ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠰᠣᠳᠣᠨ ᠪᠦᠲᠦᠭᠡᠯ ᠵᠣᠬᠢᠶᠠᠨ ᠪᠦᠲᠦᠭᠡᠬᠦ ᠶᠡᠭᠡ ᠬᠤᠷᠠᠯ ᠡᠬᠢᠯᠡᠵᠡᠢ
ᠨᠡᠶᠢᠲᠡᠯᠡᠭᠰᠡᠨ ᠴᠠᠭ᠄ 2024-11-25

      ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠰᠣᠳᠣᠨ ᠪᠦᠲᠦᠭᠡᠯ ᠵᠣᠬᠢᠶᠠᠨ ᠪᠦᠲᠦᠭᠡᠬᠦ ᠶᠡᠭᠡ ᠬᠤᠷᠠᠯ᠎ᠤᠨ ᠡᠭᠢᠯᠡᠯᠲᠡ ᠵᠢᠨ ᠶᠣᠰᠣᠯᠠᠯ ᠵᠢᠴᠢ ᠭᠤᠣᠯ ᠶᠠᠷᠢᠶᠠᠨ᠎ᠤ ᠲᠠᠪᠴᠠᠩ 11᠎ᠤ ᠦᠳᠡ ᠵᠢᠨ ᠡᠮᠦᠨ᠎ᠡ ᠪᠡᠭᠡᠵᠢᠩ᠎ᠳᠤ ᠶᠠᠪᠤᠭᠳᠠᠪᠠ᠃ ᠲᠣᠰ ᠬᠤᠭᠤᠴᠠᠭ᠋ᠠᠨ᠎ᠤ ᠶᠡᠭᠡ ᠬᠤᠷᠠᠯ᠎ᠨᠢ 《ᠠᠭᠤᠤ ᠶᠡᠭᠡ ᠴᠠᠭ ᠦᠶ᠎ᠡ ᠵᠢ ᠪᠢᠴᠢᠭᠯᠡᠵᠦ ᠰᠣᠳᠣᠨ ᠪᠦᠲᠦᠭᠡᠯ᠎ᠢ ᠠᠷᠠᠳ ᠲᠦᠮᠡᠨ᠎ᠳᠤ ᠡᠷᠭᠦᠶ᠎ᠡ》 ᠭᠡᠬᠦ ᠭᠤᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠷᠠᠳᠢᠣ᠋ ᠲᠧᠯᠸᠢᠰ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠭᠰᠡᠨ ᠡᠯᠪᠡᠭ ᠦᠷ᠎ᠡ ᠪᠦᠲᠦᠭᠡᠯ᠎ᠢ ᠢᠯᠡᠷᠡᠭᠦᠯᠵᠦ᠂ ᠪᠦᠭᠦ ᠤᠯᠤᠰ᠎ᠤᠨ ᠷᠠᠳᠢᠣ᠋ ᠲᠧᠯᠸᠢᠰ᠎ᠤᠨ ᠠᠵᠢᠯ ᠲᠥᠷᠥᠯ᠎ᠤᠨ 《ᠰᠢᠨ᠎ᠡ ᠴᠠᠭ ᠦᠶ᠎ᠡ ᠵᠢᠨ ᠰᠣᠳᠣᠨ ᠢᠨᠵᠧᠨᠧᠷᠢᠩ》᠎ᠢ ᠭᠦᠨᠵᠡᠭᠡᠢ ᠬᠡᠷᠡᠭᠵᠢᠭᠦᠯᠬᠦ ᠪᠠ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ ᠵᠢ ᠠᠬᠢᠭᠤᠯᠵᠤ᠂ ᠥᠷᠭᠡᠨ ᠣᠯᠠᠨ ᠠᠷᠠᠳ ᠲᠦᠮᠡᠨ᠎ᠤ ᠣᠶᠤᠨ᠎ᠤ ᠠᠮᠢᠳᠤᠷᠠᠯ᠎ᠢ ᠪᠠᠶᠠᠯᠢᠭᠵᠢᠭᠤᠯᠪᠠ᠃
    ᠭᠤᠣᠯ ᠶᠠᠷᠢᠶᠠᠨ᠎ᠤ ᠲᠠᠪᠴᠠᠩ᠎ᠨᠢ 《ᠨᠡᠩ ᠤᠯᠠᠨ ᠰᠣᠳᠣᠨ ᠪᠦᠲᠦᠭᠡᠯ᠂ ᠨᠡᠩ ᠥᠷᠭᠡᠨ ᠳᠠᠮᠵᠢᠭᠤᠯᠭ᠎ᠠ᠂ ᠨᠡᠩ ᠰᠠᠶ᠋ᠢᠨ ᠪᠡᠶᠡᠴᠢᠯᠡᠨ ᠣᠶ᠋ᠢᠯᠠᠭ᠋ᠠᠯᠲᠠ》 ᠭᠡᠬᠦ ᠭᠤᠣᠯ ᠰᠡᠳᠦᠪ᠎ᠤᠨ ᠲᠣᠭᠤᠷᠢᠨ᠎ᠳᠤ᠂ ᠠᠵᠢᠯ ᠲᠦᠷᠦᠯ᠎ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠷᠠᠳᠢᠣ᠋ ᠲᠧᠯᠸᠢᠰ᠎ᠤᠨ ᠪᠠᠶ᠋ᠢᠭᠤᠯᠤᠮᠵᠢ᠂ ᠰᠦᠯᠵᠢᠶᠡᠨ᠎ᠤ ᠬᠠᠷᠠᠭ᠎ᠠ ᠰᠣᠨᠣᠷ᠎ᠤᠨ ᠲᠠᠪᠴᠠᠩ᠂ ᠺᠢᠨᠣ᠋ ᠲᠧᠯᠸᠢᠰ ᠦᠢ᠍ᠯᠡᠳᠬᠦ ᠪᠠᠶ᠋ᠢᠭᠤᠯᠤᠮᠵᠢ ᠵᠢᠨ ᠲᠥᠯᠥᠭᠡᠯᠡᠭᠴᠢ ᠵᠢᠴᠢ ᠤᠳᠬ᠎ᠠ ᠤᠷᠠᠯᠢᠭ᠎ᠤᠨ ᠵᠣᠬᠢᠶᠠᠭᠴᠢ᠂ ᠤᠳᠬ᠎ᠠ ᠤᠷᠠᠯᠢᠭ᠎ᠤᠨ ᠰᠢᠭᠦᠮᠵᠢᠯᠡᠭᠴᠢ ᠭᠤᠣᠯ ᠰᠡᠳᠦᠪᠲᠦ ᠶᠠᠷᠢᠶ᠎ᠠ ᠲᠠᠯᠪᠢᠪᠠ᠃
      ᠡᠭᠦᠨ᠎ᠠᠴᠠ ᠭᠠᠳᠠᠨ᠎ᠠ᠂ ᠶᠡᠭᠡ ᠬᠤᠷᠠᠯ᠎ᠠᠴᠠ 《ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠪᠦᠷᠢᠨ ᠵᠠᠭᠤᠴᠢᠯᠠᠭᠤᠷ᠎ᠤᠨ ᠬᠥᠭᠵᠢᠯᠲᠡ ᠵᠢᠨ ᠮᠡᠳᠡᠭᠦᠯᠦᠯᠲᠡ》᠂ 《2023 — 2024 ᠷᠠᠳᠢᠣ᠋ ᠲᠧᠯᠸᠢᠰ᠎ᠤᠨ ᠲᠣᠮᠣ ᠳᠡᠯᠭᠡᠴᠡ ᠵᠢᠨ ᠭᠥᠯᠢᠶᠡᠨ ᠠᠪᠴᠤ ᠦᠵᠡᠭᠰᠡᠨ ᠲᠤᠭ᠎ᠠ ᠪᠠᠷᠢᠮᠲᠠ ᠵᠢᠨ ᠮᠡᠳᠡᠭᠦᠯᠦᠯᠲᠡ》 ᠵᠢ ᠨᠡᠶ᠋ᠢᠲᠡᠯᠡᠵᠦ᠂ ᠪᠦᠭᠦ ᠤᠯᠤᠰ᠎ᠤᠨ ᠷᠠᠳᠢᠣ᠋ ᠲᠧᠯᠸᠢᠰ᠎ᠤᠨ ᠠᠵᠢᠯ᠎ᠳᠤ ᠭᠠᠷᠤᠭᠰᠠᠨ ᠢᠯᠡᠳᠲᠡ ᠬᠤᠪᠢᠷᠠᠯᠲᠠ ᠵᠢ ᠡᠮᠬᠢᠯᠡᠵᠦ᠂ ᠪᠠᠰᠠ 2023 ᠣᠨ᠎ᠤ 《ᠳᠤᠮᠳᠠᠳᠤ ᠤᠯᠤᠰ᠎ᠢ ᠦᠵᠡᠵᠦ ᠰᠣᠨᠣᠰᠤᠶ᠎ᠠ ᠪᠦᠭᠦ ᠪᠥᠮᠪᠥᠷᠴᠡᠭ᠎ᠲᠠᠬᠢ ᠨᠡᠪᠲᠡᠷᠡᠭᠦᠯᠭᠡ》 ᠵᠢᠨ ᠰᠢᠯᠢᠳᠡᠭ ᠪᠦᠲᠦᠭᠡᠯ᠂ ᠨᠡᠷ᠎ᠡ᠎ᠳᠤ ᠣᠷᠣᠭᠰᠠᠨ ᠪᠦᠲᠦᠭᠡᠯ ᠪᠠ ᠰᠢᠯᠢᠳᠡᠭ ᠳᠡᠯᠭᠡᠷᠡᠭᠦᠯᠬᠦ ᠪᠠᠶ᠋ᠢᠭᠤᠯᠤᠮᠵᠢ ᠵᠢᠨ ᠰᠢᠯᠭ᠋ᠠᠷᠠᠭᠤᠯᠤᠯᠲᠠ ᠵᠢᠨ ᠦᠷ᠎ᠡ ᠳ᠋ᠦᠩ᠎ᠢ ᠨᠡᠶ᠋ᠢᠲᠡᠯᠡᠪᠡ᠃
      ᠣᠶ᠋ᠢᠯᠠᠭ᠋ᠠᠭᠰᠠᠨ ᠵᠶ᠋ᠠᠷ᠂ ᠲᠣᠰ ᠬᠤᠭᠤᠴᠠᠭ᠋ᠠᠨ᠎ᠤ ᠶᠡᠭᠡ ᠬᠤᠷᠠᠯ᠎ᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠂ ᠪᠡᠭᠡᠵᠢᠩ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠭᠤᠣᠯᠯᠠᠨ ᠡᠷᠭᠢᠯᠡᠵᠦ᠂ 13᠎ᠤ ᠡᠳᠦᠷ ᠪᠤᠯᠲᠠᠯ᠎ᠠ ᠶᠠᠪᠤᠭᠳᠠᠪᠠ᠂ ᠡᠭᠢᠯᠡᠯᠲᠡ ᠵᠢᠨ ᠶᠣᠰᠣᠯᠠᠯ ᠵᠢᠴᠢ ᠭᠤᠣᠯ ᠶᠠᠷᠢᠶᠠᠨ᠎ᠤ ᠲᠠᠪᠴᠠᠩ᠎ᠠᠴᠠ ᠭᠠᠳᠠᠨ᠎ᠠ ᠪᠠᠰᠠ 12 ᠲᠠᠯᠠᠪᠤᠷ ᠶᠠᠷᠢᠶᠠᠨ᠎ᠤ ᠲᠠᠪᠴᠠᠩ ᠪᠠ 9 ᠲᠠᠯᠠᠪᠤᠷ ᠢᠵᠢ ᠪᠦᠷᠢᠳᠦᠭᠦᠯᠦᠭᠰᠡᠨ ᠠᠵᠢᠯᠯᠠᠭ᠎ᠠ ᠶᠠᠪᠤᠭᠳᠠᠭᠤᠯᠪᠠ᠃ ᠶᠡᠭᠡ ᠬᠤᠷᠠᠯ᠎ᠳᠤ ᠪᠦᠭᠦ ᠤᠯᠤᠰ᠎ᠤᠨ 1000 ᠭᠠᠷᠤᠢ ᠠᠵᠢᠯ ᠲᠦᠷᠦᠯ᠎ᠤᠨ ᠪᠠᠶ᠋ᠢᠭᠤᠯᠤᠮᠵᠢ᠂ 5000 ᠭᠠᠷᠤᠢ ᠠᠵᠢᠯ ᠲᠦᠷᠦᠯ᠎ᠤᠨ ᠲᠥᠯᠥᠭᠡᠯᠡᠭᠴᠢ ᠭᠦᠨᠵᠡᠭᠡᠢ ᠣᠷᠣᠯᠴᠠᠪᠠ᠃
     (ᠰᠢᠨᠬᠤᠸᠠ ᠬᠤᠷᠢᠶ᠎ᠠ ᠵᠢᠨ ᠪᠡᠭᠡᠵᠢᠩ᠎ᠤᠨ ᠴᠠᠭᠢᠯᠭ᠋ᠠᠨ ᠮᠡᠳᠡᠭᠡ)
   

ᠢᠷᠡᠯᠲᠡ᠄ ᠲᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            