᠷᠢᠵᠢᠭᠤᠯᠵᠤ᠂ ᠲᠤᠰ ᠭᠠᠵᠠᠷ ᠣᠷᠣᠨ᠎ᠤ᠎ᠪᠠᠨ ᠪᠣᠳᠠᠲᠤ ᠪᠠᠢ᠌ᠳᠠᠯ᠎ᠳᠤ ᠰᠠᠭᠤᠷᠢᠯᠠᠵᠤ᠂ᠲᠡᠦᠬᠡ ᠵᠢᠨ ᠳᠤᠷᠠᠰᠬᠠᠯᠲᠤ ᠵᠦᠢ᠍ᠯ ᠪᠣᠯᠣᠨ ᠰᠣᠶᠣᠯ᠎ᠤᠨ ᠥᠪ᠎ᠢ ᠠᠭᠤᠳᠠᠯᠬᠤ᠂ ᠤᠯᠠᠮᠵᠢᠯᠠᠬᠤ᠂ ᠠᠭᠤᠰᠤᠯᠴᠠᠭᠤᠯᠬᠤ ᠲᠠᠯ᠎ᠠ᠎ᠪᠠᠷ ᠬᠦᠴᠦ ᠣᠷᠣᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ ᠵᠢ ᠲᠠᠰᠤᠷᠠᠯᠳᠡ ᠦᠭᠡᠢ ᠠᠬᠢᠭᠤᠯᠵᠠᠢ᠃    
      ᠭᠦᠨ ᠠᠭᠤᠳᠠᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ ᠪᠠ ᠰᠣᠶᠣᠯ᠎ᠤᠨ ᠥᠪ᠎ᠢ 《ᠭᠣᠢ᠌ᠳᠠ ᠰᠠᠢ᠌ᠬᠠᠨ》 ᠳᠡᠯᠭᠡᠨ ᠦᠵᠡᠭᠦᠯᠪᠡ᠃ 《ᠬᠠᠮᠠᠭ᠋ᠠᠯᠠᠬᠤ᠎ᠪᠠᠷ ᠭᠣᠣᠯ ᠪᠤᠯᠭ᠋ᠠᠬᠤ᠂ ᠠᠪᠤᠷᠠᠬᠤ ᠵᠢ ᠲᠡᠷᠢᠭᠦᠨ᠎ᠳᠤ ᠲᠠᠯᠪᠢᠬᠤ᠂ ᠵᠦᠢ ᠵᠣᠬᠢᠰᠲᠠᠢ᠎ᠪᠠᠷ ᠠᠰᠢᠭᠯᠠᠬᠤ᠂ ᠤᠯᠠᠮᠵᠢᠯᠠᠨ ᠬᠥᠭᠵᠢᠭᠦᠯᠬᠦ》 ᠠᠵᠢᠯ᠎ᠤᠨ ᠴᠢᠭᠯᠡᠯᠲᠡ ᠵᠢ ᠪᠠᠷᠢᠮᠲᠠᠯᠠᠨ᠂ᠰᠠᠭᠤᠷᠢ ᠲᠣᠭ᠎ᠠ ᠵᠢ ᠲᠣᠳᠣᠷᠬᠠᠢ ᠣᠢ᠌ᠯᠠᠭ᠋ᠠᠬᠤ᠂ ᠰᠤᠳᠤᠯᠤᠨ ᠲᠠᠢ᠌ᠯᠪᠤᠷᠢᠯᠠᠬᠤ ᠵᠡᠷᠭᠡ ᠰᠠᠭᠤᠷᠢ ᠴᠢᠨᠠᠷᠲᠠᠢ ᠠᠵᠢᠯ᠎ᠠᠴᠠ ᠭᠠᠷᠳᠠᠵᠤ᠂ ᠲᠡᠦᠬᠡ ᠵᠢᠨ ᠳᠤᠷᠠᠰᠬᠠᠯᠲᠤ ᠵᠦᠢ᠍ᠯ ᠪᠠ ᠰᠣᠶᠣᠯ᠎ᠤᠨ ᠥᠪ᠎ᠢ ᠬᠠᠮᠠᠭ᠋ᠠᠯᠠᠨ ᠠᠰᠢᠭᠯᠠᠬᠤ ᠠᠵᠢᠯ᠎ᠤᠨ ᠰᠠᠭᠤᠷᠢ ᠵᠢ ᠲᠠᠰᠤᠷᠠᠯᠳᠠ ᠦᠭᠡᠢ ᠪᠡᠬᠢᠵᠢᠭᠦᠯᠪᠡ᠃ ᠪᠦᠭᠦ ᠤᠯᠤᠰ᠎ᠤᠨ ᠳᠥᠷᠪᠡᠳᠡᠬᠢ ᠲᠡᠦᠬᠡ ᠵᠢᠨ ᠲ᠋ᠤᠷᠠᠰᠬᠠᠯᠲᠤ ᠵᠦᠢ᠍ᠯ᠎ᠤᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠲᠠᠢ ᠤᠶᠠᠯᠳᠤᠭᠤᠯᠤᠨ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠪᠠᠢ᠌ᠳᠠᠯ᠎ᠢ ᠲᠣᠳᠣᠷᠬᠠᠢ ᠣᠢ᠌ᠯᠠᠭ᠋ᠠᠬᠤ ᠵᠢᠨ ᠬᠠᠮᠲᠤ᠂ ᠲᠡᠦᠬᠡ ᠵᠢᠨ ᠳᠤᠷᠠᠰᠬᠠᠯᠲᠤ ᠵᠦᠢ᠍ᠯ᠎ᠢ ᠲᠠᠨᠢᠯᠴᠠᠭᠤᠯᠬᠤ ᠢᠨᠵᠧᠨᠧᠷᠢᠩ᠎ᠢ ᠯᠠᠪᠳᠠᠭᠤᠨ ᠪᠠᠲᠤᠲᠠᠢ ᠥᠷᠨᠢᠭᠦᠯᠵᠦ᠂ 40 ᠬᠡᠰᠡᠭ ᠲᠡᠦᠬᠡ ᠵᠢᠨ ᠲ᠋ᠤᠷᠠᠰᠬᠠᠯᠲᠤ ᠵᠦᠢ᠍ᠯ᠎ᠤᠨ ᠲᠡᠮᠳᠡᠭ᠎ᠤᠨ ᠬᠥᠰᠢᠶ᠎ᠡ ᠪᠠ ᠲᠣᠳᠣᠷᠬᠠᠢ᠌ᠯᠠᠯᠲᠠ ᠵᠢᠨ ᠫᠠᠢ᠌ᠰᠠ ᠵᠢ ᠳᠠᠭᠢᠨ ᠪᠣᠰᠬᠠᠵᠤ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠠᠮᠤᠷ ᠲ᠋ᠦᠪᠰᠢᠨ᠎ᠤ ᠬᠠᠮᠢᠶᠠᠷᠤᠯᠲᠠ ᠵᠢᠨ ᠪᠣᠳᠠᠲᠤ ᠦᠷ᠎ᠡ ᠪᠦᠲᠦᠮᠵᠢ ᠪᠠ ᠣᠯᠠᠨ ᠲᠦᠮᠡᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠦᠵᠡᠯ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠮᠠᠯᠲᠠᠵᠤ ᠭᠠᠷᠭ᠋ᠠᠭᠰᠠᠨ ᠲᠡᠦᠬᠡ ᠵᠢᠨ ᠳᠤᠷᠠᠰᠬᠠᠯᠲᠤ ᠵᠦᠢ᠍ᠯ ᠪᠠ ᠪᠠᠭᠤᠷᠢ ᠵᠢ ᠰᠤᠳᠤᠯᠤᠨ ᠲᠠᠢ᠌ᠯᠪᠤᠷᠢᠯᠠᠬᠤ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠡᠮᠦᠨ᠎ᠡ ᠪᠤᠯᠠᠬᠲᠤ ᠵᠢᠨ ᠲᠡᠦᠬᠡ᠎ᠠᠴᠠ ᠡᠮᠦᠨᠡᠬᠢ ᠦᠯᠡᠳᠡᠭᠳᠡᠯ ᠪᠠᠭᠤᠷᠢ᠎ᠪᠠᠷ ᠭᠣᠣᠯ ᠪᠤᠯᠭ᠋ᠠᠵᠤ᠂ ᠬᠠᠷᠢᠶ᠎ᠠ ᠣᠷᠣᠨ᠎ᠤ ᠵᠠᠭᠤ ᠭᠠᠷᠤᠢ ᠡᠷᠲᠡᠨ᠎ᠤ ᠬᠤᠳᠠ ᠵᠢᠨ ᠪᠠᠭᠤᠷᠢ ᠵᠢᠨ ᠲᠣᠭᠣᠷᠢᠨ᠎ᠳᠤ᠂ ᠬᠠᠭᠤᠴᠢ ᠰᠤᠳᠤᠯᠤᠯ᠎ᠤᠨ ᠮᠠᠲ᠋ᠧᠷᠢᠶᠠᠯ ᠵᠢᠴᠢ ᠰᠤᠷᠪᠤᠯᠵᠢ ᠪᠢᠴᠢᠭ᠎ᠤᠨ ᠲᠡᠮᠳᠡᠭᠯᠡᠯ᠎ᠲᠠᠢ ᠤᠶᠠᠯᠳᠤᠭᠤᠯᠤᠨ ᠲᠡᠦᠬᠡ ᠵᠢᠨ ᠮᠡᠳᠡᠭᠡ ᠵᠠᠩᠭᠢ ᠵᠢ᠎ᠨᠢ ᠲᠣᠳᠣᠷᠬᠠᠢ᠌ᠯᠠᠨ ᠲᠠᠢ᠌ᠯᠪᠤᠷᠢᠯᠠᠵᠤ᠂ ᠤᠨᠤᠯ᠎ᠤᠨ ᠰᠤᠳᠤᠯᠭ᠋ᠠᠨ᠎ᠤ ᠦᠷ᠎ᠡ ᠪᠦᠲᠦᠭᠡᠯ 《ᠵᠠᠷᠤᠳ᠎ᠤᠨ ᠡᠷᠲᠡᠨ᠎ᠤ ᠬᠤᠳᠠ ᠵᠢᠨ ᠪᠠᠭᠤᠷᠢ ᠵᠢᠨ ᠪᠠᠢ᠌ᠴᠠᠭ᠋ᠠᠯᠲᠠ ᠪᠠ ᠰᠤᠳᠤᠯᠭ᠋ᠠᠨ》᠎ᠢ ᠪᠦᠷᠢᠯᠳᠦᠭᠦᠯᠵᠦ᠂ ᠪᠠᠷᠠᠭᠤᠨ ᠯᠢᠶᠣᠤ ᠾᠧ ᠭᠣᠣᠯ᠎ᠤᠨ ᠪᠣᠯᠪᠠᠰᠤᠨ᠎ᠤ ᠰᠤᠳᠤᠯᠭ᠋ᠠᠨ᠎ᠳᠤ ᠬᠦᠴᠦᠲᠡᠢ ᠲ᠋ᠤᠯᠭ᠋ᠠᠭᠤᠷᠢᠯᠠᠯ ᠬᠠᠩᠭ᠋ᠠᠪᠠ᠃ ᠬᠠᠮᠠᠭ᠋ᠠᠯᠠᠯᠲᠠ ᠵᠢᠨ ᠦᠨ᠎ᠡ ᠦᠷᠳᠡᠭ᠎ᠲᠠᠢ ᠡᠬᠢ ᠪᠠᠶᠠᠯᠢᠭ᠎ᠢ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ᠎ᠳᠤ ᠡᠮᠬᠢ ᠵᠢᠷᠤᠮ᠎ᠲᠠᠢ᠎ᠪᠠᠷ ᠣᠷᠣᠭᠤᠯᠬᠤ ᠵᠢ ᠦᠷᠭᠦᠯᠵᠢᠯᠡᠨ ᠲᠦᠯᠬᠢᠨ ᠠᠬᠢᠭᠤᠯᠵᠤ᠂ ᠰᠣᠶᠣᠯ᠎ᠤᠨ ᠥᠪ᠎ᠤᠨ ᠲᠠᠨᠭ᠌ᠰᠠ ᠡᠪᠬᠡᠮᠡᠯ ᠪᠠ ᠳ᠋ᠠᠢ᠌ᠲ᠋ᠠ ᠬᠥᠮᠥᠷᠭᠡ ᠵᠢ ᠪᠠᠢ᠌ᠭᠤᠯᠤᠨ ᠲᠡᠭᠦᠯᠳᠡᠷᠵᠢᠭᠦᠯᠪᠡ᠃ᠤᠳᠤ ᠵᠠᠷᠤᠳ ᠬᠣᠰᠢᠭᠤᠨ᠎ᠳᠤ ᠠᠯᠲᠠᠨ ᠤᠯᠤᠰ᠎ᠤᠨ ᠬᠡᠷᠡᠮ᠎ᠤᠨ ᠪᠠᠭᠤᠷᠢ 88 ᠺᠢᠯᠣᠮᠧᠲᠷ ᠪᠠᠢ᠌ᠵᠤ᠂ ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯ 393 ᠬᠤᠪᠢ᠂ ᠰᠢᠯᠵᠢᠭᠦᠯᠵᠦ ᠪᠤᠯᠬᠤ ᠲᠡᠦᠬᠡ ᠵᠢᠨ ᠳᠤᠷᠠᠰᠬᠠᠯᠲᠤ ᠵᠦᠢ᠍ᠯ 5264 ᠢᠵᠢ᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲ᠋ᠥᠯᠥᠭᠡᠯᠡᠬᠦ ᠴᠢᠨᠠᠷᠲᠠᠢ ᠲᠥᠷᠥᠯ ᠵᠦᠢ᠍ᠯ 1 ᠬᠤᠪᠢ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠲ᠋ᠥᠷᠥᠯ ᠵᠦᠢ᠍ᠯ 7 ᠬᠤᠪᠢ᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭ᠋ᠠᠮᠵᠢᠯᠠᠭᠴᠢ 1 ᠨᠡᠷᠡᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭ᠋ᠠᠮᠵᠢᠯᠠᠭᠴᠢ 15 ᠨᠡᠷᠡᠰ ᠪᠤᠶ᠃    
      ᠤᠯᠠᠮᠵᠢᠯᠠᠨ ᠵᠠᠯᠭ᠋ᠠᠮᠵᠢᠯᠠᠬᠤ ᠵᠢ ᠴᠢᠬᠤᠯᠠᠴᠢᠯᠠᠵᠤ᠂ ᠲᠡᠦᠬᠡ ᠵᠢᠨ ᠳᠤᠷᠠᠰᠬᠠᠯᠲᠤ ᠵᠦᠢ᠍ᠯ ᠪᠠ ᠰᠣᠶᠣᠯ᠎ᠤᠨ ᠥᠪ᠎ᠢ 《ᠠᠮᠢᠯᠠᠭᠤᠯᠪᠠ》᠃ ᠰᠣᠶᠣᠯ᠎ᠤᠨ ᠣᠷᠳᠣᠨ᠂ᠨᠣᠮ᠎ᠤᠨ ᠰᠠᠩ᠂ ᠮᠦᠽᠧᠢ ᠵᠢᠨ ᠰᠤᠷᠭ᠋ᠠᠨ ᠬᠥᠮᠦᠵᠢᠯ᠎ᠤᠨ ᠴᠢᠳᠠᠮᠵᠢ ᠵᠢ ᠭᠦᠢ᠍ᠴᠡᠳ ᠪᠠᠳᠠᠷᠠᠭᠤᠯᠵᠤ᠂ ᠰᠤᠷᠭ᠋ᠠᠨ ᠬᠥᠮᠦᠵᠢᠯ᠎ᠤᠨ ᠰᠤᠳᠤᠯᠤᠨ ᠰᠤᠷᠤᠯᠴᠠᠬᠤ᠂ ᠰᠠᠢ᠌ᠨ ᠳᠤᠷ᠎ᠠ ᠵᠢᠨ ᠦᠢ᠍ᠯᠡᠴᠢᠯᠡᠭᠡ ᠵᠡᠷᠭᠡ ᠰᠢᠷᠢᠰ ᠣᠨᠴᠠᠯᠢᠭᠲᠤ ᠠᠵᠢᠯᠯᠠᠭ᠎ᠠ ᠵᠢ ᠥᠷᠨᠢᠭᠦᠯᠵᠦ᠂ ᠨᠣᠮ᠎ᠤᠨ ᠰᠠᠩ ᠪᠠ ᠰᠤᠷᠭ᠋ᠠᠭᠤᠯᠢ ᠵᠢᠨ ᠬᠠᠮᠲᠤᠷᠠᠯᠴᠠᠭ᠎ᠠ ᠵᠢᠨ 《ᠰᠣᠶᠣᠯ᠎ᠤᠨ ᠦᠵᠡᠰᠭᠦᠯᠡᠩ᠎ᠢ ᠵᠡᠷᠭᠡ᠎ᠪᠠᠷ ᠬᠥᠭᠵᠢᠭᠦᠯᠬᠦ》 ᠵᠢᠨ ᠰᠢᠨ᠎ᠡ ᠵᠢ ᠡᠭᠦᠳᠴᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠰᠤᠷᠤᠬ᠍ᠴᠢᠳ᠎ᠢ ᠮᠦᠽᠧᠢ᠎ᠳᠤ ᠣᠷᠣᠭᠤᠯᠬᠤ ᠵᠡᠷᠭᠡ ᠰᠢᠷᠢᠰ ᠠᠵᠢᠯᠯᠠᠭ᠎ᠠ ᠵᠢ ᠥᠷᠨᠢᠭᠦᠯᠪᠡ᠃ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠵᠢᠭᠰᠠᠭ᠋ᠠᠯ᠎ᠤᠨ ᠭᠠᠵᠠᠷ᠎ᠲᠤ ᠰᠠᠭᠤᠷᠢᠯᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠰᠤᠷᠭ᠋ᠠᠨ ᠬ᠋ᠥᠮᠦᠵᠢᠯ ᠵᠢᠭ᠋ᠠᠨ ᠰᠤᠷᠭ᠋ᠠᠯᠲᠠ ᠵᠢᠨ ᠪᠦᠭᠦ ᠶᠠᠪᠤᠴᠠ᠎ᠳᠤ ᠠᠭᠤᠰᠬᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠰᠠᠷ᠎ᠠ᠂ ᠳᠤᠮᠳᠠᠳᠤ ᠵᠢᠨ ᠰᠣᠩᠭᠣᠳᠠᠭ ᠵᠣᠬᠢᠶᠠᠯ᠎ᠢ ᠤᠩᠰᠢᠬᠤ ᠤᠷᠤᠯᠳᠤᠭ᠋ᠠᠨ᠂ ᠳᠤᠮᠳᠠᠳᠤ ᠵᠢᠨ ᠰᠢᠯᠦᠭ ᠳᠠᠭᠤᠯᠠᠯ᠎ᠤᠨ ᠰᠣᠶᠣᠯ᠎ᠢ ᠰᠣᠨᠢᠷᠬᠠᠬᠤ ᠤᠷᠤᠯᠳᠤᠭ᠋ᠠᠨ ᠵᠡᠷᠭᠡ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠤᠬ᠍ᠴᠢᠳ᠎ᠤᠨ ᠰᠣᠶᠣᠯ᠎ᠤᠨ ᠲᠠᠨᠢᠯᠲᠠ᠂ ᠰᠣᠶᠣᠯ᠎ᠤᠨ ᠤᠬᠠᠮᠰᠠᠷ᠂ ᠰᠣᠶᠣᠯ᠎ᠤᠨ ᠢᠲᠡᠭᠡᠯ᠎ᠢ ᠦᠷᠭᠦᠯᠵᠢᠯᠡᠨ ᠴᠢᠩᠭ᠋ᠠᠳᠬᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠵᠠᠯᠠᠭᠤᠴᠤᠳ ᠪᠠᠭ᠋ᠠᠴᠤᠳ᠎ᠤᠨ ᠳᠤᠮᠳᠠ ᠠᠮᠢᠳᠤᠯᠢᠭ ᠵᠶ᠋ᠠᠷ ᠤᠯᠠᠮᠵᠢᠯᠠᠬᠤ ᠵᠢ ᠠᠬᠢᠭᠤᠯᠪᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ 《ᠲᠣᠰᠬᠣᠨ᠎ᠤ ᠦᠳᠡᠰᠢᠯᠡᠭᠡ》 ᠵᠢᠴᠢ ᠥᠯᠢᠭᠡᠷ᠂ ᠤᠷᠲᠤ ᠵᠢᠨ ᠳᠠᠭᠤᠤ᠂ ᠬᠠᠳᠬᠤᠮᠠᠯ᠂᠎ᠪᠠᠷ ᠵᠢᠷᠤᠭ ᠵᠡᠷᠭᠡ ᠤᠷᠤᠯᠳᠤᠭ᠋ᠠᠨ᠎ᠤ ᠠᠵᠢᠯᠯᠠᠭ᠎ᠠ ᠵᠢ ᠡᠷᠭᠢᠯᠡᠵᠦ᠂ᠪᠣᠳᠠᠰ᠎ᠤᠨ ᠪᠤᠰᠤ ᠰᠣᠶᠣᠯ᠎ᠤᠨ ᠥᠪ᠎ᠤᠨ ᠵᠠᠯᠭ᠋ᠠᠮᠵᠢᠯᠠᠭᠴᠢ ᠵᠢᠨ ᠡᠩᠨᠡᠭᠡ ᠵᠢᠨ ᠪᠠᠢ᠌ᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠨ᠂ 《ᠬᠣᠷᠴᠢᠨ᠎ᠤ ᠬᠤᠪᠴᠠᠰᠤ ᠵᠠᠰᠠᠯ》᠎ᠤᠨ ᠪᠣᠯᠪᠠᠰᠤᠷᠠᠯ᠎ᠤᠨ ᠠᠩᠭᠢ᠂ ᠤᠷᠠᠨ ᠡᠵᠢ ᠵᠢᠨ ᠭᠠᠷ ᠤᠷᠠᠯᠠᠯ᠎ᠤᠨ ᠨᠡᠬᠡᠮᠡᠯ᠎ᠤᠨ ᠪᠣᠯᠪᠠᠰᠤᠷᠠᠯ᠎ᠤᠨ ᠠᠩᠭᠢ ᠵᠡᠷᠭᠡ ᠠᠵᠢᠯᠯᠠᠭ᠎ᠠ ᠵᠢ ᠡᠷᠭᠢᠯᠡᠭᠦ᠎ᠪᠠᠷ ᠲ᠋ᠠᠮᠵᠢᠭᠤᠯᠤᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭ᠋ᠠᠮᠵᠢᠯᠠᠬᠤ ᠵᠢ ᠠᠬᠢᠭᠤᠯᠪᠠ᠃ ᠵᠠᠷᠤᠳ᠎ᠤᠨ ᠤᠯᠠᠨ ᠨᠡᠢ᠌ᠲᠡ ᠵᠢᠨ ᠲᠠᠪᠴᠠᠩ᠎ᠳᠤ ᠲ᠋ᠦᠰᠢᠭᠯᠡᠨ 《ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠷᠤ᠎ᠳᠠᠬᠢ ᠦᠯᠢᠭᠡᠷ᠎ᠢ ᠥᠭᠦᠯᠡᠬᠦ᠎ᠨᠢ》 ᠭᠡᠬᠦ ᠪᠢᠴᠢᠯ ᠤᠬᠠᠭᠤᠯᠭ᠎ᠠ ᠵᠢᠨ ᠪᠤᠯᠤᠩ ᠭᠠᠷᠭ᠋ᠠᠵᠤ᠂ 《ᠲᠠᠬᠢᠶᠠᠨ ᠰᠡᠴᠢᠭᠲᠦ ᠳᠡᠪᠦᠷ᠎ᠡ》᠂《ᠮᠤᠤᠦ᠌ᠬᠢᠨ᠎ᠤ ᠠᠯᠪᠠᠨ ᠪᠢᠴᠢᠭ᠎ᠤᠨ ᠪᠣᠭᠴᠣ》᠂ 《ᠴᠤᠭᠤᠷ》᠂《ᠠᠯᠳᠠᠷᠲᠤ ᠬᠤᠭᠤᠷᠴᠢ ᠫᠠᠵᠠᠢ ᠵᠢᠨ ᠲᠦᠷᠪᠡᠨ ᠤᠲᠠᠰᠤᠲᠤ ᠬᠤᠭᠤᠷ》 ᠵᠡᠷᠭᠡ ᠸᠢᠳᠢᠤ᠋ ᠵᠢ ᠰᠢᠩᠭᠡᠭᠡᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ 《ᠠᠮᠢᠯᠠᠭᠤᠯᠵᠤ》᠂ ᠳᠤᠮᠳᠠᠳᠤ ᠤᠯᠤᠰ᠎ᠤᠨ ᠦᠯᠢᠭᠡᠷ᠂ ᠵᠠᠷᠤᠳ᠎ᠤᠨ ᠦᠯᠢᠭᠡᠷ᠎ᠢ ᠰᠠᠢ᠌ᠬᠠᠨ ᠶᠠᠷᠢᠪᠠ᠃    
      ᠤᠷᠠᠨ ᠵᠶ᠋ᠠᠷ ᠠᠭᠤᠰᠤᠯᠴᠠᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯ ᠪᠣᠯᠣᠨ ᠰᠣᠶᠣᠯ᠎ᠤᠨ ᠥᠪ᠎ᠤᠨ 《ᠬᠡᠭᠡᠨᠴᠢᠷ ᠰᠠᠢ᠌ᠬᠠᠨ ᠬᠤᠪᠢᠷᠠᠯᠲᠠ》 ᠵᠢ ᠪᠡᠶᠡᠯᠡᠭᠦᠯᠪᠡ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠬᠤ᠂ ᠬᠡᠷᠡᠭᠯᠡᠬᠦ᠎ᠪᠠᠷ ᠪᠠᠲᠤᠯᠠᠬᠤ ᠵᠢ ᠠᠬᠢᠭᠤᠯᠬᠤ ᠵᠠᠷᠴᠢᠮ᠎ᠢ ᠪᠠᠷᠢᠮᠲᠠᠯᠠᠵᠤ᠂ ᠲᠡᠦᠬᠡ ᠵᠢᠨ ᠲ᠋ᠤᠷᠠᠰᠬᠠᠯᠲᠤ ᠵᠦᠢ᠍ᠯ ᠪᠠ ᠰᠣᠶᠣᠯ᠎ᠤᠨ ᠥᠪ᠎ᠤᠨ ᠡᠬᠢ ᠪᠠᠶᠠᠯᠢᠭ᠎ᠤᠨ ᠤᠯᠠᠨ ᠳᠠᠪᠬᠤᠷ ᠦᠷᠳᠡᠭ᠎ᠢ ᠭᠦᠨ ᠠᠭᠤᠳᠠᠯᠤᠨ ᠨᠠᠷᠢᠯᠢᠭ ᠠᠭᠤᠳᠠᠯᠵᠤ᠂ ᠥᠷᠭᠡᠨ ᠤᠯᠠᠨ ᠲ᠋ᠦᠮᠡᠨ᠎ᠤ ᠤᠶᠤᠨ ᠰᠠᠨᠠᠭ᠋ᠠᠨ᠎ᠤ ᠶᠢᠷᠲᠢᠨᠴᠦ᠎ᠳᠤ ᠡᠯᠪᠡᠭ ᠪᠠᠶᠠᠯᠢᠭ ᠰᠢᠮ᠎ᠡ ᠲᠡᠵᠢᠭᠡᠯ ᠬᠠᠩᠭ᠋ᠠᠬᠤ ᠵᠢ ᠢᠳᠡᠪᠬᠢᠲᠡᠢ ᠬᠠᠢ᠌ᠨ ᠰᠦᠪᠡᠭᠴᠢᠯᠡᠪᠡ᠃ ᠰᠣᠶᠣᠯ᠎ᠤᠨ ᠲ᠋ᠣᠭ᠋ᠠᠴᠢᠯᠠᠭᠰᠠᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠪᠠᠷ ᠭᠠᠷᠳᠠᠴᠠ ᠪᠣᠯᠭ᠋ᠠᠨ᠂《ᠰᠣᠶᠣᠯ᠎ᠤᠨ ᠥᠪ᠎ᠤᠨ ᠲᠣᠭ᠋ᠠᠴᠢᠯᠠᠯᠲᠠ + ᠠᠵᠤ ᠦᠢ᠍ᠯᠡᠰᠵᠢᠯᠲᠡ》 ᠵᠢᠨ ᠬᠠᠮᠲᠤ᠎ᠪᠠᠷ ᠬᠥᠭᠵᠢᠬᠦ ᠵᠠᠭᠪᠤᠷ᠎ᠢ ᠰᠦᠪᠡᠭᠴᠢᠯᠡᠵᠦ᠂ 《ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯ᠎ᠤᠨ〈ᠰᠢᠨ᠎ᠡ ᠠᠮᠢᠯᠠᠯ᠎ᠤᠨ ᠪᠠᠢ᠌ᠳᠠᠯ〉᠎ᠳᠤ ᠲ᠋ᠣᠭ᠋ᠠᠴᠢᠯᠠᠯᠳᠠ᠎ᠪᠠᠷ ᠴᠢᠳᠠᠪᠬᠢ ᠣᠯᠭᠣᠬᠤ》᠎ᠪᠠᠷ ᠭᠣᠣᠯ ᠰᠡᠳᠦᠪ ᠪᠤᠯᠭ᠋ᠠᠬᠰᠠᠨ ᠪᠦᠭᠦ ᠤᠯᠤᠰ᠎ᠤᠨ ᠬᠣᠶᠠᠳᠤᠭ᠋ᠠᠷ ᠬᠤᠭᠤᠴᠠᠭ᠋ᠠᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠣᠭ᠋ᠠᠴᠢᠯᠠᠭᠰᠠᠨ ᠶᠠᠷᠢᠶᠠᠨ᠎ᠤ ᠲᠠᠪᠴᠠᠩ᠎ᠢ ᠳᠠᠭ᠋ᠠᠭ᠋ᠠᠴᠢᠯᠠᠨ ᠡᠷᠭᠢᠯᠡᠭᠦ᠂ 《ᠵᠠᠷᠤᠳ᠎ᠤᠨ ᠰᠠᠭᠤᠭᠳᠠᠯ》 ᠲᠣᠭ᠋ᠠᠴᠢᠯᠠᠭᠰᠠᠨ ᠡᠯᠧᠺᠲᠷᠣᠨ ᠬᠤᠳᠠᠯᠳᠤᠭ᠋ᠠᠨ᠎ᠤ ᠪᠡᠶᠡᠴᠢᠯᠡᠨ ᠣᠢ᠌ᠯᠠᠭ᠋ᠠᠬᠤ ᠲᠥᠪ᠎ᠢ ᠡᠵᠡᠩᠨᠡᠬᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠭᠣᠣᠯ ᠰᠡᠳᠦᠪᠲᠦ ᠦᠵᠡᠰᠭᠦᠯᠡᠩ᠎ᠤᠨ ᠣᠷᠳᠣᠨ᠎ᠢ ᠪᠠᠢ᠌ᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠵᠤ᠂ ᠰᠣᠶᠣᠯ᠎ᠤᠨ ᠥᠪ᠎ᠢ ᠠᠮᠢᠵᠢᠷᠠᠯ᠎ᠤᠨ ᠬᠦᠴᠦᠨ ᠵᠢᠡᠷ ᠪᠢᠯᠬᠠᠭᠤᠯᠪᠠ᠃ ᠵᠠᠷᠤᠳ ᠬᠣᠰᠢᠭᠤᠨ᠎ᠤ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠭᠳᠡᠬᠦᠨ᠎ᠤ ᠦᠵᠡᠭᠦᠯᠭᠡ ᠵᠢᠨ ᠤᠷᠠᠯᠢᠭ᠎ᠤᠨ ᠨᠠᠢ᠌ᠷ᠂ ᠬᠠᠮᠤᠭ᠎ᠤᠨ ᠭᠣᠶᠣ ᠠᠭᠤᠯᠠᠷᠬᠠᠭ ᠭᠠᠵᠠᠷ᠎ᠤᠨ ᠲᠠᠯ᠎ᠠ ᠨᠤᠲᠤᠭ᠎ᠤᠨ ᠳᠠᠭᠤᠤ ᠬᠥᠭᠵᠢᠮ᠎ᠤᠨ ᠨᠠᠢ᠌ᠷ ᠵᠡᠷᠭᠡ ᠭᠣᠣᠯᠳᠠᠯᠭ᠎ᠠ᠎ᠲᠠᠢ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢ ᠵᠢᠯ ᠳᠠᠷᠠᠭ᠋ᠠᠯᠠᠨ ᠡᠷᠭᠢᠯᠡᠭᠦ᠎ᠪᠠᠷ ᠳᠠᠮᠵᠢᠭᠤᠯᠤᠨ᠂᠎ᠪᠠᠷ ᠵᠢᠷᠤᠭ᠂ ᠠᠷᠠᠰᠤᠨ ᠰᠡᠢ᠌ᠯᠦᠮᠡᠯ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠭᠤᠯᠴᠢᠯᠠᠯ᠎ᠤᠨ ᠪᠡᠶᠡᠴᠢᠯᠡᠨ ᠣᠢ᠌ᠯᠠᠭ᠋ᠠᠬᠤ ᠲᠥᠷᠥᠯ ᠵᠦᠢ᠍ᠯ᠎ᠢ ᠪᠣᠢ᠌ᠵᠢᠭᠤᠯᠵᠤ᠂ ᠰᠣᠶᠣᠯ᠎ᠤᠨ ᠠᠵᠤ ᠦᠢ᠍ᠯᠡᠰ᠂ ᠬᠠᠮᠢᠶ᠎ᠠ ᠪᠦᠬᠦᠢ ᠰᠣᠶᠣᠯ᠎ᠤᠨ ᠡᠵᠡᠩᠨᠡᠯᠲᠡ ᠵᠢᠨ ᠭᠡᠯᠪᠡᠷᠢ ᠪᠠᠢ᠌ᠳᠠᠯ ᠬᠢᠭᠡᠳ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠪᠠ᠃ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠤ ᠲᠥᠷᠥᠯ ᠵᠦᠢ᠍ᠯ᠎ᠢ ᠨᠡᠭᠡᠭᠡᠨ ᠬᠥᠭᠵᠢᠭᠦᠯᠬᠦ ᠵᠢ ᠢᠳᠡᠪᠬᠢᠲᠡᠢ ᠲᠦᠯᠬᠢᠨ ᠠᠬᠢᠭᠤᠯᠵᠤ᠂ ᠨᠠᠮᠤᠬᠠᠨ ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ ᠪᠠ ᠰᠣᠶᠣᠯ᠎ᠤᠨ ᠡᠭᠦᠳᠦᠯᠲᠡ ᠵᠢᠨ ᠲᠦᠷᠦᠯ ᠲᠡᠮᠳᠡᠭ᠎ᠢ ᠡᠭᠦᠳᠴᠦ᠂ 《ᠪᠣᠳᠠᠰ᠎ᠤᠨ ᠪᠤᠰᠤ ᠰᠣᠶᠣᠯ᠎ᠤᠨ ᠥᠪ + ᠰᠣᠶᠣᠯ᠎ᠤᠨ ᠡᠭᠦᠳᠦᠯᠲᠡ》 ᠵᠢᠨ ᠣᠨᠴᠠᠯᠢᠭ᠎ᠢ ᠲ᠋ᠣᠪᠤᠢ᠌ᠯᠭ᠋ᠠᠨ᠂ ᠦᠨᠦᠷᠲᠦ ᠡᠳ᠋᠂ ᠵᠠᠰᠠᠯ ᠵᠢᠮᠰᠡᠭ᠂ ᠪᠣᠭᠣᠳᠠᠯ ᠪᠠᠭᠯᠠᠭ᠎ᠠ ᠵᠡᠷᠭᠡ ᠵᠠᠭᠤ ᠭᠠᠷᠤᠢ ᠵᠦᠢ᠍ᠯ᠎ᠤᠨ ᠭᠠᠷ ᠤᠷᠠᠯᠠᠯ᠎ᠤᠨ ᠪᠦᠲᠦᠭᠡᠭᠳᠡᠬᠦᠨ᠎ᠢ ᠵᠢᠷᠤᠭᠯᠠᠨ ᠲᠥᠯᠥᠪᠯᠡᠨ ᠵᠠᠬ᠎ᠠ ᠳᠡᠯᠭᠡᠭᠦᠷ᠎ᠲᠤ ᠭᠠᠷᠭ᠋ᠠᠵᠤ᠂ ᠣᠯᠠᠨ ᠲᠦᠮᠡᠨ᠎ᠳᠤ ᠰᠣᠶᠣᠯ᠎ᠤᠨ ᠷᠢᠳᠢ ᠰᠢᠳᠢ ᠵᠢ ᠭᠠᠢ᠌ᠬᠠᠭᠤᠯᠪᠠ᠃

ᠢᠷᠡᠯᠲᠡ᠄ ᠲᠥᠩᠯᠢᠶᠣᠣ ᠮᠣᠩᠭᠣᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠺᠠᠢ᠌ᠯᠤ ᠰᠢᠶᠠᠨ ᠬᠤᠪᠢᠰᠬᠠᠯ᠎ᠤᠨ ᠡᠬᠢ ᠪᠠᠶᠠᠯᠢᠭ᠎ᠢ ᠠᠭᠤᠳᠠᠯᠵᠤ ᠬᠤᠪᠢᠰᠬᠠᠯ᠎ᠤᠨ ᠦᠯᠢᠭᠡᠷ᠎ᠢ ᠰᠠᠢ᠌ᠲᠤᠷ ᠤᠬᠠᠭᠤᠯᠵᠤ ᠪᠠᠢ᠌ᠨ᠎ᠠ
ᠰᠢ ᠵᠢᠨ ᠫᠢᠩ ᠰᠷᠢ ᠯᠠᠨᠺᠠ ᠵᠢᠨ ᠶᠡᠷᠦᠩᠬᠡᠢ ᠰᠠᠶ᠋ᠢᠳ ᠭᠦᠨᠠᠸᠠᠳᠧᠨᠠ᠎ᠲᠠᠢ ᠠᠭᠤᠯᠵᠠᠪᠠ
《ᠤᠮᠠᠷᠠᠲᠤ ᠬᠢᠯᠢ ᠵᠢᠨ ᠤᠶᠠᠩᠭ᠎ᠠ ᠵᠢᠨ ᠲᠦᠷᠡᠯᠭᠡ ᠦᠵᠡᠰᠬᠦᠯᠡᠩᠲᠦ ᠰᠠᠢ᠌ᠬᠠᠨ ᠲᠦᠩᠯᠢᠶᠣᠣ ᠵᠢᠨ ᠡᠭᠡᠰᠢᠭ》 ᠤᠳᠬ᠎ᠠ ᠵᠣᠬᠢᠶᠠᠯ᠎ᠤᠨ ᠤᠷᠠᠨ ᠤᠩᠰᠢᠯᠭ᠎ᠠ ᠵᠢᠨ ᠴᠢᠭᠤᠯᠭ᠋ᠠᠨ ᠠᠮᠵᠢᠯᠲᠠ᠎ᠲᠠᠢ ᠶᠠᠪᠤᠭᠳᠠᠯ᠎ᠠ
ᠲᠦᠩᠯᠢᠶᠣᠣ ᠬᠣᠲᠠ ᠵᠢᠨ ᠤᠯᠠᠭ᠋ᠠᠨᠮᠥ᠋ᠴᠢᠷ ᠰᠢ ᠵᠦᠴᠦᠭᠡ ᠵᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠬᠢᠪᠡ
 
            