ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠺᠠᠢ᠌ᠯᠤ ᠰᠢᠶᠠᠨ ᠬᠤᠪᠢᠰᠬᠠᠯ᠎ᠤᠨ ᠡᠬᠢ ᠪᠠᠶᠠᠯᠢᠭ᠎ᠢ ᠠᠭᠤᠳᠠᠯᠵᠤ ᠬᠤᠪᠢᠰᠬᠠᠯ᠎ᠤᠨ ᠦᠯᠢᠭᠡᠷ᠎ᠢ ᠰᠠᠢ᠌ᠲᠤᠷ ᠤᠬᠠᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2024-10-24

        ᠲᠦᠷᠦᠭᠦᠬᠡᠨ᠂ ᠺᠠᠢ᠌ᠯᠤ ᠰᠢᠶᠠᠨ 400 ᠭᠠᠷᠤᠢ ᠰᠠᠯᠠᠭ᠋ᠠᠨ ᠲᠠᠰ᠎ᠠᠴᠠ ᠳᠡᠭᠡᠭᠰᠢᠬᠢ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠵᠢᠡᠨ ᠵᠣᠬᠢᠶᠠᠨ ᠪᠠᠢ᠌ᠭᠤᠯᠤᠨ ᠶᠠᠷᠢᠶᠠᠲᠤ ᠵᠦᠴᠦᠭᠡ 《ᠤᠯᠠᠭ᠋ᠠᠨ ᠬᠥᠪᠡᠭᠦᠨ᠎ᠤ ᠤᠷᠲᠤ ᠵᠢᠨ ᠳᠠᠭᠤᠤ》 ᠵᠢ ᠲᠥᠪᠯᠡᠷᠡᠭᠦᠯᠦᠨ ᠦᠵᠡᠭᠦᠯᠵᠦ᠂ ᠪᠦᠭᠦ ᠰᠢᠶᠠᠨ᠎ᠤ ᠨᠠᠮ᠎ᠤᠨ ᠭᠡᠰᠢᠭᠦᠨ ᠺᠠᠳ᠋ᠷᠴᠤᠳ᠎ᠤᠨ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠣᠢ᠌ᠯᠠᠭ᠋ᠠᠬᠤ᠂ ᠰᠠᠬᠢᠯᠭ᠎ᠠ ᠪᠠᠲᠤ ᠵᠢ ᠰᠠᠬᠢᠬᠤ ᠵᠢ ᠵᠢᠱ᠌ᠢᠶ᠎ᠡ ᠦᠵᠡᠭᠦᠯᠦᠨ ᠬᠥᠲᠥᠯᠥᠨ ᠵᠢᠯᠣᠭᠣᠳᠪᠠ᠃  《ᠤᠯᠠᠭ᠋ᠠᠨ ᠬᠥᠪᠡᠭᠦᠨ᠎ᠤ ᠤᠷᠳᠤ ᠵᠢᠨ ᠳᠠᠭᠤᠤ》᠎ᠨᠢ ᠱᠠᠩᠬᠠᠢ᠂ ᠶᠠᠨ ᠠᠨ᠂ ᠺᠠᠢ᠌ᠯᠤ᠎ᠪᠠᠷ ᠠᠷᠤ ᠦᠵᠡᠭᠳᠡᠯ ᠪᠤᠯᠭ᠋ᠠᠵᠤ᠂ 《ᠪᠢᠷ ᠵᠢᠡᠨ ᠬᠤᠷᠴᠠᠯᠠᠭᠰᠠᠨ᠎ᠨᠢ》᠂《ᠪᠣᠯᠣᠳ ᠲᠡᠮᠦᠷ ᠬᠡᠷᠬᠢᠨ ᠳᠠᠪᠲᠠᠭᠳᠠᠭᠰᠠᠨ》᠂《ᠪᠤᠯᠲᠤ ᠭᠢᠲᠤᠭ᠎ᠠ ᠵᠢᠨ ᠰᠦᠷ ᠬᠦᠴᠦᠨ》 ᠭᠡᠬᠦ ᠭᠤᠷᠪᠠᠨ ᠪᠦᠯᠦᠭ ᠵᠶ᠋ᠡᠷ ᠠᠯᠳᠠᠷᠲᠤ ᠬᠤᠪᠢᠰᠬᠠᠯᠲᠤ ᠬᠥᠭᠵᠢᠮᠴᠢᠨ᠂ ᠶᠠᠫᠤᠨ᠎ᠢ ᠡᠰᠡᠷᠭᠦᠴᠡᠬᠦ ᠳᠠᠢ᠌ᠨ᠎ᠤ ᠳᠠᠭᠤᠤ 《ᠳ᠋ᠠᠮ ᠢᠯᠳᠦ ᠵᠢᠨ ᠤᠷᠤᠭᠰᠢᠯᠠᠯᠲᠠ ᠵᠢᠨ ᠳᠠᠭᠤᠤ》 ᠵᠢᠨ ᠦᠭᠡ ᠠᠶ᠎ᠠ ᠵᠢᠨ ᠵᠣᠬᠢᠶᠠᠭᠴᠢ ᠮᠠᠢ᠌ᠰᠢᠨ᠎ᠤ ᠨᠢᠭᠡ ᠨᠠᠰᠤᠨ᠎ᠤ ᠬᠤᠪᠢᠰᠬᠠᠯ᠎ᠤᠨ ᠤᠯᠠ ᠮᠥᠷ᠎ᠢ ᠤᠷᠠᠯᠢᠭ ᠵᠶ᠋ᠠᠷ ᠳᠠᠭᠢᠨ ᠢᠯᠡᠷᠡᠭᠦᠯᠵᠦ᠂ ᠨᠢᠭᠡᠨ ᠡᠪ ᠬᠠᠮᠲᠤ ᠵᠠᠯᠠᠭᠤ ᠵᠢᠨ ᠠᠷᠢᠭᠤᠨ ᠴᠢᠰᠤ ᠪᠠ ᠠᠮᠢ ᠨᠠᠰᠤ᠎ᠪᠠᠷ ᠵᠶ᠋ᠠᠨ ᠪᠢᠴᠢᠭᠯᠡᠭᠰᠡᠨ ᠨᠠᠮ᠎ᠳᠠᠭᠠᠨ ᠬᠢᠵᠠᠭ᠋ᠠᠯᠠᠰᠢ ᠦᠭᠡᠢ ᠦᠨᠡᠨᠴᠢ ᠰᠢᠳᠤᠷᠭᠤ᠂ ᠠᠷᠠᠳ ᠲᠦᠮᠡᠨ᠎ᠳᠡᠭᠡᠨ ᠬᠢᠵᠠᠭ᠋ᠠᠯᠠᠰᠢ ᠦᠭᠡᠢ ᠬᠠᠢ᠌ᠷᠠᠲᠠᠢ᠂ ᠲᠡᠷᠰᠯᠡᠭᠦᠴᠦᠳ᠎ᠲᠤ ᠬᠢᠵᠠᠭ᠋ᠠᠯᠠᠰᠢ ᠦᠭᠡᠢ ᠬᠣᠷᠣᠰᠤᠯ ᠵᠠᠨᠤᠯ ᠡᠪᠦᠷᠯᠡᠭᠰᠡᠨ ᠤᠯᠠᠭ᠋ᠠᠨ ᠬᠥᠪᠡᠭᠦᠨ᠎ᠤ ᠬᠤᠪᠢᠰᠬᠠᠯ᠎ᠤᠨ ᠵᠣᠷᠢᠭ ᠰᠠᠨᠠᠭ᠎ᠠ ᠵᠢ ᠠᠮᠢᠳᠤᠯᠢᠭ ᠵᠶ᠋ᠠᠷ ᠲᠣᠭᠯᠠᠵᠠᠢ᠃  
      ᠮᠠᠢ᠌ᠰᠢᠨ᠎ᠤ ᠳᠠᠭᠤᠤ ᠬᠥᠮᠥᠰ᠎ᠤᠨ ᠤᠷᠮ᠎ᠠ ᠵᠣᠷᠢᠭ᠎ᠢ ᠬᠥᠭᠵᠢᠭᠡᠵᠦ᠂ ᠮᠠᠢ᠌ᠰᠢᠨ᠎ᠤ ᠦᠢ᠍ᠯᠡ ᠶᠠᠪᠤᠳᠠᠯ ᠦᠶ᠎ᠡ ᠵᠢᠨ ᠦᠶ᠎ᠡ᠎ᠳᠡᠭᠡᠨ ᠤᠯᠠᠮᠵᠢᠯᠠᠭᠳᠠᠨ᠎ᠠ᠃ ᠲᠡᠷᠡ ᠬᠠᠯᠠᠭᠤᠨ ᠴᠢᠰᠤ᠎ᠪᠠᠨ ᠺᠠᠢ᠌ᠯᠤ ᠵᠢᠨ ᠨᠤᠲᠤᠭ ᠳᠡᠪᠢᠰᠬᠡᠷ ᠳᠡᠭᠡᠷ᠎ᠡ ᠠᠰᠬᠠᠷᠠᠭᠤᠯᠵᠤ᠂ ᠦᠶ᠎ᠡ ᠦᠶ᠎ᠡ ᠵᠢᠨ ᠺᠠᠢ᠌ᠯᠤ ᠵᠢᠨ ᠬᠥᠮᠥᠰ᠎ᠤᠨ ᠠᠴᠢ ᠬᠠᠷᠢᠭᠤᠯᠤᠨ ᠡᠷᠡᠯᠬᠡᠭᠯᠡᠨ ᠤᠷᠤᠭᠰᠢᠯᠠᠬᠤ ᠵᠢ ᠵᠣᠷᠢᠭᠵᠢᠭᠤᠯᠪᠠ᠃  
      《〈ᠳ᠋ᠠᠮ ᠢᠯᠳᠦ ᠵᠢᠨ ᠤᠷᠤᠭᠰᠢᠯᠠᠯᠲᠠ ᠵᠢᠨ ᠳᠠᠭᠤᠤ〉 ᠵᠢ ᠪᠢ ᠬᠠᠷᠠᠬᠠᠨ ᠪᠠᠭ᠎ᠠ᠎ᠠᠴᠠ᠎ᠪᠠᠨ ᠰᠣᠨᠣᠰᠤᠭᠰᠠᠭ᠋ᠠᠷ ᠢᠷᠡᠵᠡᠢ᠂ ᠡᠨᠡ ᠬᠦ᠌ ᠶᠠᠷᠢᠶᠠᠲᠤ ᠵᠦᠴᠦᠭᠡ ᠵᠢ ᠦᠵᠡᠭᠰᠡᠨ᠎ᠤ ᠲᠠᠷᠠᠭ᠎ᠠ ᠳᠠᠭᠤᠤ ᠵᠢ ᠵᠣᠬᠢᠶᠠᠭᠰᠠᠨ ᠠᠷᠤ ᠲᠠᠯ᠎ᠠ ᠵᠢᠨ ᠦᠯᠢᠭᠡᠷ ᠪᠠ ᠦᠷᠡᠭᠳᠡᠭᠰᠡᠨ ᠪᠠᠭ᠋ᠠᠲᠤᠷ ᠮᠠᠢ᠌ᠰᠢᠨ᠎ᠤ ᠬᠥᠮᠥᠨ᠎ᠢ ᠤᠶᠠᠷᠠᠭᠤᠯᠤᠮ᠎ᠠ ᠦᠢ᠍ᠯᠡ ᠶᠠᠪᠤᠳᠠᠯ᠎ᠢ ᠨᠡᠡᠭ ᠣᠢ᠌ᠯᠠᠭ᠋ᠠᠯ᠎ᠠ᠃ ᠨᠢᠭᠡᠨ ᠠᠷᠠᠳ᠎ᠤᠨ ᠪᠠᠭᠰᠢ ᠪᠣᠯᠤᠭᠰᠠᠨ᠎ᠤ ᠬᠤᠪᠢ᠎ᠳᠤ᠂ ᠪᠢ ᠬᠤᠪᠢᠰᠬᠠᠯ᠎ᠤᠨ ᠠᠬᠠᠮᠠᠳ ᠦᠶ᠎ᠡ ᠵᠢᠨ᠎ᠬᠢᠨ᠎ᠤ ᠪᠠᠭ᠋ᠠᠲᠤᠷᠯᠢᠭ ᠦᠢ᠍ᠯᠡ ᠠᠵᠢᠯᠯᠠᠭ᠎ᠠ᠎ᠪᠠᠷ ᠴᠠᠭ ᠢᠮᠠᠭᠲᠠ ᠥᠪᠡᠷ᠎ᠢ᠎ᠪᠠᠨ ᠵᠣᠷᠢᠭᠵᠢᠭᠤᠯᠵᠤ᠂ ᠠᠵᠢᠯ᠎ᠤᠨ ᠪᠠᠢ᠌ᠷᠢ᠎ᠳᠠᠭᠠᠨ ᠰᠠᠭᠤᠷᠢᠯᠠᠨ ᠬᠤᠪᠢ ᠨᠡᠮᠡᠷᠢ᠎ᠪᠠᠨ ᠦᠵᠡᠭᠦᠯᠦᠨ᠎ᠡ》 ᠭᠡᠵᠦ ᠺᠠᠢ᠌ᠯᠤ ᠰᠢᠶᠠᠨ᠎ᠤ ᠾᠧ ᠫᠢᠩ ᠳᠤᠮᠳᠠᠳᠤ ᠰᠤᠷᠭ᠋ᠠᠭᠤᠯᠢ ᠵᠢᠨ ᠪᠠᠭᠰᠢ ᠯᠢᠦ ᠶᠠᠨ ᠵᠢᠶᠦ᠋ᠨ ᠰᠡᠳᠬᠢᠯ ᠳᠣᠭᠳᠣᠯᠤᠨ ᠶᠠᠷᠢᠨ᠎ᠠ᠃  
      ᠺᠠᠢ᠌ᠯᠤ ᠰᠢᠶᠠᠨ᠎ᠤ ᠤᠯᠠᠭ᠋ᠠᠨᠮᠥ᠋ᠴᠢᠷ᠎ᠤᠨ ᠨᠠᠮ᠎ᠤᠨ ᠡᠭᠦᠷ᠎ᠤᠨ ᠱᠦᠵᠢ᠂ ᠪᠦᠯᠭᠦᠮ᠎ᠤᠨ ᠳᠠᠷᠤᠭ᠎ᠠ ᠶᠠᠩ ᠵᠢᠩ ᠳ᠋ᠦᠩ᠄ 《ᠡᠨᠡ ᠬᠦ᠌ ᠬᠤᠪᠢᠰᠬᠠᠯᠲᠤ ᠵᠦᠴᠦᠭᠡ ᠵᠢᠨ ᠪᠦᠲᠦᠭᠡᠯ ᠥᠪᠡᠷᠲᠡᠭᠡᠨ ᠵᠠᠰᠠᠬᠤ ᠣᠷᠣᠨ᠎ᠤ ᠲᠠᠢ᠌ᠰᠠᠨ᠎ᠤ ᠤᠷᠠᠯᠢᠭ᠎ᠤᠨ ᠰᠣᠳᠣᠨ ᠪᠦᠲᠦᠭᠡᠯ᠎ᠤᠨ ᠢᠨᠵᠧᠨᠧᠷᠢᠩ᠎ᠳᠤ ᠰᠣᠩᠭᠣᠭᠳᠠᠪᠠ᠂ ᠪᠢᠳᠡ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠲᠡᠮᠡᠴᠡᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠨᠠᠷᠠᠲᠤ ᠲᠡᠮᠳᠡᠭ᠎ᠤᠨ ᠨᠥᠯᠥᠭᠡᠯᠡᠬᠦ ᠬᠦᠴᠦᠨ᠎ᠢ ᠦᠷᠭᠦᠯᠵᠢᠯᠡᠨ ᠥᠷᠭᠡᠳᠬᠡᠵᠦ᠂ ᠤᠮᠠᠷᠠᠲᠤ ᠬᠢᠯᠢ ᠵᠢᠨ ᠡᠬᠡ ᠭᠠᠵᠠᠷ᠎ᠲᠤ ᠦᠨᠳᠦᠰᠦᠯᠡᠭᠰᠡᠨ ᠬᠤᠪᠢᠰᠬᠠᠯ᠎ᠤᠨ ᠰᠣᠶᠣᠯ᠎ᠢ ᠰᠢᠨ᠎ᠡ ᠴᠠᠭ ᠦᠶ᠎ᠡ᠎ᠳᠤ ᠠᠮᠢᠵᠢᠷᠠᠯ᠎ᠤᠨ ᠬᠦᠴᠦᠨ ᠵᠢᠡᠷ ᠪᠢᠯᠬᠠᠭᠤᠯᠵᠤ ᠤᠯᠠᠮᠵᠢᠯᠠᠨ ᠬᠥᠭᠵᠢᠭᠦᠯᠦᠨ᠎ᠡ》 ᠭᠡᠵᠦ ᠢᠯᠡᠷᠬᠡᠢ᠌ᠯᠡᠪᠡ᠃    
      ᠮᠠᠢ᠌ᠰᠢᠨ ᠪᠣᠯ ᠬᠤᠪᠢᠰᠬᠠᠯ᠎ᠤᠨ ᠡᠷᠡᠯᠬᠡᠭ ᠪᠠᠢ᠌ᠯᠳᠤᠭᠴᠢ ᠮᠥᠷᠲᠡᠭᠡᠨ ᠠᠷᠠᠳ᠎ᠤᠨ ᠳᠠᠭᠤᠤ ᠬᠥᠭᠵᠢᠮᠴᠢᠨ ᠶᠤᠮ᠂ ᠲᠡᠷᠡ᠎ᠪᠠᠷ ᠠᠯᠲᠠ ᠪᠡᠶ᠎ᠡ ᠠᠷᠢᠭᠤᠨ ᠴᠢᠰᠤ᠎ᠪᠠᠨ ᠺᠠᠢ᠌ᠯᠤ ᠵᠢᠨ ᠨᠤᠲᠤᠭ ᠳᠡᠪᠢᠰᠬᠡᠷ᠎ᠲᠤ ᠤᠷᠤᠰᠬᠠᠵᠤ᠂ ᠲᠡᠭᠦᠨ᠎ᠤ ᠨᠡᠷ᠎ᠡ᠂ ᠳᠠᠭᠤᠤ ᠪᠠ ᠵᠣᠷᠢᠭ ᠰᠠᠨᠠᠭ᠎ᠠ᠎ᠨᠢ ᠺᠠᠢ᠌ᠯᠤ ᠵᠢᠨ ᠠᠷᠠᠳ ᠲᠦᠮᠡᠨ᠎ᠤ ᠳᠤᠮᠳᠠ ᠥᠨᠢᠳᠡ ᠮᠥᠩᠬᠡᠷᠡᠨ ᠦᠯᠡᠳᠡᠭᠰᠡᠨ ᠪᠠᠢ᠌ᠨ᠎ᠠ᠃ ᠤᠯᠠᠨ ᠵᠢᠯ᠎ᠤᠨ ᠲᠤᠷᠰᠢ᠂ ᠺᠠᠢ᠌ᠯᠤ ᠰᠢᠶᠠᠨ᠎ᠤ᠎ᠬᠢᠨ ᠮᠠᠢ᠌ᠰᠢᠨ᠎ᠤ ᠳᠤᠷᠠᠰᠬᠠᠯ᠎ᠤᠨ ᠣᠷᠳᠣᠨ᠂ ᠮᠠᠢ᠌ᠰᠢᠨ᠎ᠤ ᠦᠷᠡᠭᠳᠡᠭᠰᠡᠨ ᠪᠠᠭ᠋ᠠᠲᠤᠷᠴᠤᠳ᠎ᠤᠨ ᠪᠤᠩᠬᠤᠨ᠎ᠤ ᠬᠦᠷᠢᠶᠡᠯᠡᠩ᠂ ᠮᠠᠢ᠌ᠰᠢᠨ᠎ᠤ ᠬᠠᠭᠤᠴᠢᠨ ᠰᠠᠭᠤᠴᠠ᠂ ᠮᠠᠢ᠌ᠰᠢᠨ ᠪᠠᠭ᠎ᠠ ᠰᠤᠷᠭ᠋ᠠᠭᠤᠯᠢ᠂ ᠮᠠᠢ᠌ᠰᠢᠨ᠎ᠤ ᠰᠣᠶᠣᠯ᠎ᠤᠨ ᠲᠣᠮᠣ ᠲᠢᠶᠠᠲᠷ᠂ᠮᠠᠢ᠌ᠰᠢᠨ᠎ᠤ ᠦᠷᠡᠭᠳᠡᠭᠰᠡᠨ ᠪᠠᠭ᠋ᠠᠲᠤᠷᠴᠤᠳ᠎ᠤᠨ ᠪᠤᠩᠬᠤᠨ᠎ᠤ ᠬᠦᠷᠢᠶᠡᠯᠡᠩ᠎ᠤᠨ ᠳᠡᠯᠭᠡᠨ ᠦᠵᠡᠭᠦᠯᠭᠡ ᠵᠢᠨ ᠣᠷᠳᠣᠨ ᠪᠣᠯᠣᠨ ᠬᠤᠪᠢᠰᠬᠠᠯ᠎ᠤᠨ ᠣᠷᠣᠨ ᠰᠠᠭᠤᠴᠠ ᠵᠢ ᠨᠢᠭᠡ ᠴᠣᠭᠴᠠᠵᠢᠭᠤᠯᠤᠭᠰᠠᠨ ᠮᠠᠢ᠌ᠰᠢᠨ᠎ᠤ ᠰᠢᠷᠢᠰ ᠳᠤᠷᠠᠰᠬᠠᠯ᠎ᠤᠨ ᠪᠠᠷᠢᠯᠭ᠎ᠠ ᠵᠢ ᠵᠠᠯᠭ᠋ᠠᠭ᠎ᠠ᠎ᠪᠠᠷ ᠪᠦᠲᠦᠭᠡᠨ ᠪᠠᠢ᠌ᠭᠤᠯᠤᠭᠰᠠᠨ ᠪᠥᠭᠡᠳ ᠦᠰᠦᠭ ᠪᠢᠴᠢᠭ᠂ ᠤᠳᠬ᠎ᠠ ᠵᠣᠬᠢᠶᠠᠯ᠂ ᠤᠷᠠᠯᠢᠭ᠎ᠤᠨ ᠪᠦᠲᠦᠭᠡᠯ ᠵᠡᠷᠭᠡ ᠭᠡᠯᠪᠡᠷᠢ᠎ᠪᠠᠷ ᠬᠤᠪᠢᠰᠬᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ ᠬᠤᠪᠢᠰᠬᠠᠯ᠎ᠤᠨ ᠤᠳᠤᠮᠰᠢᠯ᠎ᠢ ᠦᠷᠭᠦᠯᠵᠢᠯᠡᠭᠦᠯᠵᠡᠢ᠃    
      ᠬᠤᠪᠢᠰᠬᠠᠯ᠎ᠤᠨ ᠰᠣᠶᠣᠯ ᠪᠣᠯ ᠤᠮᠠᠷᠠᠲᠤ ᠬᠢᠯᠢ ᠵᠢᠨ ᠰᠣᠶᠣᠯ᠎ᠤᠨ ᠢᠯᠡ ᠲᠣᠳᠣ ᠳᠡᠪᠢᠰᠬᠡᠷ ᠥᠩᠭᠡ ᠪᠤᠯᠬᠤ ᠮᠥᠷᠲᠡᠭᠡᠨ ᠣᠶᠤᠨ ᠰᠠᠨᠠᠭ᠋ᠠᠨ᠎ᠤ ᠲᠣᠭ ᠲᠡᠮᠳᠡᠭ ᠮᠥᠨ᠂ ᠪᠠᠰᠠ ᠴᠤ᠌ ᠺᠠᠢ᠌ᠯᠤ ᠰᠢᠶᠠᠨ᠎ᠤ ᠤᠷᠲᠤ ᠤᠳᠠᠭ᠋ᠠᠨ ᠲᠡᠦᠬᠡ ᠵᠢᠨ ᠳᠤᠮᠳᠠᠬᠢ ᠬᠠᠮᠤᠭ᠎ᠤᠨ ᠢᠯᠡ ᠲᠣᠳᠣ ᠥᠩᠭᠡ ᠪᠤᠳᠤᠭ ᠮᠥᠨ᠃ ᠺᠠᠢ᠌ᠯᠤ ᠰᠢᠶᠠᠨ ᠬᠤᠪᠢᠰᠬᠠᠯ᠎ᠤᠨ ᠰᠤᠳᠤᠯᠤᠯ ᠰᠤᠷᠤᠯᠴᠠᠯᠭ᠎ᠠ + ᠪᠣᠬᠢᠷᠳᠤᠯ ᠦᠭᠡᠢ ᠰᠡᠯᠡᠭᠦᠴᠡᠯ᠎ᠤᠨ 《ᠬᠣᠣᠰ ᠭᠧᠨ》᠎ᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠵᠦ᠂ᠬᠤᠪᠢᠰᠬᠠᠯᠲᠤ ᠮᠠᠢ᠌ᠰᠢᠨ ᠪᠠ ᠪᠣᠬᠢᠷᠳᠤᠯ ᠦᠭᠡᠢ ᠺᠠᠢ᠌ᠯᠤ ᠵᠢᠨ 《ᠬᠣᠣᠰ ᠭᠣᠣᠯᠯᠠᠭᠴᠢ》 ᠲᠦᠷᠦᠯ ᠲᠡᠮᠳᠡᠭ᠎ᠢ ᠡᠭᠦᠳᠴᠦ᠂ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ + ᠠᠭᠤᠰᠤᠯᠴᠠᠨ ᠬᠥᠭᠵᠢᠬᠦ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ ᠭᠣᠣᠯ ᠰᠡᠳᠦᠪ ᠵᠶ᠋ᠡᠷ ᠪᠠᠶᠠᠯᠢᠭ ᠬᠤᠪᠢᠰᠬᠠᠯ᠎ᠤᠨ ᠰᠤᠳᠤᠯᠤᠯ ᠰᠤᠷᠤᠯᠴᠠᠯᠭ᠎ᠠ ᠵᠢᠨ ᠵᠠᠮ ᠱᠤᠭᠤᠮ᠎ᠢ ᠡᠭᠦᠳᠴᠦ᠂ ᠬᠤᠪᠢᠰᠬᠠᠯ᠎ᠤᠨ ᠰᠣᠶᠣᠯ᠎ᠤᠨ ᠡᠬᠢ ᠪᠠᠶᠠᠯᠢᠭ᠎ᠢ ᠲᠤᠬᠠᠢ ᠵᠢᠨ ᠭᠠᠵᠠᠷ᠎ᠤᠨ ᠵᠢᠭᠤᠯᠴᠢᠯᠠᠯ᠎ᠤᠨ ᠣᠨᠴᠠᠯᠢᠭᠲᠤ ᠡᠬᠢ ᠪᠠᠶᠠᠯᠢᠭ᠎ᠲᠠᠢ ᠭᠦᠨᠵᠡᠭᠡᠢ ᠠᠭᠤᠰᠤᠯᠴᠠᠭᠤᠯᠵᠤ᠂ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠲᠦᠷᠦᠯ ᠲᠡᠮᠳᠡᠭ᠎ᠢ ᠭᠢᠯᠠᠯᠵᠠᠭᠤᠯᠵᠤ᠂ ᠵᠢᠭᠤᠯᠴᠢᠯᠠᠭᠴᠢᠳ᠎ᠤᠨ ᠤᠯᠠᠨ ᠡᠰᠢᠴᠢᠯᠡᠭᠰᠡᠨ ᠬᠡᠷᠡᠭᠴᠡᠭᠡ ᠵᠢ ᠬᠠᠩᠭ᠋ᠠᠵᠤ ᠪᠤᠢ᠃    
      ᠮᠠᠢ᠌ᠰᠢᠨ᠎ᠤ ᠳᠤᠷᠠᠰᠬᠠᠯ᠎ᠤᠨ ᠣᠷᠳᠣᠨ᠎ᠨᠢ ᠤᠯᠤᠰ᠎ᠤᠨ AAA ᠲᠠᠰ᠎ᠤᠨ ᠦᠵᠡᠮᠵᠢ ᠵᠢᠨ ᠣᠷᠣᠨ᠂ ᠪᠦᠭᠦ ᠣᠷᠣᠨ᠎ᠤ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬ᠋ᠥᠮᠦᠵᠢᠯ᠎ᠤᠨ ᠵᠢᠱ᠌ᠢᠶ᠎ᠡ ᠦᠵᠡᠭᠦᠯᠭᠦ ᠰᠠᠭᠤᠷᠢᠨ ᠭᠠᠵᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠦᠵᠡᠮᠵᠢ ᠵᠢᠨ ᠣᠷᠣᠨ ᠪᠣᠯᠤᠭᠰᠠᠨ᠎ᠤ ᠬᠤᠪᠢ᠎ᠳᠤ᠂ ᠡ ᠡ᠊ᠨᠳᠡ ᠢᠷᠡᠵᠦ ᠲᠣᠭᠣᠷᠢᠨ ᠦᠵᠡᠵᠦ ᠰᠤᠷᠤᠯᠴᠠᠬᠤ ᠪᠦᠯᠭᠦᠮ ᠪᠠ ᠬᠤᠪᠢ ᠬᠥᠮᠥᠨ ᠤᠯᠠᠨ ᠪᠠᠢ᠌ᠳᠠᠭ᠃ ᠪᠠᠢ ᠲᠠ ᠨᠡᠢ᠌ᠭᠡᠮ ᠲᠣᠭᠣᠷᠢᠭ᠎ᠲᠤ ᠰᠠᠭᠤᠭ᠎ᠠ ᠰᠠᠭᠤᠭ᠋ᠠᠯᠢ ᠠᠷᠠᠳ ᠵᠠᠩ ᠢᠦᠢ ᠴᠦᠨ ᠦᠷᠭᠦᠯᠵᠢ ᠣᠮᠪᠣᠯᠣ᠎ᠪᠠᠨ ᠳᠠᠭ᠋ᠠᠭᠤᠯᠤᠨ ᠮᠠᠢ᠌ᠰᠢᠨ᠎ᠤ ᠲ᠋ᠤᠷᠠᠰᠬᠠᠯ᠎ᠤᠨ ᠣᠷᠳᠣᠨ᠎ᠳᠤ ᠬᠦᠷᠴᠦ ᠲᠣᠭᠣᠷᠢᠨ ᠦᠵᠡᠳᠡᠭ᠃ 《ᠰᠢᠶᠠᠨ᠎ᠤ ᠳᠣᠲᠣᠷᠠᠬᠢ ᠬᠤᠪᠢᠰᠬᠠᠯ᠎ᠤᠨ ᠰᠣᠶᠣᠯ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ ᠲ᠋ᠦᠰᠢᠭᠯᠡᠨ ᠪᠠᠭ᠋ᠠᠲᠤᠷ ᠮᠠᠢ᠌ᠰᠢᠨ᠎ᠤ ᠬᠤᠪᠢᠰᠬᠠᠯᠲᠤ ᠰᠡᠳᠬᠢᠯᠭᠡ ᠵᠢ ᠣᠢ᠌ᠯᠠᠭ᠋ᠠᠵᠤ ᠪᠣᠯᠣᠨ᠎ᠠ᠂ ᠨᠡᠩ ᠴᠢᠬᠤᠯᠠ᠎ᠨᠢ ᠬᠡᠦᠬᠡᠳ᠎ᠲᠤ ᠤᠮᠠᠷᠠᠲᠤ ᠬᠢᠯᠢ ᠵᠢᠨ ᠰᠣᠶᠣᠯ᠎ᠢ ᠣᠢ᠌ᠯᠠᠭ᠋ᠠᠭᠤᠯᠵᠤ᠂ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠭᠤᠯᠬᠤ ᠵᠢᠨ ᠲᠥᠯᠥᠭᠡ ᠶᠤᠮ》 ᠭᠡᠵᠦ ᠵᠠᠩ ᠢᠦᠢ ᠴᠦᠨ ᠶᠠᠷᠢᠵᠤ ᠪᠠᠢ᠌ᠯ᠎ᠠ᠃ ᠲᠡᠷᠡ ᠪᠠᠰᠠ ᠶᠠᠷᠢᠬᠤ᠎ᠳᠠᠭᠠᠨ᠄《ᠬᠡᠦᠬᠡᠳ ᠵᠶ᠋ᠡᠨ ᠳᠠᠭ᠋ᠠᠭᠤᠯᠤᠨ ᠲᠣᠭᠣᠷᠢᠬᠤ ᠦᠶ᠎ᠡ᠎ᠳᠤ ᠲᠠᠢ᠌ᠯᠪᠤᠷᠢᠯᠠᠭᠴᠢ᠎ᠠᠴᠠ ᠮᠠᠢ᠌ᠰᠢᠨ᠎ᠤ ᠪᠠᠭ᠋ᠠᠲᠤᠷᠯᠢᠭ ᠦᠢᠯᠡ ᠠᠵᠢᠯᠯᠠᠭ᠎ᠠ ᠵᠢᠨ ᠲᠤᠬᠠᠢ ᠨᠠᠷᠢᠯᠢᠭ ᠲᠠᠨᠢᠯᠴᠠᠭᠤᠯᠵᠤ᠂ 〈ᠳ᠋ᠠᠮ ᠢᠯᠳᠦ ᠵᠢᠨ ᠤᠷᠤᠭᠰᠢᠯᠠᠯᠲᠠ ᠵᠢᠨ ᠳᠠᠭᠤᠤ〉 ᠵᠢᠨ ᠠᠷᠤ᠎ᠳᠠᠬᠢ ᠥᠯᠢᠭᠡᠷ᠎ᠢ ᠭᠦᠨᠵᠡᠭᠡᠢ ᠣᠢ᠌ᠯᠠᠭ᠋ᠠᠭᠤᠯᠬᠤ᠎ᠪᠠᠷ ᠳᠠᠮᠵᠢᠭᠤᠯᠤᠨ᠂ᠬᠡᠦᠬᠡᠳ᠎ᠲᠤ ᠪᠠᠭ᠋ᠠᠲᠤᠷ᠎ᠤᠨ ᠬᠤᠪᠢᠰᠬᠠᠯᠲᠤ ᠰᠡᠳᠬᠢᠯᠭᠡ ᠵᠢ ᠮᠡᠳᠡᠷᠡᠭᠦᠯᠵᠡᠢ᠃ ᠡᠢ᠌ᠮᠦᠷᠬᠦᠦ ᠲᠣᠭᠣᠷᠢᠨ ᠦᠵᠡᠬᠦ ᠪᠠ ᠲᠠᠢ᠌ᠯᠤᠮᠵᠢ ᠵᠢ ᠰᠣᠨᠣᠰᠬᠤ᠎ᠪᠠᠷ ᠳᠠᠮᠵᠢᠭᠤᠯᠤᠨ ᠤᠮᠠᠷᠠᠲᠤ ᠬᠢᠯᠢ ᠵᠢᠨ ᠰᠣᠶᠣᠯ᠎ᠢ ᠨᠠᠩ ᠰᠠᠢ᠌ᠨ ᠣᠢ᠌ᠯᠠᠭ᠋ᠠᠵᠤ᠂ ᠬᠡᠦᠬᠡᠳ᠎ᠲᠤ ᠨᠢᠯᠬ᠎ᠠ ᠪᠠᠯᠴᠢᠷ ᠨᠠᠰᠤᠨ᠎ᠠᠴᠠ᠎ᠨᠢ ᠡᠬᠢᠯᠡᠨ ᠬᠤᠪᠢᠰᠬᠠᠯ᠎ᠤᠨ ᠬᠥᠮᠦᠵᠢᠯ᠎ᠢ ᠰᠠᠢ᠌ᠲᠤᠷ ᠬ᠋ᠦᠷᠲᠡᠭᠡᠬᠦ ᠵᠢ ᠪᠤᠲᠤᠬᠰᠠᠨ ᠶᠤᠮ》 ᠭᠡᠪᠡ᠃    
      ᠣᠢ᠌ᠷ᠎ᠠ ᠵᠢᠨ ᠵᠢᠯ᠎ᠠᠴᠠ ᠨᠠᠭ᠋ᠠᠰᠢ᠂ ᠺᠠᠢ᠌ᠯᠤ ᠰᠢᠶᠠᠨ ᠪᠦᠭᠦ ᠣᠷᠣᠨ᠎ᠤ ᠲᠠᠨᠢᠯᠴᠠᠭᠤᠯᠤᠭᠰᠠᠨ ᠠᠷᠪᠠᠨ ᠵᠤᠷᠪᠤᠰ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠰᠣᠳᠣᠨ ᠱᠤᠭᠤᠮ ᠵᠶ᠋ᠠᠷ ᠭᠠᠷᠳᠠᠴᠠ ᠪᠤᠯᠭ᠋ᠠᠵᠤ᠂ 《ᠮᠠᠢ᠌ᠰᠢᠨ》 ᠵᠢᠡᠷ ᠲᠥᠯᠥᠭᠡᠯᠡᠭᠦᠯᠦᠭᠰᠡᠨ ᠬᠤᠪᠢᠰᠬᠠᠯ᠎ᠤᠨ ᠡᠬᠢ ᠪᠠᠶᠠᠯᠢᠭ᠎ᠢ ᠭᠦᠨ ᠠᠭᠤᠳᠠᠯᠵᠤ᠂ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠵᠤ᠂ ᠺᠠᠢ᠌ᠯᠤ ᠪᠠᠯᠭ᠋ᠠᠰᠤ᠂ ᠮᠠᠢ᠌ᠰᠢᠨ ᠪᠠᠯᠭ᠋ᠠᠰᠤ᠂ ᠾᠧᠢ ᠯᠦᠩ ᠪᠠ ᠪᠠᠯᠭ᠋ᠠᠰᠤ᠎ᠪᠠᠷ ᠲᠡᠩᠭᠡᠯᠢᠭ ᠪᠤᠯᠭ᠋ᠠᠵᠤ᠂ 《ᠺᠠᠢ ᠪᠠ ᠵᠠᠰᠠᠮᠠᠯ ᠵᠠᠮ》 ᠵᠢᠡᠷ ᠭᠣᠣᠯ ᠱᠤᠭᠤᠮ ᠪᠤᠯᠭ᠋ᠠᠵᠤ᠂ ᠵᠡᠭᠦᠨᠰᠢ᠎ᠪᠠᠨ ᠮᠠᠢ᠌ᠰᠢᠨ᠎ᠤ ᠳᠤᠷᠠᠰᠬᠠᠯ᠎ᠤᠨ ᠣᠷᠳᠣᠨ᠎ᠠᠴᠠ ᠡᠬᠢᠯᠡᠨ ᠪᠠᠷᠠᠭᠤᠨᠰᠢ᠎ᠪᠠᠨ ᠯᠢᠨ ᠹᠠ ᠲᠤᠰᠬᠤᠨ᠎ᠤ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠦᠷᠲᠡᠭᠡ ᠭᠦᠷᠲᠡᠯ᠎ᠡ 12 ᠦᠵᠡᠮᠵᠢ ᠵᠢᠨ ᠣᠷᠣᠨ᠎ᠢ ᠨᠡᠪᠲᠡᠯᠦᠭᠰᠡᠨ ᠬᠤᠪᠢᠰᠬᠠᠯ᠎ᠤᠨ ᠬᠥᠮᠦᠵᠢᠯ᠎ᠤᠨ ᠱᠤᠭᠤᠮ᠎ᠢ ᠪᠠᠢ᠌ᠭᠤᠯᠪᠠ᠃ ᠣᠢ᠌ᠷ᠎ᠠ ᠵᠢᠨ ᠵᠢᠯ᠎ᠠᠴᠠ ᠨᠠᠭ᠋ᠠᠰᠢ᠂ ᠰᠢᠶᠠᠨ᠎ᠤ ᠳᠣᠲᠣᠨ᠎ᠠ ᠭᠠᠳᠠᠨᠠᠬᠢ 180 ᠭᠠᠷᠤᠢ ᠪᠦᠯᠭᠦᠮ᠂ 20 ᠲᠦᠮᠡ ᠰᠢᠬᠠᠮ ᠬᠥᠮᠥᠨ ᠤᠳᠠᠭ᠎ᠠ ᠮᠠᠢ᠌ᠰᠢᠨ᠎ᠤ ᠳᠤᠷᠠᠰᠬᠠᠯ᠎ᠤᠨ ᠣᠷᠳᠣᠨ᠎ᠳᠤ ᠬᠦᠷᠴᠦ ᠬᠤᠪᠢᠰᠬᠠᠯ᠎ᠤᠨ ᠬᠥᠮᠦᠵᠢᠯ ᠬᠦᠷᠲᠡᠵᠡᠢ᠃ ᠰᠢᠨ᠎ᠡ ᠠᠶᠠᠨ᠎ᠳᠤ᠂ ᠺᠠᠢ᠌ᠯᠤ ᠰᠢᠶᠠᠨ ᠬᠤᠪᠢᠰᠬᠠᠯ᠎ᠤᠨ ᠡᠬᠢ ᠪᠠᠶᠠᠯᠢᠭ᠎ᠢ ᠤᠯᠠᠮ ᠴᠢᠨᠠᠭᠰᠢᠳᠠ ᠠᠰᠢᠭᠯᠠᠵᠤ᠂ ᠬᠤᠪᠢᠰᠬᠠᠯ᠎ᠤᠨ ᠦᠯᠢᠭᠡᠷ᠎ᠢ ᠰᠠᠢ᠌ᠲᠤᠷ ᠤᠬᠠᠭᠤᠯᠵᠤ᠂ᠬᠤᠪᠢᠰᠬᠠᠯ᠎ᠤᠨ ᠤᠳᠤᠮᠰᠢᠯ᠎ᠢ ᠦᠶ᠎ᠡ ᠵᠢᠨ ᠦᠶ᠎ᠡ᠎ᠳᠤ ᠤᠯᠠᠮᠵᠢᠯᠠᠵᠤ᠂ ᠪᠦᠭᠦ ᠰᠢᠶᠠᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠪᠦᠯᠬᠦᠮᠳᠡᠨ ᠲ᠋ᠡᠮᠡᠴᠡᠵᠦ ᠬᠠᠮᠲᠤ᠎ᠪᠠᠷ ᠴᠡᠴᠡᠭᠯᠡᠨ ᠬᠥᠭᠵᠢᠬᠦ ᠬᠦᠴᠦᠷᠬᠡᠭ ᠶᠡᠬᠡ ᠤᠶᠤᠨ ᠰᠠᠨᠠᠭ᠋ᠠᠨ᠎ᠤ ᠬᠦᠴᠦᠨ᠎ᠢ ᠪᠦᠭᠦ ᠲᠠᠯ᠎ᠠ᠎ᠪᠠᠷ ᠨᠢᠭᠲᠠᠷᠠᠭᠤᠯᠬᠤ ᠪᠣᠯᠣᠨ᠎ᠠ᠃

ᠢᠷᠡᠯᠲᠡ᠄ ᠲᠥᠩᠯᠢᠶᠣᠣ ᠮᠣᠩᠭᠣᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠰᠷᠢ ᠯᠠᠨᠺᠠ ᠵᠢᠨ ᠶᠡᠷᠦᠩᠬᠡᠢ ᠰᠠᠶ᠋ᠢᠳ ᠭᠦᠨᠠᠸᠠᠳᠧᠨᠠ᠎ᠲᠠᠢ ᠠᠭᠤᠯᠵᠠᠪᠠ
《ᠤᠮᠠᠷᠠᠲᠤ ᠬᠢᠯᠢ ᠵᠢᠨ ᠤᠶᠠᠩᠭ᠎ᠠ ᠵᠢᠨ ᠲᠦᠷᠡᠯᠭᠡ ᠦᠵᠡᠰᠬᠦᠯᠡᠩᠲᠦ ᠰᠠᠢ᠌ᠬᠠᠨ ᠲᠦᠩᠯᠢᠶᠣᠣ ᠵᠢᠨ ᠡᠭᠡᠰᠢᠭ》 ᠤᠳᠬ᠎ᠠ ᠵᠣᠬᠢᠶᠠᠯ᠎ᠤᠨ ᠤᠷᠠᠨ ᠤᠩᠰᠢᠯᠭ᠎ᠠ ᠵᠢᠨ ᠴᠢᠭᠤᠯᠭ᠋ᠠᠨ ᠠᠮᠵᠢᠯᠲᠠ᠎ᠲᠠᠢ ᠶᠠᠪᠤᠭᠳᠠᠯ᠎ᠠ
ᠲᠦᠩᠯᠢᠶᠣᠣ ᠬᠣᠲᠠ ᠵᠢᠨ ᠤᠯᠠᠭ᠋ᠠᠨᠮᠥ᠋ᠴᠢᠷ ᠰᠢ ᠵᠦᠴᠦᠭᠡ ᠵᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠬᠢᠪᠡ
ᠮᠠᠨ᠎ᠤ ᠬᠤᠳᠠ ᠵᠢᠨ ᠬᠤᠶᠠᠳᠤᠭ᠋ᠠᠷ ᠬᠤᠭᠤᠴᠠᠭ᠋ᠠᠨ᠎ᠤ 《ᠮᠥᠰᠥ ᠴᠠᠰᠤᠨ᠎ᠤ ᠬᠠᠶ᠋ᠢᠷ᠎ᠠ》 ᠵᠢᠭᠤᠯᠴᠢᠯᠠᠯ᠎ᠤᠨ ᠤᠯᠠᠷᠢᠯ ᠦᠪᠡᠳᠡᠭᠰᠢ ᠶᠡᠬᠡᠪᠡᠷ ᠡᠬᠢᠯᠡᠪᠡ
 
            