ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠡᠨᠡ ᠡᠪᠦᠯ ᠤᠷᠳᠤᠰ᠎ᠲᠤ 50 ᠭᠠᠷᠤᠢ ᠲᠥᠷᠤᠯ᠎ᠤᠨ ᠡᠪᠦᠯ᠎ᠤᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠲᠠᠢ
ᠨᠡᠶᠢᠲᠡᠯᠡᠭᠰᠡᠨ ᠴᠠᠭ᠄ 2024-12-06

      ᠠᠭ᠋ᠠᠷ᠎ᠤᠨ ᠳᠤᠯᠠᠭ᠋ᠠᠨ ᠳᠣᠷᠣᠭᠰᠢᠯᠠᠬᠤ ᠵᠢ ᠳᠠᠭ᠋ᠠᠯᠳᠤᠨ ᠤᠷᠳᠤᠰ ᠬᠤᠲᠠ ᠡᠪᠦᠯ᠎ᠤᠨ ᠵᠢᠭᠤᠯᠴᠢᠯᠡᠯ᠎ᠤᠨ ᠬᠥᠭᠵᠢᠶᠡᠨᠲᠤ ᠤᠯᠠᠷᠢᠯ ᠵᠶ᠋ᠠᠨ ᠣᠭᠲᠤᠨ ᠠᠪᠤᠯ᠎ᠠ᠃ ᠡᠯ᠎ᠡ ᠦᠵᠡᠮᠵᠢ ᠵᠢᠨ ᠣᠷᠣᠨ᠎ᠨᠢ ᠡᠪᠦᠯ᠎ᠤᠨ ᠤᠯᠠᠷᠢᠯ᠎ᠤᠨ ᠣᠨᠴᠠᠯᠢᠭᠲᠤ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢ ᠱᠠᠯᠠᠪᠲᠠᠨ ᠬᠢᠵᠦ᠂ ᠡᠪᠦᠯ᠎ᠤᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠬᠥᠭᠵᠢᠶᠡᠨ᠎ᠲᠠᠢ ᠪᠣᠯᠭ᠋ᠠᠵᠤ ᠪᠠᠶ᠋ᠢᠨ᠎ᠠ᠃
      ᠡᠭᠦᠨ᠎ᠳᠤ ᠵᠢᠦ ᠴᠧᠩ ᠬᠦᠩ ᠤᠯᠠᠨ ᠤᠯᠤᠰ᠎ᠤᠨ ᠴᠠᠨᠠᠯᠠᠯᠲᠠ ᠵᠢᠨ ᠳᠠᠯᠠᠪᠠᠢ 11 ᠰᠠᠷ᠎ᠠ ᠵᠢᠨ 17᠎ᠤ ᠡᠳᠦᠷ᠎ᠠᠴᠠ ᠡᠬᠢᠯᠡᠨ ᠬᠢᠮᠡᠯ ᠴᠠᠰᠤ ᠣᠷᠣᠭᠤᠯᠵᠤ᠂ 11 ᠰᠠᠷ᠎ᠠ ᠵᠢᠨ 25᠎ᠤ ᠡᠳᠤᠷ ᠵᠢᠩᠭᠢᠨᠢ᠎ᠪᠠᠷ ᠡᠭᠦᠳᠡ᠎ᠪᠠᠨ ᠨᠡᠬᠡᠭᠡᠵᠦ ᠵᠣᠴᠢᠨ ᠵᠶ᠋ᠠᠨ ᠣᠭᠲᠣᠭᠰᠠᠨ ᠪᠠᠶ᠋ᠢᠨ᠎ᠠ᠃ ᠡᠨᠡ ᠵᠢᠯ ᠲᠣᠰ ᠵᠢᠭᠤᠯᠴᠢᠯᠡᠯ᠎ᠤᠨ ᠣᠷᠣᠨ ᠰᠢᠨ᠎ᠡ᠎ᠪᠠᠷ 700 ᠭᠠᠷᠤᠢ ᠰᠡᠭᠦᠳᠡᠷᠯᠡᠬᠦ ᠬᠤᠪᠴᠠᠰᠤ ᠨᠡᠮᠡᠵᠤ᠂ ᠴᠠᠨᠠᠯᠠᠬᠤ᠎ᠳᠤ ᠡᠮᠦᠰᠳᠡᠭ ᠬᠤᠪᠴᠡᠰᠤ ᠪᠣᠯᠣᠨ ᠴᠠᠨᠠᠯᠡᠯᠲᠠ ᠵᠢᠨ ᠬᠡᠷᠡᠭᠰᠡᠯ᠎ᠢ ᠴᠤ᠌ 500 ᠭᠠᠷᠤᠢ ᠢᠵᠢ ᠨᠡᠮᠡᠵᠡᠢ᠃ ᠪᠠᠰᠠ ᠮᠥᠰᠤᠨ ᠱᠤᠭᠤᠮᠠᠯ᠎ᠤᠨ ᠦᠵᠡᠭᠦᠯᠭᠡ᠂ ᠴᠠᠰᠤᠨ᠎ᠳᠤ ᠭᠤᠯᠭᠤᠬᠤ ᠬᠦᠳᠡᠯᠭᠡᠭᠡᠨ᠂ ᠪᠣᠳᠠᠰ᠎ᠤᠨ ᠪᠤᠰᠤ ᠰᠣᠶᠣᠯ᠎ᠤᠨ ᠥᠪ ᠠᠮᠳᠠᠲᠤ ᠢᠳᠡᠭᠡᠨ ᠵᠡᠷᠭᠡ ᠵᠢ ᠠᠭᠤᠰᠤᠯᠴᠠᠭᠤᠯᠵᠤ᠂ ᠬᠤᠲᠠ ᠵᠢᠨ ᠠᠷᠠᠳ ᠪᠠ ᠵᠤᠭ᠋ᠠᠴᠠᠭᠰᠠᠳ᠎ᠲᠤ ᠨᠢᠭᠡᠨ ᠭᠤᠶᠤ ᠰᠠᠶ᠋ᠢᠬᠠᠨ ᠮᠥᠰᠣ ᠴᠠᠰᠤᠨ᠎ᠤ ᠷᠢᠳᠢ ᠰᠢᠳᠢ ᠵᠢ ᠮᠡᠳᠡᠷᠡᠭᠦᠯᠬᠦ᠎ᠪᠠᠷ ᠪᠥᠬᠦ ᠬᠦᠴᠣᠨ ᠵᠶ᠋ᠠᠷ ᠵᠶ᠋ᠠᠨ ᠴᠢᠷᠮᠡᠶ᠋ᠢᠵᠤ ᠪᠠᠶ᠋ᠢᠨ᠎ᠠ᠃
      ᠤᠷᠳᠤᠰ᠎ᠤᠨ ᠭᠡᠭᠡᠷ᠎ᠡ ᠵᠢᠨ ᠠᠮᠢᠲᠠᠨ᠎ᠤ ᠬᠦᠷᠢᠶᠡᠯᠡᠩ ᠶᠠᠭ ᠠᠮᠢᠲᠡᠨ᠎ᠤ ᠬᠦᠷᠢᠶᠡᠯᠠᠩ᠎ᠤᠨ ᠮᠥᠰᠣ ᠴᠠᠰᠤᠨ᠎ᠤ ᠳᠠᠭᠤᠤ ᠬᠥᠭᠵᠢᠮ᠎ᠤᠨ ᠤᠯᠠᠷᠢᠯ᠎ᠤᠨ ᠠᠵᠢᠯᠯᠠᠭ᠎ᠠ ᠵᠢ ᠶᠠᠭ᠋ᠠᠷᠠᠯᠲᠠᠢ ᠪᠡᠯᠡᠳᠭᠡᠵᠦ ᠪᠠᠶ᠋ᠢᠨ᠎ᠠ᠂ ᠲᠣᠰ ᠤᠳᠠᠭ᠋ᠠᠨ᠎ᠤ ᠮᠥᠰᠣ ᠴᠠᠰᠤᠨ᠎ᠤ ᠳᠠᠭᠤᠤ ᠬᠥᠭᠵᠢᠮ᠎ᠤᠨ ᠤᠯᠠᠷᠢᠯ᠎ᠳᠤ ᠳᠠᠭᠤᠤ ᠪᠦᠵᠢᠭ ᠤᠷᠠᠨ ᠰᠠᠶ᠋ᠢᠬᠠᠨ᠎ᠤ ᠲᠤᠭᠯᠠᠯᠲᠠ᠂ ᠤᠮᠠᠷᠠᠲᠤ ᠲᠤᠶ᠋ᠢᠯ᠎ᠤᠨ ᠴᠢᠨ᠋ᠸ᠎ᠠ ᠵᠢᠨ ᠦᠵᠡᠭᠦᠯᠭᠡ ᠵᠢᠴᠢ ᠥᠪᠣᠷ ᠮᠣᠩᠭᠤᠯ᠎ᠤᠨ ᠬᠠᠮᠤᠭ᠎ᠤᠨ ᠣᠷᠲᠤ ᠮᠥᠰᠥ ᠴᠠᠰᠤᠨ᠎ᠤ ᠭᠤᠯᠭᠤᠭᠤᠷ ᠱᠠᠲᠤ ᠵᠡᠷᠭᠡ ᠲᠦᠷᠤᠯ ᠵᠦᠢ᠍ᠯ᠎ᠢ ᠪᠠᠭᠲᠠᠭ᠋ᠠᠵᠤ᠂ ᠡᠪᠦᠯ᠎ᠤᠨ ᠤᠯᠠᠷᠢᠯ᠎ᠤᠨ ᠠᠮᠢᠲᠠᠨ᠎ᠤ ᠬᠦᠷᠢᠶᠡᠯᠠᠩ᠎ᠤᠨ ᠥᠪᠡᠷᠮᠢᠴᠠ ᠣᠨᠴᠠᠯᠢᠭ᠎ᠲᠠᠢ᠂ ᠰᠣᠨᠢᠷᠬᠠᠯᠲᠠᠢ ᠰᠢᠨ᠎ᠡ ᠣᠶ᠋ᠢᠯᠭ᠋ᠠᠯᠲᠠ ᠵᠢ ᠪᠠᠶᠠᠴᠢᠯᠠᠨ ᠣᠶ᠋ᠢᠯᠠᠭ᠋ᠠᠭᠤᠯᠵᠤ᠂ ᠡᠪᠦᠯ᠎ᠤᠨ ᠤᠯᠠᠷᠢᠯ᠎ᠤᠨ ᠰᠣᠶᠣᠯ ᠵᠢᠭᠤᠯᠴᠢᠯᠡᠯ᠎ᠤᠨ ᠵᠠᠬ᠎ᠠ ᠳᠡᠯᠭᠡᠭᠦᠷ᠎ᠤᠨ ᠰᠢᠨ᠎ᠡ ᠠᠮᠢᠵᠢᠷᠡᠯ᠎ᠤᠨ ᠬᠦᠴᠣᠨ᠎ᠢ ᠬᠥᠭᠵᠢᠭᠡᠵᠦ ᠪᠠᠶ᠋ᠢᠨ᠎ᠠ᠃
      ᠡᠨᠡ ᠡᠪᠦᠯ ᠤᠷᠳᠤᠰ ᠬᠤᠲᠠ ᠮᠥᠰᠥ ᠴᠠᠰᠤᠨ᠎ᠤ ᠵᠢᠭᠤᠯᠴᠢᠯᠠᠯ᠂ ᠮᠥᠰᠥ ᠴᠠᠰᠤᠨ᠎ᠤ ᠨᠠᠭ᠋ᠠᠳᠤᠮ᠂ ᠮᠥᠰᠣ ᠴᠠᠰᠤᠨ᠎ᠤ ᠨᠠᠶ᠋ᠢᠷ ᠵᠡᠷᠭᠡ 50 ᠭᠠᠷᠤᠢ ᠵᠦᠢ᠍ᠯ᠎ᠤᠨ ᠣᠨᠴᠠᠯᠢᠭᠲᠤ ᠰᠣᠶᠣᠯ ᠵᠢᠭᠤᠯᠴᠢᠯᠡᠯ᠎ᠤᠨ ᠠᠵᠢᠯᠯᠠᠭ᠎ᠠ ᠵᠢ ᠦᠷᠨᠢᠭᠦᠯᠬᠦ᠎ᠪᠠᠷ ᠲᠦᠯᠤᠪᠯᠡᠵᠦ᠂ ᠤᠷᠠᠨ ᠰᠠᠶ᠋ᠢᠬᠠᠨ᠎ᠤ ᠲᠤᠭᠯᠠᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠭᠡ᠂ ᠮᠥᠰᠥ ᠴᠠᠰᠤᠨ᠎ᠤ ᠲᠠᠮᠢᠷ᠎ᠤᠨ ᠬᠦᠳᠡᠯᠭᠡᠭᠡᠨ ᠵᠡᠷᠭᠡ ᠠᠭᠤᠯᠭ᠎ᠠ ᠵᠢ ᠬᠠᠮᠤᠷᠬᠤ ᠵᠢᠨ ᠬᠠᠮᠲᠤ ᠬᠤᠲᠠ ᠵᠢᠨ ᠰᠠᠶ᠋ᠢᠨ ᠳᠤᠷ᠎ᠠ ᠵᠢᠨ ᠦᠢ᠍ᠯᠠᠴᠢᠯᠡᠭᠡ᠂ ᠵᠠᠮ ᠬᠠᠷᠢᠯᠴᠠᠭ᠋ᠠᠨ᠎ᠤ ᠲᠤᠯᠠᠭ᠋ᠠᠨ ᠦᠢ᠍ᠯᠠᠴᠢᠯᠡᠭᠡ᠂ ᠦᠨ᠎ᠡ ᠬᠠᠩᠰᠢ ᠵᠢᠨ ᠪᠠᠲᠤᠯᠠᠭ᠎ᠠ ᠵᠢᠨ ᠦᠢ᠍ᠯᠡᠴᠢᠯᠡᠭᠡ ᠵᠢ ᠬᠠᠩᠭ᠋ᠠᠵᠤ᠂ ᠳᠥᠷᠪᠡᠨ ᠵᠦᠭ ᠨᠠᠢ᠍ᠮᠠᠨ ᠵᠣᠪᠬᠢᠰ᠎ᠠᠴᠠ ᠢᠷᠡᠭᠰᠡᠨ ᠵᠣᠴᠢᠳ᠎ᠢ ᠪᠠᠶᠠᠷᠯᠠᠨ ᠤᠭᠲᠣᠵᠤ᠂ ᠤᠷᠳᠤᠰ᠎ᠤᠨ ᠡᠪᠦᠯ᠎ᠤᠨ ᠤᠯᠠᠷᠢᠯ᠎ᠤᠨ ᠵᠢᠭᠤᠯᠴᠢᠯᠡᠯ᠎ᠤᠨ ᠥᠪᠡᠳᠡᠭᠰᠢ ᠨᠠᠶ᠋ᠢᠷ᠎ᠢ ᠲᠠ ᠨᠠᠷ᠎ᠲᠤ ᠪᠡᠶᠡᠴᠢᠯᠡᠨ ᠣᠶ᠋ᠢᠯᠠᠭ᠋ᠠᠭᠤᠯᠬᠤ᠎ᠪᠠᠷ ᠪᠡᠯᠡᠭᠡᠨ ᠪᠠᠶ᠋ᠢᠨ᠎ᠠ᠃

ᠢᠷᠡᠯᠲᠡ᠄ ᠤᠷᠲᠤᠰ ᠬᠤᠲᠠ ᠵᠢᠨ ᠵᠠᠰᠠᠭ᠎ᠤᠨ ᠤᠷᠲᠤᠨ
          
ᠬᠠᠮᠢᠶ᠎ᠡ ᠪᠦᠬᠦᠢ ᠰᠣᠨᠢᠨ
ᠡᠵᠡᠨ ᠬᠤᠷᠤᠭ᠎ᠠ ᠬᠤᠰᠢᠭᠤ ᠳᠠᠬᠢᠠ 《ᠬᠠᠮᠤᠭ᠎ᠤᠨ ᠵᠣᠯ ᠵᠢᠷᠭ᠋ᠠᠯᠲᠤ ᠲᠥᠷᠥᠭᠳᠡᠯ᠎ᠲᠠᠢ ᠬᠤᠲᠠ》᠎ᠪᠠᠷ ᠦᠨᠡᠯᠡᠭᠳᠡᠯ᠎ᠡ
ᠡᠯᠡᠰᠦᠨ ᠪᠠᠯᠭ᠋ᠠᠰᠤ ᠤᠮᠠᠷᠠᠲᠤ ᠬᠢᠯᠢ ᠵᠢᠨ ᠰᠣᠶᠣᠯ᠎ᠢ ᠪᠠᠳᠠᠷᠠᠭᠤᠯᠵᠤ ᠦᠨᠳᠦᠰᠦᠲᠡᠨ᠎ᠤ ᠰᠣᠶᠣᠯ᠎ᠤᠨ ᠬᠥᠭᠵᠢᠯᠲᠡ ᠵᠢ ᠠᠬᠢᠭᠤᠯᠵᠤ ᠪᠠᠢ᠌ᠨ᠎ᠠ
ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯ ᠬᠢᠭᠡᠳ ᠬᠥᠭᠵᠢᠯᠲᠡ ᠵᠢᠨ ᠶᠠᠷᠢᠶᠠᠨ᠎ᠤ ᠳᠠᠪᠴᠠᠩ ᠠᠮᠵᠢᠯᠲᠠᠲᠠᠢ ᠶᠠᠪᠤᠭᠳᠠᠪᠠ
2024 ᠣᠷᠳᠣᠰ᠎ᠤᠨ ᠣᠶᠤᠨᠴᠢ ᠰᠦᠯᠵᠢᠶᠡᠨ᠎ᠤ ᠬᠤᠯᠪᠣᠭ᠋ᠠᠨ᠎ᠤ ᠠᠵᠤ ᠦᠢ᠍ᠯᠡᠰ᠎ᠤᠨ ᠠᠮᠢ ᠠᠬᠤᠢ ᠵᠢᠨ ᠬᠤᠷᠠᠯ ᠵᠢᠴᠢ ᠣᠷᠳᠣᠰ ᠬᠤᠲᠠ ᠵᠢᠨ 《ᠲᠡᠷᠭᠡ ᠵᠠᠮ ᠡᠭᠦᠯᠡᠨ ᠪᠣᠳᠣᠯᠲᠠ ᠵᠢ ᠨᠢᠭᠡ ᠴᠣᠭᠴᠠᠵᠢᠭᠤᠯᠬᠤ》 ᠬᠡᠷᠡᠭᠯᠡᠭᠡᠨ᠎ᠤ ᠲᠤᠷᠰᠢᠯᠲᠠ ᠵᠢᠨ ᠴᠡᠭ᠎ᠢ ᠠᠬᠢᠭᠤᠯᠬᠤ ᠬᠤᠷᠠᠯ ᠬᠤᠷᠠᠯᠳᠤᠪᠠ
《ᠤᠶᠠᠩᠭ᠎ᠠ ᠴᠠᠯᠭᠢᠯᠠᠭᠰᠠᠨ ᠤᠮᠠᠷᠠᠲᠤ ᠬᠢᠯᠢ ᠪᠠᠶᠠᠷ ᠪᠢᠯᠬᠠᠭᠰᠠᠨ ᠲᠦᠩᠯᠢᠶᠣᠣ》 ᠬᠡᠮᠡᠬᠦ ᠲᠦᠩᠯᠢᠶᠣᠣ ᠬᠣᠲᠠ ᠵᠢᠨ ᠳᠥᠷᠪᠡᠳᠦᠭᠡᠷ ᠬᠤᠭᠤᠴᠠᠭ᠋ᠠᠨ᠎ᠤ ᠳᠤᠮᠳᠠᠳᠤ ᠵᠢᠨ ᠰᠢᠯᠦᠭ ᠳᠠᠭᠤᠯᠠᠯ᠎ᠤᠨ ᠶᠡᠬᠡ ᠬᠤᠷᠠᠯ ᠬᠣᠢ᠌ᠲᠤ ᠬᠣᠰᠢᠭᠤᠨ᠎ᠳᠤ ᠶᠠᠪᠤᠭᠳᠠᠪᠠ
 
            