ᠴᠤᠭᠯᠠᠷᠠᠪᠠᠯ ᠲᠦᠯᠦ ᠪᠣᠯᠣᠨ ᠠᠰᠠᠨ᠎ᠠ᠂ ᠲᠠᠷᠬᠠᠪᠠᠯ ᠤᠳᠤ ᠪᠣᠯᠣᠨ ᠭᠢᠯᠠᠯᠵᠠᠨ᠎ᠠ ᠁ 《ᠬᠢᠵᠠᠭ᠋ᠠᠷᠲᠤ ᠭᠢᠯᠠᠯᠵᠠᠭᠰᠠᠨ ᠣᠳᠣᠳ》 ᠵᠦᠴᠦᠭᠡ ᠵᠢᠨ ᠦᠭᠡ ᠦᠵᠡᠭᠴᠢᠳ᠎ᠤᠨ ᠣᠮᠤᠭ ᠵᠣᠷᠢᠭ᠎ᠢ ᠬᠥᠪᠴᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭ᠋ᠠᠨᠮᠥ᠋ᠴᠢᠷ ᠲᠦᠷᠦᠭᠦᠬᠡᠨ ᠥᠪᠥᠷ ᠮᠣᠩᠭᠤᠯ᠎ᠤᠨ ᠤᠯᠠᠨ ᠲᠦᠮᠡᠨ᠎ᠤ ᠤᠷᠠᠯᠢᠭ᠎ᠤᠨ ᠣᠷᠳᠣᠨ᠎ᠳᠤ ᠥᠪᠡᠷ᠎ᠤᠨ ᠵᠣᠬᠢᠶᠠᠨ ᠪᠦᠲᠦᠭᠡᠭᠰᠡᠨ ᠳᠠᠭᠤᠤ ᠬᠥᠭᠵᠢᠮᠲᠦ ᠵᠦᠴᠦᠭᠡ 《ᠬᠢᠵᠠᠭ᠋ᠠᠷᠲᠤ ᠭᠢᠯᠠᠯᠵᠠᠭᠰᠠᠨ ᠣᠳᠣᠳ》᠎ᠢ ᠠᠩᠬ᠎ᠠ ᠲᠣᠭᠯᠠᠵᠤ᠂ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》᠎ᠤᠨ ᠵᠣᠷᠢᠭ ᠰᠠᠨᠠᠭ᠎ᠠ ᠵᠢ ᠳᠠᠬᠢᠨᠲᠠ ᠣᠯᠠᠨ᠎ᠠ ᠳᠠᠭᠤᠷᠢᠰᠬᠠᠪᠠ᠃
2023 ᠣᠨ᠎ᠳᠤ ᠪᠦᠭᠦ ᠣᠷᠣᠨ᠎ᠤ ᠤᠯᠠᠭ᠋ᠠᠨᠮᠥ᠋ᠴᠢᠷ 《ᠤᠯᠠᠭ᠋ᠠᠨᠮᠥ᠋ᠴᠢᠷ ᠬᠢᠯᠢ ᠬᠢᠵᠠᠭ᠋ᠠᠷᠲᠤ ᠭᠦᠨᠵᠡᠭᠡᠶ᠋ᠢᠷᠡᠬᠦ》 ᠭᠤᠣᠯ ᠰᠡᠳᠦᠪᠲᠦ ᠲᠣᠬᠤᠨᠢᠭᠤᠯᠬᠤ ᠲᠣᠬᠯᠠᠯᠲᠠ ᠵᠢᠴᠢ ᠬᠠᠮᠲᠤᠷᠠᠯᠴᠠᠵᠤ ᠬᠠᠮᠲᠤ᠎ᠪᠠᠷ ᠪᠠᠶ᠋ᠢᠭᠤᠯᠬᠤ᠂ ᠵᠣᠬᠢᠶᠠᠨ ᠪᠦᠲᠦᠭᠡᠯᠭᠡ ᠵᠢᠨ ᠮᠠᠲ᠋ᠧᠷᠢᠶᠠᠯ ᠴᠤᠭᠯᠠᠭᠤᠯᠬᠤ ᠠᠵᠢᠯᠯᠠᠭ᠎ᠠ ᠥᠷᠨᠢᠭᠦᠯᠦᠭᠰᠡᠨᠢ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭ᠋ᠠᠨᠮᠥ᠋ᠴᠢᠷ ᠵᠣᠬᠢᠶᠠᠨ ᠪᠦᠲᠦᠭᠡᠯᠭᠡ ᠵᠢᠨ ᠪᠣᠷᠣ ᠮᠠᠲ᠋ᠧᠷᠢᠶᠠᠯ ᠵᠶ᠋ᠠᠨ ᠪᠤᠯᠭ᠋ᠠᠵᠤ᠂ ᠳᠠᠭᠤᠤ ᠬᠥᠭᠵᠢᠮᠲᠦ ᠵᠦᠴᠦᠭᠡ 《ᠬᠢᠵᠠᠭ᠋ᠠᠷᠲᠤ ᠭᠢᠯᠠᠯᠵᠠᠭᠰᠠᠨ ᠣᠳᠣᠳ》᠎ᠢ ᠵᠣᠬᠢᠶᠠᠨ ᠪᠦᠲᠦᠭᠡᠭᠰᠡᠨ ᠪᠠᠶ᠋ᠢᠨ᠎ᠠ᠃ ᠲᠣᠬᠯᠠᠯᠲᠠ᠎ᠳᠤ ᠤᠯᠠᠭ᠋ᠠᠨᠮᠥ᠋ᠴᠢᠷ᠎ᠤᠨ ᠠᠬᠠᠮᠠᠳ᠂ ᠢᠳᠡᠷ᠂ ᠵᠠᠯᠠᠭᠤ ᠭᠤᠷᠪᠠᠨ ᠦᠶ᠎ᠡ ᠵᠢᠨ ᠭᠡᠰᠢᠭᠦᠳ᠎ᠤᠨ ᠠᠳᠠᠯᠢ ᠪᠤᠰᠤ ᠰᠡᠳᠬᠢᠯ᠎ᠤᠨ ᠥᠩᠭᠡᠷᠡᠯᠲᠡ ᠵᠢ ᠲᠣᠭ᠋ᠠᠴᠢᠨ᠂ ᠤᠯᠠᠭ᠋ᠠᠨᠮᠥ᠋ᠴᠢᠷ᠎ᠤᠨ ᠴᠠᠭ ᠦᠶ᠎ᠡ ᠵᠢ᠎ᠲᠠᠭᠠᠨ ᠪᠦᠭᠦ ᠲᠠᠯ᠎ᠠ᠎ᠪᠠᠷ ᠤᠷᠤᠭᠰᠢᠯᠠᠵᠤ᠂ ᠵᠣᠷᠢᠭᠲᠠᠢ᠎ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠠᠷᠢᠭᠤᠴᠠᠯᠭ᠋ᠠᠲᠤ ᠰᠡᠳᠬᠢᠯᠭᠡ ᠵᠢ ᠢᠯᠡᠷᠡᠭᠦᠯᠬᠦ ᠵᠢᠨ ᠬᠠᠮᠲᠤ᠂ ᠤᠯᠠᠭ᠋ᠠᠨᠮᠥ᠋ᠴᠢᠷ᠎ᠤᠨ ᠭᠡᠰᠢᠭᠦᠳ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠤᠷᠮᠠᠰᠢᠭᠤᠯᠤᠨ ᠵᠣᠷᠢᠭᠵᠢᠭᠤᠯᠵᠤ ᠬᠢᠯᠢ ᠬᠢᠵᠠᠭ᠋ᠠᠷ᠎ᠢ ᠪᠠᠬᠢᠵᠢᠭᠦᠯᠦᠨ ᠬᠢᠯᠢ ᠬᠢᠵᠠᠭ᠋ᠠᠷ᠎ᠢ ᠬᠥᠭᠵᠢᠭᠦᠯᠵᠦ ᠬᠢᠯᠢ ᠬᠢᠵᠠᠭ᠋ᠠᠷ᠎ᠢ ᠬᠦᠴᠦᠷᠬᠡᠭᠵᠢᠭᠦᠯᠬᠦ ᠳᠤᠮᠳᠠᠬᠢ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》᠎ᠤᠨ ᠦᠢ᠍ᠯᠡᠳᠦᠯ᠎ᠢ ᠭᠦᠨᠵᠡᠭᠡᠢ ᠠᠭᠤᠳᠠᠯᠵᠤ᠂ ᠥᠪᠥᠷ ᠮᠣᠩᠭᠤᠯ᠎ᠤᠨ ᠴᠡᠷᠢᠭ ᠠᠷᠠᠳ ᠬᠠᠮᠲᠤ᠎ᠪᠠᠷ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠴᠣᠭᠴᠠᠯᠠᠨ᠂ ᠬᠢᠯᠢ ᠬᠢᠵᠠᠭ᠋ᠠᠷ᠎ᠤᠨ ᠬᠥᠭᠵᠢᠯ ᠴᠡᠴᠡᠭᠯᠡᠯ᠎ᠢ ᠰᠠᠬᠢᠨ ᠪᠠᠷᠠᠯᠠᠭᠰᠠᠨ ᠦᠯᠢᠭᠡᠷ᠎ᠢ ᠤᠷᠠᠯᠢᠭ ᠵᠶ᠋ᠠᠷ ᠢᠯᠡᠷᠡᠭᠦᠯᠵᠡᠢ᠃
《ᠲᠤᠰ ᠵᠦᠴᠦᠭᠡ ᠵᠢ ᠪᠢᠳᠡ ᠵᠥᠪᠭᠡᠨ ᠰᠢᠭᠤᠳ ᠬᠠᠷᠢᠶ᠎ᠠ ᠤᠯᠠᠭ᠋ᠠᠨᠮᠥ᠋ᠴᠢᠷ᠎ᠲᠤ ᠵᠣᠷᠢᠭᠤᠯᠵᠤ ᠵᠣᠬᠢᠶᠠᠨ ᠪᠦᠲᠦᠭᠡᠭᠰᠡᠨ ᠪᠢᠰᠢ᠂ ᠡᠭᠦᠨ ᠵᠶ᠋ᠠᠷ ᠲᠠᠮᠵᠢᠨ ᠪᠦᠭᠦ ᠣᠷᠣᠨ᠎ᠤ ᠤᠯᠠᠭ᠋ᠠᠨᠮᠥ᠋ᠴᠢᠷ᠎ᠲᠤ ᠬᠦᠨᠳᠦᠳᠬᠡᠯ ᠳᠡᠪᠰᠢᠭᠦᠯᠵᠦ᠂ 8000 ᠭᠠᠷᠤᠢ ᠭᠠᠵᠠᠷ᠎ᠤᠨ ᠬᠢᠯᠢ ᠵᠢᠨ ᠬᠠᠮᠠᠭ᠋ᠠᠯᠠᠯᠲᠠ ᠵᠢᠨ ᠲᠥᠯᠥᠭᠡ ᠬᠦᠴᠦᠨ ᠵᠢᠳᠬᠦᠯ ᠵᠶ᠋ᠠᠨ ᠦᠵᠡᠭᠦᠯᠦᠭᠰᠡᠨ ᠪᠠᠭ᠋ᠠᠲᠤᠷᠴᠤᠳ᠎ᠲᠤ ᠬᠦᠨᠳᠦᠳᠬᠡᠯ ᠳᠡᠪᠰᠢᠭᠦᠯᠵᠦ ᠪᠠᠶ᠋ᠢᠭ᠎ᠠ ᠶᠤᠮ᠃ ᠶᠠᠭ ᠵᠦᠴᠦᠭᠡ᠎ᠳᠤ ᠬᠡᠯᠡᠭᠰᠡᠨᠴᠢᠯᠡᠨ 〈ᠲᠤᠭ᠎ᠢ ᠡᠷᠭᠦᠵᠦ ᠳᠡᠶ᠋ᠢᠯᠭᠦ ᠡᠰᠡᠬᠦ ᠪᠣᠯ ᠴᠢᠳᠠᠪᠤᠷᠢ ᠵᠢᠨ ᠠᠰᠠᠭᠤᠳᠠᠯ᠂ ᠡᠷᠭᠦᠬᠦ ᠵᠣᠷᠢᠭ ᠪᠠᠶ᠋ᠢᠬᠤ ᠡᠰᠡᠬᠦ ᠪᠣᠯ ᠢᠲᠡᠭᠡᠯ ᠪᠢᠰᠢᠷᠡᠯ᠎ᠤᠨ ᠠᠰᠠᠭᠤᠳᠠᠯ ᠮᠥᠨ〉 ᠭᠡᠬᠦ ᠦᠭᠡ ᠪᠣᠯ ᠪᠦᠭᠦ ᠣᠷᠣᠨ᠎ᠤ ᠤᠯᠠᠭ᠋ᠠᠨᠮᠥ᠋ᠴᠢᠷ ᠤᠨ ᠡᠬᠡ ᠤᠯᠤᠰ᠂ ᠨᠠᠮ ᠪᠠ ᠠᠷᠠᠳ ᠲᠦᠮᠡᠨ᠎ᠳᠡᠭᠡᠨ ᠣᠪᠣᠷ ᠵᠶ᠋ᠠᠨ ᠢᠯᠡᠳᠬᠡᠭᠰᠡᠨ ᠦᠭᠡ ᠪᠤᠯᠬᠤ ᠶᠤᠮ》 ᠭᠡᠵᠦ ᠲᠤᠰ ᠵᠦᠴᠦᠭᠡ ᠵᠢᠨ ᠶᠡᠷᠦᠩᠬᠡᠢ ᠤᠳᠤᠷᠢᠳᠤᠭ᠋ᠠᠴᠢ ᠵᠤᠤ ᠭᠠᠩ ᠤᠴᠢᠷᠯᠠᠨ᠎ᠠ᠃