᠊᠊᠊᠊᠊᠊ ᠮᠠᠨ᠎ᠤ ᠬᠣᠲᠠ ᠵᠢᠨ ᠰᠣᠶᠣᠯ ᠤᠳᠬ᠎ᠠ ᠤᠷᠠᠯᠢᠭ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠲᠤᠬᠠᠢ ᠪᠣᠳᠠᠲᠤ ᠲᠡᠮᠳᠡᠭᠯᠡᠯ
ᠴᠡᠴᠡᠷᠯᠢᠭ᠂ ᠠᠭᠤᠳᠠᠮ ᠲᠠᠯᠠᠪᠠᠶ᠎ᠪᠠᠷ ᠬᠥᠮᠥᠰ ᠳᠠᠭᠤᠯᠠᠨ ᠪᠦᠵᠢᠭᠯᠡᠵᠡᠭᠡᠨᠠ᠃ ᠨᠣᠮ᠎ᠤᠨ ᠰᠠᠩ᠎ᠳᠤ ᠪᠢᠴᠢᠭ᠎ᠤᠨ ᠦᠨᠦᠷ ᠬᠠᠩᠬᠤᠯᠵᠤ᠂ ᠡᠯᠪᠡᠭ ᠪᠠᠶᠠᠯᠢᠭ ᠭᠤᠸ᠎ᠠ ᠰᠠᠢ᠌ᠬᠠᠨ᠎ᠤ ᠬᠥᠮᠦᠵᠢᠯ᠎ᠤᠨ ᠬᠢᠴᠢᠶᠡᠯ᠎ᠤᠨ ᠲᠠᠩᠬᠢᠮ᠂ ᠰᠣᠶᠣᠯ ᠨᠡᠶ᠋ᠢᠲᠡ ᠵᠢᠨ ᠠᠰᠠᠷᠠᠮᠵᠢ ᠵᠢᠨ ᠲᠠᠢ᠌ᠯᠤᠮᠵᠢ ᠦᠷᠨᠢᠭᠦᠯᠤᠨ᠎ᠠ᠃ ᠬᠠᠳᠬᠤᠮᠠᠯ᠂ ᠴᠠᠭ᠋ᠠᠰᠤᠨ ᠬᠠᠢ᠌ᠴᠢᠯᠠᠮᠠᠯ᠂ ᠪᠠᠷ ᠵᠢᠷᠤᠭ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ ᠡᠩ᠎ᠤᠨ ᠠᠷᠠᠳ᠎ᠤᠨ ᠭᠡᠷ᠎ᠲᠤ ᠣᠷᠣᠪᠠ ᠁
ᠡᠳᠦᠷ ᠢᠷᠡᠬᠦᠶ᠎ᠡ ᠥᠳᠬᠡᠨ ᠵᠤᠵᠠᠭ᠋ᠠᠨ ᠪᠣᠯᠵᠤ ᠪᠠᠢ᠌ᠭ᠎ᠠ ᠰᠣᠶᠣᠯ᠎ᠤᠨ ᠠᠭᠤᠷ ᠠᠮᠢᠰᠬᠤᠯ᠂ ᠲᠠᠰᠤᠷᠠᠯᠳᠡ ᠦᠭᠡᠢ ᠲᠡᠭᠦᠯᠳᠡᠷᠵᠢᠵᠦ ᠪᠠᠢ᠌ᠭ᠎ᠠ ᠰᠣᠶᠣᠯ᠎ᠤᠨ ᠵᠢᠭᠰᠠᠭ᠋ᠠᠯ᠎ᠤᠨ ᠭᠠᠵᠠᠷ᠎ᠤᠨ ᠪᠦᠲᠦᠭᠡᠨ ᠪᠠᠢ᠌ᠭᠤᠯᠤᠯᠲᠠ ᠪᠣᠯ ᠲᠦᠩᠯᠢᠶᠣᠣ ᠵᠢᠨ ᠬᠠᠮᠤᠭ᠎ᠤᠨ ᠦᠵᠡᠰᠬᠦᠯᠡᠩᠲᠦ ᠰᠠᠢ᠌ᠬᠠᠨ ᠦᠵᠡᠮᠵᠢ ᠪᠣᠯᠣᠨ᠎ᠠ᠃
ᠰᠣᠶᠣᠯ ᠵᠶ᠋ᠠᠷ ᠬᠥᠮᠥᠨ᠎ᠢ ᠰᠣᠶᠣᠯᠵᠢᠭᠤᠯᠵᠤ᠂ ᠰᠣᠶᠣᠯ ᠵᠶ᠋ᠠᠷ ᠦᠢ᠍ᠯᠡᠰ᠎ᠢ ᠬᠥᠭᠵᠢᠭᠦᠯᠵᠦ᠂ ᠰᠣᠶᠣᠯ ᠵᠶ᠋ᠠᠷ ᠬᠣᠲᠠ ᠵᠢ ᠱᠤᠭᠤᠨ᠎ᠠ᠃ ᠣᠢ᠌ᠷ᠎ᠠ ᠵᠢᠨ ᠵᠢᠯ᠂ ᠮᠠᠨ᠎ᠤ ᠬᠣᠲᠠ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠣᠣᠯ ᠰᠢᠵᠢᠮ᠎ᠲᠠᠢ ᠨᠢᠭᠲᠠ ᠤᠶᠠᠯᠳᠤᠭᠤᠯᠤᠨ᠂ ᠥᠪᠥᠷ ᠮᠣᠩᠭᠣᠯ᠎ᠤᠨ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠣᠶᠣᠯ ᠵᠶ᠋ᠠᠷ ᠬᠣᠲᠠ᠎ᠪᠠᠨ ᠮᠠᠨᠳᠤᠭᠤᠯᠬᠤ ᠪᠠᠢ᠌ᠯᠳᠤᠬᠤ ᠪᠣᠳᠣᠯᠭ᠎ᠠ᠎ᠪᠠᠷ ᠬᠥᠲᠥᠯᠥᠮᠵᠢ ᠪᠤᠯᠭ᠋ᠠᠵᠤ᠂ ᠰᠣᠶᠣᠯ ᠤᠳᠬ᠎ᠠ ᠤᠷᠠᠯᠢᠭ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠪᠠ᠃
ᠲᠡᠦᠬᠡ ᠰᠣᠶᠣᠯ᠎ᠤᠨ ᠰᠤᠳᠠᠰᠤ ᠵᠢ ᠦᠷᠭᠦᠯᠵᠢᠯᠡᠭᠦᠯᠵᠦ ᠰᠣᠶᠣᠯ᠎ᠤᠨ ᠨᠡᠷ᠎ᠡ ᠵᠢᠨ ᠬᠠᠭᠤᠳᠠᠰᠤ ᠵᠢ ᠭᠡᠷᠡᠯᠲᠦᠭᠦᠯᠪᠡ
ᠪᠠᠷᠠᠭᠤᠨ ᠯᠢᠶᠣᠤ ᠾᠧ ᠭᠣᠣᠯ᠎ᠤᠨ ᠬᠥᠪᠡᠭᠡᠨ᠎ᠳᠤ ᠴᠤᠭᠯᠠᠷᠠᠵᠤ᠂ ᠡᠷᠲᠡᠨ᠎ᠤ ᠪᠣᠯᠪᠠᠰᠤᠨ᠎ᠤ ᠲᠤᠬᠠᠢ ᠶᠠᠷᠢᠯᠴᠠᠨ᠎ᠠ᠃ 7 ᠰᠠᠷ᠎ᠠ ᠵᠢᠨ 18᠎ᠤ ᠡᠳᠦᠷ᠂ ᠲᠦᠩᠯᠢᠶᠣᠣ ᠵᠢᠨ ᠬᠣᠶᠠᠳᠤᠭ᠋ᠠᠷ ᠬᠤᠭᠤᠴᠠᠭ᠋ᠠᠨ᠎ᠤ ᠪᠠᠷᠠᠭᠤᠨ ᠯᠢᠶᠣᠤ ᠾᠧ ᠭᠣᠣᠯ᠎ᠤᠨ ᠰᠣᠶᠣᠯ᠎ᠤᠨ ᠨᠠᠢ᠌ᠷ ᠭᠣᠢ᠌ᠳᠠ ᠰᠠᠢ᠌ᠬᠠᠨ ᠡᠬᠢᠯᠡᠵᠦ᠂ ᠪᠦᠭᠦ ᠤᠯᠤᠰ᠎ᠤᠨ ᠡᠯ᠎ᠡ ᠭᠠᠵᠠᠷ᠎ᠠᠴᠠ ᠬᠦᠷᠦᠯᠴᠡᠨ ᠢᠷᠡᠭᠰᠡᠨ ᠲᠤᠰᠬᠠᠢ ᠮᠡᠷᠭᠡᠵᠢᠯᠲᠡᠨ ᠡᠷᠳᠡᠮᠲᠡᠨ ᠪᠣᠯᠣᠨ ᠰᠣᠶᠣᠯ᠎ᠤᠨ ᠡᠲᠡᠭᠡᠳ᠎ᠤᠨ ᠰᠣᠳᠣᠨ ᠬᠥᠮᠥᠰ ᠲᠦᠩᠯᠢᠶᠣᠣ᠎ᠳᠤ ᠴᠤᠭᠯᠠᠷᠠᠵᠤ᠂ ᠦᠵᠡᠯ ᠰᠠᠨᠠᠭ᠎ᠠ ᠪᠣᠯᠣᠨ ᠰᠣᠶᠣᠯ᠎ᠤᠨ ᠦᠪᠡᠳᠡᠭᠰᠢ ᠳᠠᠶ᠋ᠢᠯᠠᠯᠭ᠎ᠠ᠎ᠳᠤ ᠣᠷᠣᠯᠴᠠᠵᠠᠢ᠃
ᠨᠢᠭᠡ ᠰᠠᠷ᠎ᠠ ᠵᠢᠨ ᠬᠤᠭᠤᠴᠠᠭ᠋ᠠᠨ᠎ᠳᠤ᠂ ᠲᠦᠷᠪᠡᠨ ᠶᠡᠬᠡ ᠭᠣᠣᠯ ᠰᠡᠳᠦᠪ᠂ ᠠᠷᠪᠠᠨ ᠲᠠᠪᠤᠨ ᠵᠦᠢ᠍ᠯ᠎ᠤᠨ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ᠎ᠨᠢ ᠪᠠᠷᠠᠭᠤᠨ ᠯᠢᠶᠣᠤ ᠾᠧ ᠭᠣᠣᠯ᠎ᠤᠨ ᠪᠣᠯᠪᠠᠰᠤᠨ᠎ᠤ ᠭᠦᠨ ᠵᠤᠵᠠᠭ᠋ᠠᠨ ᠠᠭᠤᠯᠤᠭᠳᠠᠬᠤᠨ ᠪᠠ ᠦᠵᠡᠰᠬᠦᠯᠡᠩᠲᠦ ᠰᠠᠢ᠌ᠬᠠᠨ ᠴᠤᠭ ᠵᠢᠪᠬᠤᠭ᠎ᠠ ᠵᠢ ᠳᠡᠯᠭᠡᠨ ᠦᠵᠡᠭᠦᠯᠪᠡ᠃ ᠡᠨᠡ ᠪᠣᠯ ᠮᠠᠨ᠎ᠤ ᠬᠣᠲᠠ ᠵᠢᠨ 《ᠪᠠᠷᠠᠭᠤᠨ ᠯᠢᠶᠣᠤ ᠾᠧ ᠭᠣᠣᠯ᠎ᠤᠨ ᠰᠣᠶᠣᠯ》᠎ᠤᠨ ᠲᠦᠷᠤᠯ ᠲᠡᠮᠳᠡᠭ᠎ᠢ ᠴᠢᠷᠮᠠᠢ᠌ᠨ ᠪᠤᠶ ᠪᠤᠯᠭ᠋ᠠᠵᠤ᠂ ᠪᠠᠷᠠᠭᠤᠨ ᠯᠢᠶᠣᠤ ᠾᠧ ᠭᠣᠣᠯ᠎ᠤᠨ ᠪᠣᠯᠪᠠᠰᠤᠨ᠎ᠤ ᠭᠦᠨ ᠠᠭᠤᠯᠤᠭᠳᠠᠬᠤᠨ ᠪᠠ ᠴᠠᠭ ᠦᠶ᠎ᠡ ᠵᠢᠨ ᠷᠢᠳᠢ ᠰᠢᠳᠢ ᠵᠢ ᠪᠦᠭᠦ ᠲᠠᠯ᠎ᠠ᠎ᠪᠠᠷ ᠢᠯᠡᠷᠡᠭᠦᠯᠦᠭᠰᠡᠨ᠎ᠤ ᠬᠦᠴᠦᠲᠡᠢ ᠭᠡᠷᠡᠴᠢ ᠮᠥᠨ᠂ ᠨᠠᠩ ᠴᠤ᠌ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠭᠰᠠᠨ ᠠᠮᠢᠳᠤᠯᠢᠭ ᠦᠢ᠍ᠯᠡᠳᠦᠯᠭᠡ ᠮᠥᠨ᠃
ᠮᠠᠨ᠎ᠤ ᠬᠣᠲᠠ ᠪᠠᠷᠠᠭᠤᠨ ᠯᠢᠶᠣᠤ ᠾᠧ ᠭᠣᠣᠯ᠎ᠤᠨ ᠪᠣᠯᠪᠠᠰᠤᠨ᠎ᠢ ᠤᠯᠠᠮᠵᠢᠯᠠᠨ ᠵᠠᠯᠭ᠋ᠠᠮᠵᠢᠯᠠᠬᠤ ᠵᠢᠴᠢ ᠪᠦᠲᠦᠭᠡᠯᠴᠢ ᠴᠢᠨᠠᠷᠲᠠᠢ᠎ᠪᠠᠷ ᠤᠯᠠᠷᠢᠭᠤᠯᠬᠤ᠂ ᠰᠢᠨ᠎ᠡ ᠵᠢ ᠡᠭᠦᠳᠬᠦ ᠴᠢᠨᠠᠷᠲᠠᠢ ᠬᠥᠭᠵᠢᠯᠲᠡ ᠵᠢᠨ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ ᠪᠠᠷᠠᠭᠤᠨ ᠯᠢᠶᠣᠤ ᠾᠧ ᠭᠣᠣᠯ ᠵᠶ᠋ᠠᠷ ᠭᠣᠣᠯ ᠰᠡᠳᠦᠪ ᠪᠤᠯᠭ᠋ᠠᠬᠰᠠᠨ ᠣᠶᠣᠨ᠎ᠤ ᠰᠣᠶᠣᠯ᠎ᠤᠨ ᠪᠦᠲᠦᠭᠡᠭᠳᠡᠬᠦᠨ ᠪᠠ ᠤᠳᠬ᠎ᠠ ᠤᠷᠠᠯᠢᠭ᠎ᠤᠨ ᠪᠦᠲᠦᠭᠡᠯ᠎ᠢ ᠢᠳᠡᠪᠬᠢᠲᠡᠢ ᠵᠣᠬᠢᠶᠠᠨ ᠪᠦᠲᠦᠭᠡᠵᠦ᠂ ᠥᠪᠡᠷᠮᠢᠴᠡ ᠣᠨᠴᠠᠯᠢᠭ᠎ᠲᠠᠢ ᠰᠣᠶᠣᠯ᠎ᠤᠨ ᠭᠠᠵᠠᠷ᠎ᠤᠨ ᠲᠡᠮᠳᠡᠭ ᠪᠠ ᠣᠶᠣᠨ ᠰᠠᠨᠠᠭ᠋ᠠᠨ᠎ᠤ ᠲᠡᠮᠳᠡᠭ᠎ᠢ ᠡᠭᠦᠳᠴᠦ᠂ ᠪᠠᠷᠠᠭᠤᠨ ᠯᠢᠶᠣᠤ ᠾᠧ ᠭᠣᠣᠯ᠎ᠤᠨ ᠰᠣᠶᠣᠯ᠎ᠤᠨ ᠠᠮᠢᠵᠢᠷᠠᠯ᠎ᠤᠨ ᠬᠦᠴᠦᠨ᠂ ᠤᠷᠢᠶᠠᠯᠠᠬᠤ ᠬᠦᠴᠦᠨ᠂ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠨᠡᠮᠡᠭᠳᠡᠭᠦᠯᠪᠡ᠃ ᠣᠳᠣᠬᠠᠨ᠎ᠳᠤ᠂ 《ᠪᠠᠷᠠᠭᠤᠨ ᠯᠢᠶᠣᠤ ᠾᠧ ᠭᠣᠣᠯ᠎ᠤᠨ ᠪᠣᠯᠪᠠᠰᠤᠨ᠎ᠤ ᠰᠤᠳᠤᠯᠤᠯ》᠎ᠤᠨ ᠲᠥᠷᠥᠯ ᠵᠦᠢ᠍ᠯ᠎ᠳᠤ ᠨᠡᠶ᠋ᠢᠲᠡ 240 ᠲᠦᠮᠡᠨ ᠲᠥᠭᠥᠷᠢᠭ᠎ᠤᠨ ᠳᠡᠮᠵᠢᠯᠭᠡ ᠵᠢᠨ ᠪᠡᠯᠡ ᠮᠥᠩᠭᠥ ᠣᠯᠵᠤ᠂ ᠲᠤᠰᠬᠠᠢ ᠪᠦᠲᠦᠭᠡᠯ 2᠂ ᠰᠤᠷᠪᠤᠯᠵᠢ ᠪᠢᠴᠢᠭ (ᠬᠣᠷᠴᠢᠨ᠎ᠤ ᠲᠤᠤᠯᠢᠰ) ᠢ ᠡᠮᠬᠢᠳᠬᠡᠭᠰᠡᠨ ᠪᠠ ᠰᠤᠳᠤᠯᠤᠭᠰᠠᠨ 2᠂ ᠰᠤᠳᠤᠯᠭ᠋ᠠᠨ᠎ᠤ ᠮᠡᠳᠡᠭᠦᠯᠦᠯᠲᠡ 4᠂ ᠰᠤᠳᠤᠯᠭ᠋ᠠᠨ᠎ᠤ ᠦᠷ᠎ᠡ ᠪᠦᠲᠦᠭᠡᠯ 200 ᠲᠦᠮᠡ ᠰᠢᠬᠠᠮ ᠥᠰᠥᠭ᠎ᠲᠠᠢ᠃
ᠰᠣᠶᠣᠯ ᠪᠣᠯ ᠨᠢᠭᠡᠨ ᠬᠤᠳᠠ ᠵᠢᠨ ᠬᠠᠮᠤᠭ᠎ᠤᠨ ᠭᠤᠶᠤ ᠰᠠᠢ᠌ᠬᠠᠨ ᠨᠡᠷ᠎ᠡ ᠵᠢᠨ ᠬᠠᠭᠤᠳᠠᠰᠤ ᠮᠥᠨ᠂ ᠰᠣᠶᠣᠯ ᠪᠣᠯ ᠨᠢᠭᠡᠨ ᠬᠤᠳᠠ ᠵᠢᠨ 《ᠰᠦᠭ ᠰᠦᠨᠡᠰᠦ》 ᠮᠥᠨ᠂ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢᠨ ᠬᠠᠮᠤᠭ᠎ᠤᠨ ᠬᠦᠴᠦᠷᠬᠡᠭ ᠬᠥᠳᠡᠯᠭᠡᠭᠦᠷ ᠮᠥᠨ᠃
ᠨᠠᠢ᠍ᠮᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢ᠍ᠯᠡᠰ᠎ᠤᠨ ᠦᠵᠡᠰᠭᠦᠯᠡᠩ᠎ᠤᠨ ᠠᠷᠠᠯᠵᠢᠶᠠᠨ᠎ᠤ ᠴᠤᠭᠯᠠᠭ᠋ᠠᠨ ᠳᠡᠭᠡᠷ᠎ᠡ᠂ ᠲᠦᠩᠯᠢᠶᠣᠣ ᠵᠢᠨ 《ᠪᠠᠷᠠᠭᠤᠨ ᠯᠢᠶᠣᠤ ᠾᠧ ᠭᠣᠣᠯ᠎ᠠᠴᠠ ᠶᠡᠬᠡ ᠳᠤᠮᠳᠠᠳᠤ ᠤᠯᠤᠰ ᠭᠦᠷᠲᠡᠯ᠎ᠡ》 ᠭᠡᠬᠦ ᠲᠣᠭ᠋ᠠᠴᠢᠯᠠᠭᠰᠠᠨ ᠦᠵᠡᠭᠦᠯᠭᠡ ᠵᠢᠨ ᠣᠷᠳᠣᠨ᠎ᠨᠢ ᠪᠠᠷᠠᠭᠤᠨ ᠯᠢᠶᠣᠤ ᠾᠧ ᠭᠣᠣᠯ᠎ᠤᠨ ᠤᠰᠤ ᠰᠢᠨ᠎ᠡ ᠡᠷᠢᠨ ᠵᠠᠭᠤᠨ᠎ᠤ ᠶᠡᠬᠡ ᠬᠥᠭᠥᠷᠭᠡ ᠵᠢ ᠤᠷᠤᠰ᠎ᠤᠨ ᠥᠩᠭᠡᠷᠡᠬᠦ ᠬᠥᠳᠡᠯᠭᠡᠭᠡᠨᠲᠦ ᠵᠢᠷᠤᠭ᠋ᠠᠰᠤ᠎ᠪᠠᠷ ᠵᠢᠷᠤᠭ ᠲᠥᠯᠥᠪᠯᠡᠭᠡ ᠵᠢᠨ ᠰᠡᠷᠡᠯ ᠪᠤᠯᠭ᠋ᠠᠵᠤ᠂ ᠲᠦᠩᠯᠢᠶᠣᠣ ᠵᠢᠨ ᠪᠠᠢ᠌ᠭ᠋ᠠᠯᠢ ᠵᠢᠨ ᠥᠩᠭᠡ ᠦᠵᠡᠮᠵᠢ ᠵᠢ ᠬᠥᠮᠥᠨ ᠨᠡᠢ᠌ᠭᠡᠮ᠎ᠤᠨ ᠲᠡᠦᠬᠡ᠎ᠲᠠᠢ ᠤᠷᠠᠨ ᠵᠶ᠋ᠠᠷ ᠤᠶᠠᠯᠳᠤᠭᠤᠯᠵᠠᠢ᠃ ᠪᠠᠷᠠᠭᠤᠨ ᠯᠢᠶᠣᠤ ᠾᠧ ᠭᠣᠣᠯ᠎ᠤᠨ ᠪᠣᠯᠪᠠᠰᠤᠨ᠎ᠤ ᠡᠭᠦᠰᠦᠯ᠂ ᠪᠦᠷᠢᠯᠳᠦᠯ ᠪᠠ ᠬᠥᠭᠵᠢᠯᠲᠡ᠎ᠪᠠᠷ ᠲᠡᠦᠬᠡ ᠵᠢᠨ ᠰᠤᠳᠠᠰᠤ ᠪᠤᠯᠭ᠋ᠠᠵᠤ᠂ ᠮᠠᠨ᠎ᠤ ᠤᠯᠤᠰ᠎ᠤᠨ 《ᠵᠠᠭᠤᠨ ᠲᠦᠮᠡᠨ ᠵᠢᠯ᠎ᠤᠨ ᠬᠥᠮᠥᠨ ᠲᠥᠷᠥᠯᠬᠢᠲᠡᠨ᠎ᠤ ᠲᠡᠦᠬᠡ᠂ ᠨᠢᠭᠡ ᠲᠦᠮᠡᠨ ᠵᠢᠯ᠎ᠤᠨ ᠰᠣᠶᠣᠯ᠎ᠤᠨ ᠲᠡᠦᠬᠡ᠂ ᠲᠠᠪᠤᠨ ᠮᠢᠩᠭ᠎ᠠ ᠢᠯᠡᠭᠦᠦ ᠵᠢᠯ᠎ᠤᠨ ᠪᠣᠯᠪᠠᠰᠤᠨ᠎ᠤ ᠲᠡᠦᠬᠡ》 ᠭᠡᠬᠦ ᠭᠤᠷᠪᠠᠨ ᠶᠡᠬᠡ ᠬᠠᠭᠤᠳᠠᠰᠤ ᠵᠢᠨ ᠲᠣᠭᠣᠷᠢᠨ᠎ᠳᠤ ᠳᠡᠯᠭᠡᠭᠳᠡᠵᠦ᠂ ᠮᠠᠰᠢ ᠤᠯᠠᠨ ᠵᠤᠭ᠋ᠠᠴᠠᠭᠰᠠᠳ᠎ᠤᠨ ᠠᠩᠬᠠᠷᠤᠯ᠎ᠢ ᠲᠠᠲᠠᠭᠰᠠᠨ ᠪᠠᠢ᠌ᠨ᠎ᠠ᠃
ᠲᠦᠩᠯᠢᠶᠣᠣ ᠵᠢᠨ ᠦᠵᠡᠭᠦᠯᠭᠡ ᠵᠢᠨ ᠲᠢᠩᠬᠢᠮ᠎ᠨᠢ 《ᠬᠠᠢ᠌ᠷ᠎ᠠ ᠰᠡᠳᠬᠢᠯ᠎ᠤᠨ ᠠᠷᠭ᠋ᠠᠮᠵᠢᠭᠰᠠᠨ ᠤᠮᠠᠷᠠᠲᠤ ᠬᠢᠯᠢ·ᠲᠦᠩᠯᠢᠶᠣᠣ᠎ᠪᠠᠷ ᠵᠤᠭ᠋ᠠᠯᠠᠶᠠ》 ᠭᠡᠬᠦ᠎ᠪᠠᠷ ᠭᠣᠣᠯ ᠰᠡᠳᠦᠪ ᠪᠤᠯᠭ᠋ᠠᠵᠤ᠂ ᠰᠣᠶᠣᠯ᠎ᠤᠨ ᠲᠣᠭ᠋ᠠᠴᠢᠯᠠᠭᠰᠠᠨ ᠭᠣᠣᠯ ᠰᠡᠳᠦᠪᠲᠦ ᠦᠵᠡᠭᠦᠯᠭᠡ ᠵᠢᠨ ᠪᠠᠢ᠌ᠷᠢ᠂ ᠲᠤᠬᠠᠢ ᠵᠢᠨ ᠲᠠᠯᠠᠪᠠᠢ ᠵᠢᠨ ᠲᠣᠬᠯᠠᠯᠲᠠ ᠵᠢᠴᠢ ᠦᠢ᠍ᠯᠡᠳᠦᠯᠴᠡᠨ ᠣᠢ᠌ᠯᠠᠭ᠋ᠠᠬᠤ ᠦᠵᠡᠭᠦᠯᠭᠡ ᠵᠢᠨ ᠪᠠᠢ᠌ᠷᠢ᠂ ᠰᠣᠶᠣᠯ᠎ᠤᠨ ᠠᠵᠤ ᠦᠢ᠍ᠯᠡᠰ᠎ᠤᠨ ᠬᠡᠷᠡᠭᠯᠡᠭᠡᠨ᠎ᠤ ᠦᠵᠡᠭᠦᠯᠭᠡ ᠵᠢᠨ ᠪᠠᠢ᠌ᠷᠢ ᠵᠡᠷᠭᠡ ᠭᠤᠷᠪᠠᠨ ᠲᠣᠮᠣ ᠬᠡᠰᠡᠭ᠎ᠢ ᠲᠣᠬᠢᠷᠠᠭᠤᠯᠵᠤ᠂ ᠰᠢᠨ᠎ᠡ ᠵᠠᠭᠤᠴᠢᠯᠠᠭᠤᠷ᠎ᠤᠨ ᠲᠠᠨᠢᠯᠴᠠᠭᠤᠯᠭ᠎ᠠ᠂ ᠦᠵᠡᠭᠦᠯᠭᠡ ᠵᠢᠨ ᠲᠣᠬᠯᠠᠯᠲᠠ ᠵᠢᠨ ᠦᠢ᠍ᠯᠡᠳᠦᠯᠴᠡᠯ᠂ ᠦᠵᠡᠭᠦᠯᠭᠡ ᠵᠢᠨ ᠪᠣᠷᠤᠯᠠᠭᠤᠯᠭ᠎ᠠ ᠵᠢ ᠤᠶᠠᠯᠳᠤᠭᠤᠯᠬᠤ ᠵᠡᠷᠭᠡ ᠤᠯᠠᠨ ᠵᠦᠢ᠍ᠯ᠎ᠤᠨ ᠭᠡᠯᠪᠡᠷᠢ᠎ᠪᠠᠷ ᠳᠠᠮᠵᠢᠭᠤᠯᠤᠨ᠂ ᠮᠠᠨ᠎ᠤ ᠬᠤᠳᠠ ᠵᠢᠨ ᠭᠦᠨ ᠵᠤᠵᠠᠭ᠋ᠠᠨ ᠰᠣᠶᠣᠯ᠎ᠤᠨ ᠠᠭᠤᠯᠬᠤᠨ ᠪᠠ ᠥᠷᠨᠢᠭᠦᠨ ᠪᠠᠳᠠᠷᠠᠩᠭᠤᠢ ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠪᠦᠭᠦ ᠲᠠᠯ᠎ᠠ᠎ᠪᠠᠷ ᠳᠡᠯᠭᠡᠨ ᠦᠵᠡᠭᠦᠯᠵᠦ᠂ ᠨᠡᠢ᠍ᠢ᠍ᠳᠡ 10 ᠲᠦᠮᠡ ᠰᠢᠬᠠᠮ ᠬᠥᠮᠥᠨ ᠤᠳᠠᠭ᠎ᠠ ᠰᠦᠯᠵᠢᠶᠡᠨ᠎ᠠᠴᠠ ᠭᠠᠳᠠᠭᠤᠷᠬᠢ ᠦᠵᠡᠭᠦᠯᠭᠡ ᠵᠢ ᠰᠣᠨᠢᠷᠬᠠᠪᠠ᠃ ᠮᠠᠨ᠎ᠤ ᠬᠤᠳᠠ ᠵᠢᠨ ᠦᠵᠡᠰᠭᠦᠯᠡᠩᠳᠤ ᠣᠷᠣᠯᠴᠠᠬᠰᠠᠨ 18 ᠠᠵᠤ ᠠᠬᠤᠢ᠌ᠯᠠᠯ᠎ᠤᠨ ᠮᠢᠩᠭ᠎ᠠ ᠭᠠᠷᠤᠢ ᠲᠦᠷᠦᠯ᠎ᠤᠨ ᠦᠢ᠍ᠯᠡᠳᠬᠦᠨ᠎ᠤ ᠲᠤᠬᠠᠢ ᠵᠢᠨ ᠲᠠᠯᠠᠪᠠᠢ ᠵᠢᠨ ᠠᠷᠠᠯᠵᠢᠶᠠᠨ᠎ᠤ ᠨᠤᠷᠮ᠎ᠠ 20 ᠭᠠᠷᠤᠢ ᠲᠦᠮᠡᠨ ᠲᠥᠭᠥᠷᠢᠭ᠎ᠲᠤ ᠬᠦᠷᠴᠦ᠂ ᠲᠤᠬᠠᠢ ᠵᠢᠨ ᠲᠠᠯᠠᠪᠠᠢ ᠵᠢᠨ ᠭᠠᠷᠤᠨ ᠦᠰᠦᠭ ᠵᠢᠷᠤᠭᠰᠠᠨ ᠬᠠᠮᠲᠤᠷᠠᠯᠴᠠᠭ᠋ᠠᠨ᠎ᠤ ᠰᠠᠨᠠᠮᠵᠢ ᠵᠢᠨ ᠵᠠᠬᠢᠶᠠᠯᠠᠭ᠎ᠠ ᠵᠢᠨ ᠬᠠᠭᠤᠳᠠᠰᠤ 100 ᠲᠦᠮᠡᠨ ᠲᠥᠭᠥᠷᠢᠭ᠎ᠢ ᠳᠠᠪᠠᠭᠰᠠᠨ ᠪᠠᠢ᠌ᠨ᠎ᠠ᠃
ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠵᠦ ᠤᠯᠠᠨ ᠲᠦᠮᠡᠨᠴᠢ ᠰᠣᠶᠣᠯ᠎ᠤᠨ ᠠᠵᠢᠯᠯᠠᠭ᠎ᠠ ᠵᠢ ᠢᠳᠡᠪᠬᠢᠲᠡᠢ ᠥᠷᠨᠢᠭᠦᠯᠪᠡ
ᠤᠯᠤᠰ᠎ᠤᠨ ᠪᠠᠶᠠᠷ᠎ᠤᠨ ᠬᠤᠭᠤᠴᠠᠭ᠋ᠠᠨ᠎ᠳᠤ᠂ ᠪᠦᠭᠦ ᠬᠣᠲᠠ ᠵᠢᠨ ᠤᠯᠠᠭ᠋ᠠᠨᠮᠥ᠋ᠴᠢᠷ᠎ᠤᠨ ᠲᠣᠭᠯᠠᠭᠴᠢᠳ ᠨᠡᠭᠡᠭᠡᠯᠲᠡ ᠵᠢᠨ ᠲᠣᠭᠣᠷᠢᠭ᠎ᠤᠨ ᠶᠤᠸᠠᠢ ᠯᠠᠢ ᠾᠧ ᠵᠢᠭᠤᠯᠴᠢᠯᠠᠵᠤ ᠰᠡᠯᠡᠭᠦᠴᠡᠨ ᠲᠣᠭᠣᠷᠢᠬᠤ ᠵᠡᠭᠡᠯᠢ ᠲᠣᠭᠣᠷᠢᠭ᠎ᠲᠤ ᠣᠯᠠᠨ ᠲᠦᠮᠡᠨ᠎ᠳᠤ ᠮᠣᠷᠢᠨ ᠬᠤᠭᠤᠷ᠎ᠤᠨ ᠬᠥᠭᠵᠢᠮ 《ᠮᠠᠭᠲᠠᠭ᠋ᠠᠯ ᠳᠠᠭᠤᠤ》᠂ ᠪᠥᠵᠢᠭ 《 ᠬᠣᠷᠴᠢᠨ᠎ᠤ ᠳᠠᠶ᠋ᠢᠯᠠᠯᠭ᠎ᠠ》᠂ ᠳᠠᠭᠤᠤ《ᠮᠠᠭᠲᠠᠭ᠋ᠠᠯ ᠳᠠᠭᠤᠤ ᠵᠢ ᠬᠠᠢ᠌ᠷ᠎ᠠ᠎ᠲᠤ ᠨᠠᠮ᠎ᠳᠠᠭᠠᠨ ᠡᠷᠭᠦᠶ᠎ᠡ》 ᠵᠡᠷᠭᠡ ᠭᠣᠢ᠌ᠳᠠ ᠰᠠᠢ᠌ᠬᠠᠨ ᠲᠣᠬᠯᠠᠯᠲᠠ ᠭᠠᠷᠭ᠋ᠠᠵᠤ᠂ ᠲᠤᠬᠠᠢ ᠵᠢᠨ ᠲᠠᠯᠠᠪᠤᠷ᠎ᠤᠨ ᠦᠵᠡᠭᠴᠢᠳ᠎ᠤᠨ ᠮᠠᠭᠲᠠᠭ᠋ᠠᠯ ᠰᠠᠢ᠌ᠰᠢᠶᠠᠯ᠎ᠢ ᠣᠯᠪᠠ᠃
ᠣᠢ᠌ᠷ᠎ᠠ ᠵᠢᠨ ᠵᠢᠯ᠂ ᠮᠠᠨ᠎ᠤ ᠬᠣᠲᠠ ᠵᠢᠨ ᠥᠷᠭᠡᠨ ᠣᠯᠠᠨ ᠤᠳᠬ᠎ᠠ ᠤᠷᠠᠯᠢᠭ᠎ᠤᠨ ᠠᠵᠢᠯᠲᠠᠨ ᠤᠳᠬ᠎ᠠ ᠤᠷᠠᠯᠢᠭ ᠵᠢᠡᠷ ᠠᠷᠠᠳ᠎ᠲᠤ ᠦᠢ᠍ᠯᠡᠴᠢᠯᠡᠬᠦ᠂ ᠤᠳᠬ᠎ᠠ ᠤᠷᠠᠯᠢᠭ ᠵᠢᠡᠷ ᠠᠷᠠᠳ᠎ᠲᠤ ᠠᠰᠢᠭ ᠬᠦᠷᠲᠡᠭᠡᠬᠦ᠂ ᠤᠳᠬ᠎ᠠ ᠤᠷᠠᠯᠢᠭ ᠵᠢᠡᠷ ᠠᠷᠠᠳ᠎ᠢ ᠪᠠᠶᠠᠰᠬᠠᠬᠤ ᠵᠢ ᠪᠠᠷᠢᠮᠲᠠᠯᠠᠵᠤ᠂ ᠰᠣᠶᠣᠯ ᠵᠶ᠋ᠠᠷ ᠣᠯᠠᠨ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠢ ᠭᠡᠷᠡᠯᠲᠦᠭᠦᠯᠪᠡ᠃ ᠬᠤᠳᠠ ᠬᠥᠳᠡᠭᠡ ᠵᠢᠨ ᠰᠣᠶᠣᠯ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠯᠡᠨ᠂ ᠲᠦᠷᠪᠡᠨ ᠱᠠᠲᠤᠨ᠎ᠤ ᠰᠦᠯᠵᠢᠶ᠎ᠡ ᠵᠢ ᠲᠡᠭᠦᠯᠳᠡᠷᠵᠢᠭᠦᠯᠵᠦ᠂ 2167 ᠶᠡᠷᠦᠩᠬᠡᠢ᠌ᠯᠡᠭᠰᠡᠨ ᠰᠣᠶᠣᠯ᠎ᠤᠨ ᠠᠵᠢᠯᠯᠠᠭ᠋ᠠᠨ᠎ᠤ ᠲᠥᠪ᠂ 51 ᠨᠣᠮ᠎ᠤᠨ ᠰᠠᠩ᠎ᠤᠨ ᠬᠤᠪᠢᠶᠠᠷᠢ ᠣᠷᠳᠣᠨ᠂ 35 ᠰᠣᠶᠣᠯ᠎ᠤᠨ ᠣᠷᠳᠣᠨ᠎ᠤ ᠬᠤᠪᠢᠶᠠᠷᠢ ᠣᠷᠳᠣᠨ ᠵᠶ᠋ᠠᠷ ᠪᠦᠷᠢᠯᠳᠦᠭᠰᠡᠨ ᠤᠯᠠᠨ ᠨᠡᠶ᠋ᠢᠲᠡ ᠵᠢᠨ ᠰᠣᠶᠣᠯ᠎ᠤᠨ ᠲᠥᠬᠦᠭᠡᠷᠦᠮᠵᠢ ᠵᠢᠨ ᠰᠦᠯᠵᠢᠶ᠎ᠡ ᠪᠦᠭᠦ ᠬᠤᠳᠠ ᠵᠢ ᠪᠦᠷᠬᠦᠬᠦ ᠵᠢ ᠪᠡᠶᠡᠯᠡᠭᠦᠯᠪᠡ᠃ ᠤᠯᠠᠭ᠋ᠠᠨᠮᠥ᠋ᠴᠢᠷ᠎ᠤᠨ 《ᠰᠤᠷᠤᠯᠴᠠᠬᠤ· ᠡᠭᠦᠳᠬᠦ· ᠲᠣᠭᠯᠠᠬᠤ》 《ᠪᠠᠶᠠᠷ ᠪᠠᠶᠠᠰᠤᠯ ᠬᠦᠷᠭᠡᠬᠦ᠂ ᠪᠣᠯᠪᠠᠰᠤᠨ᠎ᠢ ᠬᠦᠷᠭᠡᠬᠦ》 ᠵᠡᠷᠭᠡ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠠᠵᠢᠯᠯᠠᠭ᠎ᠠ ᠵᠢ ᠪᠠᠢ᠌ᠩᠭᠤᠵᠢᠭᠤᠯᠤᠨ ᠥᠷᠨᠢᠭᠦᠯᠵᠦ᠂ ᠪᠦᠭᠦ ᠬᠣᠲᠠ ᠵᠢᠨ 9 ᠤᠯᠠᠭ᠋ᠠᠨᠮᠥ᠋ᠴᠢᠷ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠯᠠᠭ᠋ᠠᠨᠮᠥ᠋ᠴᠢᠷ᠎ᠤᠨ ᠲᠦᠮᠡᠨ ᠲᠣᠰᠬᠣᠨ᠎ᠳᠠᠬᠢ ᠲᠣᠬᠯᠠᠯᠲᠠ》 ᠵᠢ ᠢᠳᠡᠪᠬᠢᠲᠡᠢ ᠥᠷᠨᠢᠭᠦᠯᠦᠨ ᠨᠢᠭᠡᠳᠦᠯᠲᠡᠢ ᠲᠥᠯᠥᠪᠯᠡᠨ ᠵᠢᠯᠤᠭᠣᠳᠴᠤ᠂ ᠰᠠᠭᠤᠭ᠎ᠠ ᠴᠡᠷᠢᠭ ᠠᠩᠭᠢ᠎ᠪᠠᠷ ᠭᠦᠨᠵᠡᠭᠡᠢ᠌ᠷᠡᠨ 《ᠬᠢᠯᠢ ᠬᠢᠵᠠᠭ᠋ᠠᠷ᠎ᠢ ᠰᠠᠬᠢᠵᠤ ᠬᠠᠮᠠᠭ᠋ᠠᠯᠠᠯᠲᠠ ᠵᠢ ᠪᠡᠬᠢᠵᠢᠭᠦᠯᠬᠦ》 ᠲᠣᠬᠯᠠᠯᠲᠠ᠂ 《ᠤᠯᠠᠭ᠋ᠠᠨᠮᠥ᠋ᠴᠢᠷ᠎ᠤᠨ ᠠᠵᠢᠯᠯᠠᠭ᠎ᠠ ᠵᠢᠨ ᠰᠠᠷ᠎ᠠ》 ᠵᠢᠨ ᠡᠭᠢᠯᠡᠯᠲᠡ ᠵᠢᠨ ᠶᠣᠰᠣᠯᠠᠯ ᠵᠡᠷᠭᠡ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠡᠯ᠎ᠡ ᠲᠥᠷᠥᠯ᠎ᠤᠨ ᠠᠵᠢᠯᠯᠠᠭ᠎ᠠ ᠵᠢ 270 ᠭᠠᠷᠤᠢ ᠲᠠᠯᠠᠪᠡᠢ ᠤᠳᠠᠭ᠎ᠠ ᠥᠷᠨᠢᠭᠦᠯᠵᠦ᠂ ᠰᠢᠯᠢᠳᠡᠭ ᠤᠷᠠᠨ ᠰᠠᠢ᠌ᠬᠠᠨ᠎ᠤ ᠪᠦᠲᠦᠭᠡᠯ᠎ᠢ ᠠᠷᠠᠳ ᠲᠦᠮᠡᠨ᠎ᠤ ᠳᠤᠮᠳᠠ ᠬᠦᠷᠭᠡᠪᠡ᠃
ᠰᠣᠶᠣᠯ᠎ᠤᠨ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠳᠡᠭᠡᠭᠰᠢᠯᠡᠭᠦᠯᠪᠡ
ᠵᠢᠯ᠎ᠤᠨ ᠡᠬᠢᠨ᠎ᠳᠤ᠂ ᠲᠦᠩᠯᠢᠶᠣᠣ ᠬᠤᠳᠠ ᠵᠢᠨ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭ᠎ᠠ ᠵᠢᠨ ᠬᠤᠳᠠᠯᠳᠤᠭ᠋ᠠᠴᠢᠨ ᠤᠷᠢᠬᠤ ᠶᠡᠬᠡ ᠬᠤᠷᠠᠯ ᠳᠡᠭᠡᠷ᠎ᠡ᠂ ᠲᠤᠬᠠᠢ ᠵᠢᠨ ᠲᠠᠯᠠᠪᠠᠢ᠎ᠳᠤ 18 ᠲᠦᠷᠦᠯ ᠵᠦᠢ᠍ᠯ᠎ᠳᠤ ᠲᠥᠪᠯᠡᠷᠡᠭᠦᠯᠦᠨ ᠭᠠᠷᠤᠨ ᠦᠰᠦᠭ ᠵᠢᠷᠤᠪᠠ᠃ ᠡᠭᠦᠨ᠎ᠳᠤ᠂ 8 ᠡᠷᠦᠭᠡ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠨᠢ ᠪᠡᠭᠡᠵᠢᠩ᠂ ᠴᠠᠩᠴᠦ᠋ᠨ᠂ ᠳ᠋ᠠᠯᠢᠶᠠᠨ ᠵᠡᠷᠭᠡ ᠭᠠᠵᠠᠷ᠎ᠤᠨ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠲᠠᠢ ᠵᠤᠭ᠋ᠠᠴᠠᠭᠰᠠᠳ᠎ᠢ ᠬᠠᠷᠢᠯᠴᠠᠨ ᠬᠦᠷᠭᠡᠬᠦ ᠵᠥᠪᠳᠡᠯᠴᠡᠭᠡᠷ᠎ᠲᠤ ᠭᠠᠷᠤᠨ ᠦᠰᠦᠭ ᠵᠢᠷᠤᠵᠠᠢ᠃
ᠣᠢ᠌ᠷ᠎ᠠ ᠵᠢᠨ ᠵᠢᠯ᠂ ᠮᠠᠨ᠎ᠤ ᠬᠣᠲᠠ ᠰᠣᠶᠣᠯ ᠵᠢᠭᠤᠯᠴᠢᠯᠠᠯ᠎ᠤᠨ ᠠᠵᠤ ᠦᠢ᠍ᠯᠡᠰ ᠵᠢᠡᠷ ᠪᠦᠭᠦ ᠬᠣᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠬᠤ ᠴᠢᠬᠤᠯᠠ ᠠᠵᠤ ᠦᠢ᠍ᠯᠡᠰ ᠪᠣᠯᠭ᠋ᠠᠨ ᠪᠣᠢ᠌ᠵᠢᠭᠤᠯᠬᠤ ᠵᠢ ᠪᠠᠷᠢᠮᠲᠠᠯᠠᠵᠤ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠢ᠌ᠳᠠᠯ᠂ ᠰᠢᠨ᠎ᠡ ᠡᠵᠡᠩᠨᠡᠯᠲᠡ ᠵᠢᠨ ᠭᠡᠯᠪᠡᠷᠢ᠂ ᠰᠢᠨ᠎ᠡ ᠵᠠᠭᠪᠤᠷ᠎ᠢ ᠢᠳᠡᠪᠬᠢᠲᠡᠢ ᠬᠠᠢ᠌ᠨ ᠰᠦᠪᠡᠭᠴᠢᠯᠡᠵᠦ᠂ 《ᠲᠦᠩᠯᠢᠶᠣᠣ᠎ᠪᠠᠷ ᠵᠤᠭ᠋ᠠᠯᠠᠶᠠ》 ᠭᠡᠬᠦ ᠰᠣᠶᠣᠯ ᠵᠢᠭᠤᠯᠴᠢᠯᠠᠯ᠎ᠤᠨ ᠨᠠᠷᠠᠲᠤ ᠲᠡᠮᠳᠡᠭᠲᠦ ᠵᠢ ᠳᠠᠭᠤᠷᠢᠰᠤᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠭᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠵᠤ᠂ ᠲᠠᠪᠠᠯᠳᠠᠳᠤ ᠬᠥᠭᠵᠢᠯᠲᠡ ᠵᠢ ᠪᠡᠶᠡᠯᠡᠭᠦᠯᠪᠡ᠃
ᠡᠨᠡ ᠵᠢᠯ᠂ ᠪᠦᠭᠦ ᠬᠣᠲᠠ ᠰᠣᠶᠣᠯ ᠵᠢᠭᠤᠯᠴᠢᠯᠠᠯ᠎ᠤᠨ ᠮᠢᠩᠭ᠋ᠠᠨ ᠲᠦᠮᠡᠨ ᠲᠥᠭᠥᠷᠢᠭ᠎ᠠᠴᠠ ᠳᠡᠭᠡᠭᠰᠢᠬᠢ ᠭᠣᠣᠯᠳᠠᠯᠭ᠎ᠠ᠎ᠲᠠᠢ ᠲᠦᠷᠦᠯ ᠵᠦᠢ᠍ᠯ᠎ᠢ 22 ᠬᠡᠷᠡᠭᠵᠢᠭᠦᠯᠵᠦ᠂ ᠨᠡᠶ᠋ᠢᠲᠡ 89.99 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠬᠤ᠎ᠪᠠᠷ ᠲᠥᠯᠥᠪᠯᠡᠵᠦ᠂ ᠣᠳᠣᠬᠠᠨ᠎ᠳᠤ ᠨᠢᠭᠡᠨᠲᠡ19.33 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠦ᠂ ᠶᠤᠸᠠᠢ ᠯᠠᠢ ᠾᠧ ᠵᠢᠭᠤᠯᠴᠢᠯᠠᠵᠤ ᠰᠡᠯᠡᠭᠦᠴᠡᠨ ᠲᠣᠭᠣᠷᠢᠬᠤ ᠵᠡᠭᠡᠯᠢ ᠲᠣᠭᠣᠷᠢᠭ᠎ᠤᠨ ᠲᠦᠷᠦᠭᠦᠦ ᠬᠤᠭᠤᠴᠠᠭ᠎ᠠ᠂ ᠬᠦᠷᠢᠶ᠎ᠡ ᠵᠢᠨ ᠮᠥᠩᠭᠥᠨ ᠲᠣᠬᠣᠢ ᠦᠵᠡᠮᠵᠢ ᠵᠢᠨ ᠣᠷᠣᠨ᠎ᠤ ᠰᠡᠯᠡᠭᠦᠴᠡᠨ ᠠᠮᠠᠷᠠᠬᠤ ᠶᠡᠷᠦᠩᠬᠡᠢ᠌ᠯᠡᠭᠰᠡᠨ ᠰᠠᠭᠤᠷᠢ ᠲᠥᠬᠦᠭᠡᠷᠦᠮᠵᠢ ᠵᠢ ᠳᠡᠭᠡᠭᠰᠢᠯᠡᠭᠦᠯᠭᠦ ᠵᠡᠷᠭᠡ 10 ᠲᠥᠷᠥᠯ ᠵᠦᠢ᠍ᠯ᠎ᠢ ᠨᠢᠭᠡᠨᠲᠡ ᠠᠵᠢᠯ ᠡᠬᠢᠯᠡᠭᠦᠯᠦᠭᠰᠡᠨ ᠪᠤᠶᠤ ᠠᠵᠢᠯ ᠰᠡᠷᠭᠦᠭᠡᠵᠦ᠂ ᠬᠣᠷᠴᠢᠨ ᠠᠷᠠᠳ᠎ᠤᠨ ᠵᠠᠩ ᠦᠢᠯᠡ ᠲᠡᠦᠬᠡ ᠰᠣᠶᠣᠯ᠎ᠤᠨ ᠬᠦᠷᠢᠶᠡᠯᠡᠩ᠎ᠢ ᠨᠢᠭᠡᠨᠲᠡ ᠨᠡᠭᠡᠭᠡᠨ ᠠᠰᠢᠭᠯᠠᠯᠲᠠ᠎ᠳᠤ ᠣᠷᠣᠭᠤᠯᠪᠠ᠃ ᠰᠣᠶᠣᠯ ᠵᠢᠭᠤᠯᠴᠢᠯᠠᠯ᠎ᠤᠨ ᠲᠦᠷᠦᠯ ᠵᠦᠢ᠍ᠯ᠎ᠤᠨ ᠬᠤᠳᠠᠯᠳᠤᠭ᠋ᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠵᠢ ᠯᠠᠪᠳᠠᠭᠤᠨ ᠵᠶ᠋ᠠᠷ ᠠᠬᠢᠭᠤᠯᠵᠤ᠂ ᠰᠣᠶᠣᠯ ᠵᠢᠭᠤᠯᠴᠢᠯᠠᠯ᠎ᠤᠨ ᠲᠦᠷᠦᠯ ᠵᠦᠢ᠍ᠯ᠎ᠤᠨ ᠬᠤᠳᠠᠯᠳᠤᠭ᠋ᠠᠴᠢᠨ ᠤᠷᠢᠬᠤ ᠡᠷᠴᠢᠮ᠎ᠢ ᠴᠢᠩᠭ᠋ᠠᠷᠠᠭᠤᠯᠤᠨ᠂ 2024 ᠣᠨ᠎ᠳᠤ ᠨᠢᠭᠡᠨᠲᠡ ᠰᠣᠶᠣᠯ ᠵᠢᠭᠤᠯᠴᠢᠯᠠᠯ᠎ᠤᠨ 24 ᠲᠦᠷᠦᠯ ᠵᠦᠢ᠍ᠯ᠎ᠳᠤ ᠵᠥᠪᠳᠡᠯᠴᠡᠭᠡᠷ ᠲᠣᠭᠲᠠᠵᠤ᠂ ᠵᠥᠪᠳᠡᠯᠴᠡᠭᠡᠷ ᠲᠣᠭᠲᠠᠭᠰᠠᠨ ᠵᠣᠭᠣᠰ᠎ᠤᠨ ᠲᠣᠭ᠎ᠠ 9 ᠳ᠋ᠦᠩᠰᠢᠭᠤᠷ ᠲᠥᠭᠥᠷᠢᠭ᠎ᠢ ᠳᠠᠪᠠᠪᠠ᠃
ᠰᠢᠨ᠎ᠡ ᠵᠢ ᠡᠭᠦᠳᠦᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ ᠰᠢᠨ᠎ᠡ ᠬᠠᠭᠤᠳᠠᠰᠤ ᠵᠢ ᠪᠢᠴᠢᠭᠯᠡᠨ᠎ᠡ᠃ ᠮᠠᠨ᠎ᠤ ᠬᠣᠲᠠ ᠵᠢᠨ ᠥᠷᠭᠡᠨ ᠣᠯᠠᠨ ᠰᠣᠶᠣᠯ ᠤᠳᠬ᠎ᠠ ᠤᠷᠠᠯᠢᠭ᠎ᠤᠨ ᠠᠵᠢᠯᠲᠠᠨ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠋ᠠᠨ᠎ᠤ ᠵᠢᠯᠣᠭᠣᠳᠤᠯᠭ᠎ᠠ ᠳᠣᠣᠷ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠣᠶᠣᠯ᠎ᠤᠨ ᠰᠢᠨ᠎ᠡ ᠡᠭᠦᠷᠭᠡ ᠵᠢ ᠡᠭᠦᠷᠭᠡᠯᠡᠨ᠂ ᠪᠠᠷᠠᠭᠤᠨ ᠯᠢᠶᠣᠤ ᠾᠧ ᠭᠣᠣᠯ᠎ᠤᠨ ᠰᠣᠶᠣᠯ᠎ᠤᠨ ᠨᠡᠷᠡᠲᠦ ᠲᠡᠮᠳᠡᠭ᠎ᠢ ᠡᠭᠦᠳᠴᠦ᠂ ᠲᠦᠩᠯᠢᠶᠣᠣ ᠵᠢᠨ ᠦᠯᠢᠭᠡᠷ᠎ᠢ ᠰᠠᠢ᠌ᠲᠤᠷ ᠶᠠᠷᠢᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠵᠦ᠂ ᠨᠡᠩ ᠭᠣᠢ᠌ᠳᠠ ᠰᠠᠢ᠌ᠬᠠᠨ ᠰᠣᠶᠣᠯ᠎ᠤᠨ ᠰᠢᠨ᠎ᠡ ᠬᠠᠭᠤᠳᠠᠰᠤ ᠵᠢ ᠪᠢᠴᠢᠭᠯᠡᠵᠦ ᠪᠠᠢ᠌ᠨ᠎ᠠ᠃