ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠰᠢ ᠵᠢᠨ ᠫᠢᠩ ᠰᠷᠢ ᠯᠠᠨᠺᠠ ᠵᠢᠨ ᠶᠡᠷᠦᠩᠬᠡᠢ ᠰᠠᠶ᠋ᠢᠳ ᠭᠦᠨᠠᠸᠠᠳᠧᠨᠠ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2024-10-24

     4 ᠰᠠᠷ᠎ᠠ ᠵᠢᠨ 23᠎ᠤ 《ᠳᠡᠯᠡᠬᠡᠢ ᠵᠢᠨ ᠨᠣᠮ ᠤᠩᠰᠢᠬᠤ ᠡᠳᠦᠷ》 ᠬᠦᠷᠴᠦ ᠢᠷᠡᠬᠦ ᠲᠠᠰᠢᠷᠠᠮ ᠵᠢᠡᠷ᠂ ᠲᠦᠩᠯᠢᠶᠣᠣ ᠬᠣᠲᠠ ᠵᠢᠨ ᠵᠠᠯᠠᠭᠤᠴᠤᠳ ᠪᠠᠭ᠋ᠠᠴᠤᠳ᠎ᠤᠨ ᠣᠷᠳᠣᠨ 《ᠨᠣᠮ ᠪᠢᠴᠢᠭ ᠲᠠᠨ᠎ᠤ ᠦᠰᠦᠨ ᠪᠤᠶ᠋ᠢᠵᠢᠯᠲᠠ᠎ᠳᠤ ᠬᠠᠨᠢ ᠪᠣᠯᠵᠤ ᠤᠶᠤᠨ ᠪᠢᠯᠢᠭ᠎ᠤᠨ ᠭᠡᠷᠡᠯ ᠭᠢᠯᠪᠠᠭ᠎ᠠ ᠵᠢ ᠰᠠᠴᠤᠷᠠᠭᠤᠯᠤᠮᠤᠢ》 ᠭᠡᠬᠦ ᠵᠠᠯᠠᠭᠤᠴᠤᠳ ᠪᠠᠭ᠋ᠠᠴᠤᠳ᠎ᠤᠨ ᠨᠣᠮ ᠤᠩᠰᠢᠯᠭ᠎ᠠ ᠵᠢᠨ ᠠᠵᠢᠯᠯᠠᠭ᠎ᠠ ᠶᠠᠪᠤᠭᠳᠠᠭᠤᠯᠪᠠ᠃    
      ᠵᠠᠯᠠᠭᠤᠴᠤᠳ ᠪᠠᠭ᠋ᠠᠴᠤᠳ᠎ᠤᠨ ᠤᠩᠰᠢᠯᠭ᠎ᠠ ᠵᠢᠨ ᠤᠷᠮ᠎ᠠ ᠪᠠᠬ᠎ᠠ ᠪᠠ ᠤᠩᠰᠢᠯᠭ᠎ᠠ ᠵᠢᠨ ᠤᠷᠮ᠎ᠠ ᠵᠣᠷᠢᠭ᠎ᠢ ᠤᠯᠠᠮ ᠨᠢᠭᠡ ᠠᠯᠬᠤᠮ ᠬᠥᠭᠵᠢᠭᠡᠨ ᠳᠠᠶ᠋ᠢᠴᠢᠯᠠᠵᠤ᠂ ᠮᠡᠳᠡᠯᠭᠡ᠎ᠪᠠᠨ ᠪᠠᠶᠠᠯᠢᠭᠵᠢᠭᠤᠯᠤᠨ᠂ ᠬᠠᠷᠠᠭ᠎ᠠ᠎ᠪᠠᠨ ᠥᠷᠭᠡᠳᠬᠡᠵᠦ᠂ ᠣᠶᠤᠨ ᠤᠬᠠᠭ᠋ᠠᠨ ᠵᠶ᠋ᠠᠨ ᠰᠡᠬᠡᠭᠡᠷᠡᠭᠦᠯᠦᠨ᠂ ᠨᠣᠮ ᠤᠩᠰᠢᠬᠤ ᠬᠠᠪᠤ ᠴᠡᠩᠭᠡᠯ᠎ᠢ ᠡᠳ᠋ᠯᠡᠬᠦ ᠵᠢᠨ ᠲ᠋ᠥᠯᠥᠭᠡ᠂ ᠥᠷᠭᠡᠨ ᠣᠯᠠᠨ ᠵᠠᠯᠠᠭᠤᠴᠤᠳ ᠪᠠᠭ᠋ᠠᠴᠤᠳ᠎ᠤᠨ ᠨᠣᠮ ᠤᠩᠰᠢᠬᠤ ᠤᠷᠮ᠎ᠠ ᠪᠠᠬ᠎ᠠ᠎ᠪᠠᠨ ᠢᠯᠡᠷᠡᠭᠦᠯᠵᠦ᠂ ᠤᠩᠰᠢᠯᠭ᠎ᠠ ᠵᠢᠨ ᠳᠠᠳᠬᠠᠯ ᠵᠶ᠋ᠠᠨ ᠬ᠋ᠥᠮᠥᠵᠢᠭᠦᠯᠬᠦ ᠵᠢ ᠵᠣᠷᠢᠭᠵᠢᠭᠤᠯᠬᠤ ᠵᠢᠨ ᠲᠥᠯᠥᠭᠡ ᠶᠤᠮ᠃ ᠲᠦᠩᠯᠢᠶᠣᠣ ᠬᠤᠲᠠ ᠵᠢᠨ ᠵᠠᠯᠠᠭᠤᠴᠤᠳ ᠪᠠᠭ᠋ᠠᠴᠤᠳ᠎ᠤᠨ ᠣᠷᠳᠣᠨ᠎ᠳᠤ 《ᠨᠣᠮ ᠪᠢᠴᠢᠭ ᠲᠠᠨ᠎ᠤ ᠦᠰᠦᠨ ᠪᠤᠶ᠋ᠢᠵᠢᠯᠲᠠ᠎ᠳᠤ ᠬᠠᠨᠢ ᠪᠣᠯᠵᠤ ᠤᠶᠤᠨ ᠪᠢᠯᠢᠭ᠎ᠤᠨ ᠭᠡᠷᠡᠯ ᠭᠢᠯᠪᠠᠭ᠎ᠠ ᠵᠢ ᠰᠠᠴᠤᠷᠠᠭᠤᠯᠤᠮᠤᠢ》 ᠭᠡᠬᠦ ᠵᠠᠯᠠᠭᠤᠴᠤᠳ ᠪᠠᠭ᠋ᠠᠴᠤᠳ᠎ᠤᠨ ᠨᠣᠮ ᠤᠩᠰᠢᠬᠤ ᠵᠢ ᠬᠠᠮᠲᠤ᠎ᠪᠠᠷ ᠡᠳ᠋ᠯᠡᠬᠦ ᠴᠤᠭᠯᠠᠭ᠋ᠠᠨ᠎ᠤ ᠠᠵᠢᠯᠯᠠᠭ᠎ᠠ ᠵᠢ ᠥᠷᠨᠢᠭᠦᠯᠵᠡᠢ᠃  
      ᠠᠵᠢᠯᠯᠠᠭ᠎ᠠ ᠵᠢᠨ ᠳᠤᠮᠳᠠ ᠳᠠᠭ᠋ᠠᠭᠤᠯᠤᠨ ᠤᠩᠰᠢᠬ᠍ᠴᠢ᠎ᠠᠴᠠ ᠬᠡᠦᠬᠡᠳ᠎ᠤᠳ᠎ᠲᠤ 《ᠬᠢᠴᠢᠶᠡᠯ᠎ᠤᠨ ᠳᠡᠪᠲᠡᠷ᠎ᠤᠨ ᠳᠠᠭ᠋ᠠᠤ ᠵᠤᠭ᠋ᠠᠴᠠᠮᠤᠢ》 ᠭᠡᠬᠦ ᠨᠣᠮ᠎ᠢ ᠬᠤᠪᠢᠶᠠᠯᠴᠠᠵᠤ᠂ ᠨᠣᠮ᠎ᠤᠨ ᠠᠷᠤ ᠦᠵᠡᠭᠳᠡᠯ᠂ ᠵᠣᠬᠢᠶᠠᠭᠴᠢ ᠵᠢᠨ ᠲᠣᠪᠴᠢ ᠲᠠᠨᠢᠯᠴᠠᠭᠤᠯᠭ᠎ᠠ᠂ ᠭᠡᠷᠡᠯ ᠵᠢᠷᠤᠭ᠎ᠢ ᠳᠠᠳᠠᠨ ᠣᠷᠣᠭᠤᠯᠬᠤ ᠵᠡᠷᠭᠡ ᠤᠯᠠᠨ ᠲᠠᠯ᠎ᠠ᠎ᠠᠴᠠ ᠬ᠋ᠡᠦᠬᠡᠳ᠎ᠤᠳ᠎ᠲᠤ ᠨᠣᠮ ᠪᠢᠴᠢᠭ᠎ᠢ ᠲᠠᠨᠢᠯᠴᠠᠭᠤᠯᠵᠤ ᠥᠭᠴᠡᠢ᠃    
      ᠠᠵᠢᠯᠯᠠᠭ᠎ᠠ᠎ᠳᠤ ᠬᠡᠦᠬᠡᠳ᠎ᠤᠳ ᠢᠳᠡᠪᠬᠢᠲᠡᠢ᠎ᠪᠠᠷ ᠶᠠᠷᠢᠯᠴᠠᠬᠤ ᠪᠠ ᠬᠠᠷᠢᠯᠴᠠᠨ ᠬᠥᠳᠡᠯᠦᠯᠴᠡᠵᠦ᠂ ᠥᠪᠡᠷ᠎ᠤᠨ ᠪᠡᠶ᠎ᠡ᠎ᠪᠠᠨ ᠲᠠᠨᠢᠯᠴᠠᠭᠤᠯᠬᠤ ᠪᠤᠶᠤ ᠨᠣᠮ ᠰᠣᠨᠣᠰᠤᠭᠰᠠᠨ ᠣᠯᠣᠯᠲᠠ ᠲᠥᠷᠥᠭᠳᠡᠯ ᠵᠢᠡᠨ ᠬᠤᠪᠢᠶᠠᠯᠴᠠᠪᠠ᠃   ᠤᠩᠰᠢᠯᠭ᠎ᠠ ᠵᠢᠨ ᠴᠠᠭ ᠪᠤᠯᠬᠤ᠎ᠳᠤ᠂ ᠬᠡᠦᠬᠡᠳ᠎ᠤᠳ ᠨᠠᠮ ᠵᠢᠮ ᠵᠶ᠋ᠡᠷ ᠨᠣᠮ ᠤᠩᠰᠢᠬᠤ ᠪᠤᠶᠤ ᠲ᠋ᠡᠷᠭᠡᠳᠡᠬᠢ ᠨᠥᠬᠥᠳ᠎ᠲᠠᠢ᠎ᠪᠠᠨ ᠨᠠᠮ ᠳᠠᠭᠤᠨ ᠵᠶ᠋ᠠᠷ ᠶᠠᠷᠢᠯᠴᠠᠵᠤ᠂ ᠲᠤᠰ ᠨᠣᠮ᠎ᠠᠴᠠ ᠣᠯᠣᠭᠰᠠᠨ ᠮᠡᠳᠡᠯᠭᠡ ᠪᠠ ᠶᠣᠰᠣ ᠤᠴᠢᠷ ᠵᠶ᠋ᠠᠨ ᠬᠤᠪᠢᠶᠠᠯᠴᠠᠵᠤ ᠪᠠᠢ᠌ᠯ᠎ᠠ᠃   ᠠᠰᠠᠭᠤᠯᠲᠠ ᠠᠰᠠᠭᠤᠬᠤ ᠴᠠᠭ ᠪᠤᠯᠬᠤ᠎ᠳᠤ᠂ ᠬᠡᠦᠬᠡᠳ᠎ᠤᠳ ᠢᠳᠡᠪᠬᠢᠲᠡᠢ᠎ᠪᠠᠷ ᠭᠠᠷ ᠡᠷᠭᠦᠨ ᠥᠪᠡᠷ᠎ᠤᠨ ᠳᠤᠷᠠᠲᠠᠢ ᠨᠢᠭᠡ ᠪᠠᠳᠠᠭ ᠦᠭᠡ᠎ᠪᠠᠨ ᠰᠣᠩᠭᠣᠵᠤ᠂ ᠨᠣᠮ ᠤᠩᠰᠢᠭᠰᠠᠨ ᠣᠯᠣᠯᠲᠠ ᠲᠥᠷᠥᠭᠳᠡᠯ ᠵᠶ᠋ᠡᠨ ᠶᠠᠷᠢᠵᠤ᠂ ᠤᠩᠰᠢᠯᠭ᠎ᠠ ᠵᠢᠨ ᠠᠷᠭ᠎ᠠ᠎ᠪᠠᠨ ᠬᠤᠪᠢᠶᠠᠯᠴᠠᠵᠤ᠂ ᠨᠣᠮ ᠤᠩᠰᠢᠬᠤ ᠶᠠᠪᠤᠴᠠ᠎ᠳᠤ ᠥᠪᠡᠷ᠎ᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠭᠦ ᠲᠠᠯᠠᠪᠠᠢ ᠵᠢᠨ ᠠᠭᠤᠷ ᠠᠮᠢᠰᠬᠤᠯ ᠡᠮᠬᠢ ᠳᠢᠭᠯᠢᠮ᠎ᠲᠠᠢ ᠪᠥᠭᠡᠳ ᠭᠦᠷ ᠬᠥᠭᠵᠢᠶᠡᠨ᠎ᠲᠠᠢ ᠪᠠᠢ᠌ᠯ᠎ᠠ᠃    
      ᠤᠩᠰᠢᠯᠭ᠎ᠠ ᠵᠢᠨ ᠠᠵᠢᠯᠯᠠᠭ᠎ᠠ ᠲᠡᠭᠦᠰᠦᠭᠰᠡᠨ᠎ᠤ ᠲᠠᠷᠠᠭ᠎ᠠ᠂ ᠬᠡᠦᠬᠡᠳ ᠪᠣᠯᠣᠨ ᠭᠡᠷ᠎ᠤᠨ ᠠᠬᠠᠮᠠᠳ ᠳᠤᠰ ᠤᠳᠠᠭ᠎ᠠ ᠵᠢᠨ ᠨᠣᠮ ᠤᠩᠰᠢᠯᠭ᠎ᠠ ᠵᠢᠨ ᠠᠵᠢᠯᠯᠠᠭ᠎ᠠ ᠵᠢ ᠥᠨᠳᠥᠷ ᠦᠨᠡᠯᠡᠵᠦ᠂ ᠠᠭᠤᠯᠭ᠎ᠠ᠎ᠨᠢ ᠭᠣᠢ᠌ᠳᠠ ᠰᠠᠢ᠌ᠬᠠᠨ᠂ ᠭᠦᠨᠵᠡᠭᠡᠢ ᠪᠥᠭᠡᠳ ᠣᠢ᠌ᠯᠠᠭ᠋ᠠᠮᠵᠢᠲᠠᠢ ᠪᠠᠢ᠌ᠵᠤ᠂ ᠤᠩᠰᠢᠭᠴᠢᠳ᠎ᠢ ᠳᠠᠭ᠋ᠠᠭᠤᠯᠤᠨ ᠵᠢᠵᠢᠭ ᠦᠯᠢᠭᠡᠷ᠎ᠤᠳ᠎ᠠᠴᠠ ᠭᠠᠷᠳᠠᠵᠦ᠂ ᠥᠷᠭᠡᠨ ᠤᠯᠠᠨ ᠵᠠᠯᠠᠭᠤᠴᠤᠳ ᠪᠠᠭ᠋ᠠᠴᠤᠳ᠎ᠲᠤ ᠠᠮᠢ ᠨᠠᠰᠤᠨ᠎ᠤ ᠡᠷᠬᠢᠮ ᠨᠠᠨᠳᠢᠨ᠎ᠢ ᠭᠦᠨᠵᠡᠭᠡᠢ ᠲᠠᠨᠢᠭᠤᠯᠵᠤ᠂ ᠣᠳᠣᠬᠢ ᠪᠠᠢ᠌ᠳᠠᠯ ᠵᠶ᠋ᠠᠨ ᠨᠠᠨᠳᠢᠩᠨᠠᠵᠤ᠂ ᠰᠡᠳᠬᠢᠯ ᠲᠠᠯᠪᠢᠨ ᠠᠮᠢᠳᠤᠷᠠᠯ᠎ᠢ ᠣᠢ᠌ᠯᠠᠭ᠋ᠠᠵᠤ᠂ ᠰᠣᠶᠣᠯ᠎ᠢ ᠮᠡᠳᠡᠷᠡᠵᠦ᠂ ᠰᠡᠳᠬᠢᠯ ᠲᠠᠯᠪᠢᠨ ᠡᠬᠡ ᠪᠠᠢ᠌ᠭ᠋ᠠᠯᠢ ᠵᠢᠨ ᠦᠵᠡᠰᠬᠦᠯᠡᠩᠲᠦ ᠰᠠᠢ᠌ᠬᠠᠨ ᠪᠠ ᠰᠣᠶᠣᠯ ᠢᠷᠭᠡᠨᠰᠢᠯ᠎ᠤᠨ ᠷᠢᠳᠢ ᠰᠢᠳᠢ ᠵᠢ ᠣᠢ᠌ᠯᠠᠭ᠋ᠠᠬᠤ ᠵᠢ ᠰᠤᠷᠭ᠋ᠠᠵᠠᠢ ᠭᠡᠵᠦ ᠢᠯᠡᠳᠬᠡᠵᠡᠭᠡᠪᠡ᠃
      ᠲᠦᠩᠯᠢᠶᠣᠣ ᠬᠤᠲᠠ ᠵᠢᠨ ᠵᠠᠯᠠᠭᠤᠴᠤᠳ ᠪᠠᠭ᠋ᠠᠴᠤᠳ᠎ᠤᠨ ᠣᠷᠳᠣᠨ᠎ᠤ᠎ᠬᠢᠨ ᠲᠤᠰ ᠤᠳᠠᠭ᠎ᠠ ᠵᠢᠨ ᠨᠣᠮ ᠤᠩᠰᠢᠯᠭ᠎ᠠ ᠵᠢᠨ ᠠᠵᠢᠯᠯᠠᠭ᠎ᠠ᠎ᠪᠠᠷ ᠠᠵᠠ ᠲᠣᠭᠢᠶᠠᠯ ᠪᠤᠯᠭ᠋ᠠᠵᠤ᠂ ᠵᠠᠯᠠᠭᠤᠴᠤᠳ ᠪᠠᠭ᠋ᠠᠴᠤᠳ᠎ᠢ 《ᠨᠣᠮ ᠤᠩᠰᠢᠬᠤ ᠳᠤᠷᠠᠲᠠᠢ᠂ ᠬᠠᠷᠢᠯᠴᠠᠨ ᠬᠤᠪᠢᠶᠠᠯᠴᠠᠬᠤ ᠳᠤᠷᠠᠲᠠᠢ᠂ ᠨᠣᠮ ᠤᠩᠰᠢᠵᠤ ᠴᠢᠳᠠᠬᠤ᠂ ᠪᠤᠰᠤᠳ᠎ᠲᠤ ᠬᠤᠪᠢᠶᠠᠯᠴᠠᠵᠤ ᠴᠢᠳᠠᠬᠤ》 ᠰᠠᠢ᠌ᠨ ᠳᠠᠳᠬᠠᠯ᠎ᠲᠠᠢ ᠪᠤᠯᠭ᠋ᠠᠵᠤ᠂ ᠨᠣᠮ ᠪᠢᠴᠢᠭ ᠵᠶ᠋ᠡᠷ ᠥᠪᠡᠷ᠎ᠢ᠎ᠪᠠᠨ ᠲᠡᠭᠦᠯᠳᠡᠷᠵᠢᠭᠦᠯᠵᠦ᠂ ᠪᠠᠭ᠎ᠠ ᠨᠠᠰᠤᠨ᠎ᠤ ᠭᠤᠸ᠎ᠠ ᠰᠠᠢ᠌ᠬᠠᠨ᠎ᠢ ᠮᠡᠳᠡᠷᠡᠭᠦᠯᠵᠦ᠂ ᠨᠣᠮ ᠤᠩᠰᠢᠬᠤ ᠪᠠᠶᠠᠷ ᠴᠡᠩᠭᠡᠯ᠎ᠢ ᠡᠳ᠋ᠯᠡᠭᠦᠯᠭᠦ᠎ᠪᠠᠷ ᠬᠥᠲᠥᠯᠥᠨ ᠳᠠᠭ᠋ᠠᠭᠤᠯᠪᠠ᠃
ᠢᠷᠡᠯᠲᠡ᠄

ᠢᠷᠡᠯᠲᠡ᠄ ᠲᠥᠩᠯᠢᠶᠣᠣ ᠮᠣᠩᠭᠣᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠤᠮᠠᠷᠠᠲᠤ ᠬᠢᠯᠢ ᠵᠢᠨ ᠤᠶᠠᠩᠭ᠎ᠠ ᠵᠢᠨ ᠲᠦᠷᠡᠯᠭᠡ ᠦᠵᠡᠰᠬᠦᠯᠡᠩᠲᠦ ᠰᠠᠢ᠌ᠬᠠᠨ ᠲᠦᠩᠯᠢᠶᠣᠣ ᠵᠢᠨ ᠡᠭᠡᠰᠢᠭ》 ᠤᠳᠬ᠎ᠠ ᠵᠣᠬᠢᠶᠠᠯ᠎ᠤᠨ ᠤᠷᠠᠨ ᠤᠩᠰᠢᠯᠭ᠎ᠠ ᠵᠢᠨ ᠴᠢᠭᠤᠯᠭ᠋ᠠᠨ ᠠᠮᠵᠢᠯᠲᠠ᠎ᠲᠠᠢ ᠶᠠᠪᠤᠭᠳᠠᠯ᠎ᠠ
ᠲᠦᠩᠯᠢᠶᠣᠣ ᠬᠣᠲᠠ ᠵᠢᠨ ᠤᠯᠠᠭ᠋ᠠᠨᠮᠥ᠋ᠴᠢᠷ ᠰᠢ ᠵᠦᠴᠦᠭᠡ ᠵᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠬᠢᠪᠡ
ᠮᠠᠨ᠎ᠤ ᠬᠤᠳᠠ ᠵᠢᠨ ᠬᠤᠶᠠᠳᠤᠭ᠋ᠠᠷ ᠬᠤᠭᠤᠴᠠᠭ᠋ᠠᠨ᠎ᠤ 《ᠮᠥᠰᠥ ᠴᠠᠰᠤᠨ᠎ᠤ ᠬᠠᠶ᠋ᠢᠷ᠎ᠠ》 ᠵᠢᠭᠤᠯᠴᠢᠯᠠᠯ᠎ᠤᠨ ᠤᠯᠠᠷᠢᠯ ᠦᠪᠡᠳᠡᠭᠰᠢ ᠶᠡᠬᠡᠪᠡᠷ ᠡᠬᠢᠯᠡᠪᠡ
ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠰᠣᠳᠣᠨ ᠪᠦᠲᠦᠭᠡᠯ ᠵᠣᠬᠢᠶᠠᠨ ᠪᠦᠲᠦᠭᠡᠬᠦ ᠶᠡᠭᠡ ᠬᠤᠷᠠᠯ ᠡᠬᠢᠯᠡᠵᠡᠢ
 
            