ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠠ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠨ᠂ 《ᠳᠤᠮᠳᠠᠳᠤ ᠵᠢᠨ ᠡᠯ᠎ᠡ ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ᠂ ᠳᠤᠮᠳᠠᠳᠤ ᠵᠢᠨ ᠬᠦᠰᠡᠯ᠎ᠢ ᠬᠠᠮᠲᠤ᠎ᠪᠠᠷ ᠳᠡᠷᠭᠡᠯᠰᠢᠯᠡᠭᠦᠯᠭᠦ》 ᠡᠷᠡᠭᠦᠯ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠤᠯᠭ᠋ᠠᠬᠤ ᠵᠢᠨ ᠲᠥᠯᠥᠭᠡ᠂ ᠮᠥᠨ ᠴᠦ᠍ 《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠪᠠᠢ᠌ᠭᠤᠯᠬᠤ ᠪᠠ ᠮᠠᠨ᠎ᠤ ᠬᠤᠳᠠ ᠵᠢᠨ ᠪᠦᠭᠦ ᠤᠯᠤᠰ᠎ᠤᠨ ᠦᠨᠳᠦᠰᠦᠲᠡᠨ᠎ᠤ ᠪᠦᠯᠬᠦᠮᠳᠡᠨ ᠳᠠᠪᠰᠢᠬᠰᠠᠨ ᠵᠢᠱ᠌ᠢᠶᠡᠴᠢ ᠬᠤᠳᠠ ᠵᠢ ᠪᠦᠲᠦᠭᠡᠨ ᠪᠠᠢ᠌ᠭᠤᠯᠬᠤ ᠠᠵᠢᠯ᠎ᠳᠤ ᠬᠦᠴᠦᠨ ᠨᠡᠮᠡᠷᠢᠯᠡᠬᠦ ᠵᠢᠨ ᠲᠥᠯᠥᠭᠡ᠂ 29 ᠳ᠋ᠦ᠍ᠭᠡᠷ ᠬᠤᠭᠤᠴᠠᠭ᠋ᠠᠨ᠎ᠤ 《ᠳᠡᠯᠡᠬᠡᠢ ᠵᠢᠨ ᠨᠣᠮ ᠤᠩᠰᠢᠬᠤ ᠡᠳᠦᠷ》 ᠬᠦᠷᠴᠦ ᠢᠷᠡᠬᠦ ᠲᠠᠰᠢᠷᠠᠮ ᠵᠢᠡᠷ᠂ ᠲᠦᠩᠯᠢᠶᠣᠣ ᠬᠤᠳᠠ ᠵᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠲᠦᠩᠯᠢᠶᠣᠣ ᠬᠤᠳᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠧᠢ᠍ᠰ ᠲᠣᠪᠴᠢᠶ᠎ᠠ᠂ ᠲᠦᠩᠯᠢᠶᠣᠣ ᠬᠤᠳᠠ ᠵᠢᠨ ᠤᠳᠬ᠎ᠠ ᠤᠷᠠᠯᠢᠭ᠎ᠤᠨ᠎ᠬᠢᠨ᠎ᠤ ᠬᠤᠯᠪᠤᠭ᠎ᠠ᠎ᠠᠴᠠ ᠭᠣᠣᠯᠯᠠᠨ ᠡᠷᠭᠢᠯᠡᠵᠤ᠂ ᠲᠦᠩᠯᠢᠶᠣᠣ ᠬᠤᠳᠠ ᠵᠢᠨ ᠨᠣᠮ᠎ᠤᠨ ᠰᠠᠩ᠂ ᠲᠦᠩᠯᠢᠶᠣᠣ ᠵᠢᠨ ᠵᠣᠬᠢᠶᠠᠯᠴᠢᠳ᠎ᠤᠨ ᠡᠪᠯᠡᠯ᠂ ᠵᠢᠷᠢᠮ᠎ᠤᠨ ᠤᠷᠠᠨ ᠵᠣᠬᠢᠶᠠᠯ ᠨᠠᠢ᠌ᠷᠠᠭᠤᠯᠬᠤ ᠬᠡᠯᠲᠡᠰ᠂ ᠲᠦᠩᠯᠢᠶᠣᠣ ᠬᠤᠳᠠ ᠵᠢᠨ ᠤᠳᠬ᠎ᠠ ᠵᠣᠬᠢᠶᠠᠯ ᠤᠷᠠᠯᠢᠭ ᠵᠣᠬᠢᠶᠠᠨ ᠪᠦᠲᠦᠭᠡᠬᠦ ᠰᠤᠳᠤᠯᠬᠤ ᠲᠥᠪ᠂ ᠲᠦᠩᠯᠢᠶᠣᠣ ᠵᠢᠨ ᠤᠳᠬ᠎ᠠ ᠵᠣᠬᠢᠶᠠᠯ᠎ᠤᠨ ᠤᠷᠠᠨ ᠤᠩᠰᠢᠯᠭ᠎ᠠ ᠵᠢᠨ ᠨᠡᠢ᠌ᠭᠡᠮᠯᠢᠭ᠎ᠠᠴᠠ ᠳᠠᠭ᠋ᠠᠭ᠋ᠠᠴᠢᠯᠠᠨ ᠡᠷᠭᠢᠯᠡᠭᠰᠡᠨ 《ᠤᠮᠠᠷᠠᠲᠤ ᠬᠢᠯᠢ ᠵᠢᠨ ᠤᠶᠠᠩᠭ᠎ᠠ ᠵᠢᠨ ᠲᠦᠷᠡᠯᠭᠡ ᠦᠵᠡᠰᠬᠦᠯᠡᠩᠲᠦ ᠰᠠᠢ᠌ᠬᠠᠨ ᠲᠦᠩᠯᠢᠶᠣᠣ ᠵᠢᠨ ᠡᠭᠡᠰᠢᠭ》 ᠤᠳᠬ᠎ᠠ ᠵᠣᠬᠢᠶᠠᠯ ᠤᠷᠠᠨ ᠤᠩᠰᠢᠯᠭ᠎ᠠ ᠵᠢᠨ ᠴᠢᠭᠤᠯᠭ᠋ᠠᠨ 2024 ᠣᠨ᠎ᠤ 4 ᠰᠠᠷ᠎ᠠ ᠵᠢᠨ 21᠎ᠤ ᠡᠳᠦᠷ᠎ᠤᠨ ᠦᠳᠡ ᠵᠢᠨ ᠡᠮᠦᠨ᠎ᠡ ᠲᠦᠩᠯᠢᠶᠣᠣ ᠬᠤᠳᠠ ᠵᠢᠨ ᠨᠣᠮ᠎ᠤᠨ ᠰᠠᠩ᠎ᠳᠤ ᠠᠮᠵᠢᠯᠲᠠ᠎ᠲᠠᠢ ᠶᠠᠪᠤᠭᠳᠠᠯ᠎ᠠ᠃
ᠲᠦᠩᠯᠢᠶᠣᠣ ᠬᠤᠳᠠ ᠵᠢᠨ ᠤᠳᠬ᠎ᠠ ᠤᠷᠠᠯᠢᠭ᠎ᠤᠨ᠎ᠬᠢᠨ᠎ᠤ ᠬᠤᠯᠪᠤᠭ᠎ᠠ ᠵᠢᠨ ᠨᠠᠮ᠎ᠤᠨ ᠳᠤᠭᠤᠢ᠌ᠯᠠᠩ᠎ᠤᠨ ᠭᠡᠰᠢᠭᠦᠨ᠂ ᠳᠡᠳ᠋ ᠲᠡᠷᠢᠭᠦᠯᠡᠭᠴᠢ ᠨᠢᠩ ᠯᠢ ᠰᠢᠨ᠂ ᠱᠠ ᠯᠢ ᠸᠧᠢ᠂ ᠲᠦᠩᠯᠢᠶᠣᠣ ᠬᠤᠳᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠧᠢ᠍ᠰ ᠲᠣᠪᠴᠢᠶ᠎ᠠ ᠵᠢᠨ ᠤᠷᠠᠯᠢᠭ᠎ᠤᠨ ᠰᠠᠯᠠᠭ᠋ᠠᠨ᠎ᠤ ᠰᠠᠯᠠᠭ᠋ᠠᠨ ᠳᠠᠷᠤᠭ᠎ᠠ ᠵᠧᠦ ᠶᠠᠩ᠂ ᠲᠦᠩᠯᠢᠶᠣᠣ ᠬᠤᠳᠠ ᠵᠢᠨ ᠨᠣᠮ᠎ᠤᠨ ᠰᠠᠩ᠎ᠤᠨ ᠳᠡᠳ᠋ ᠳᠠᠷᠤᠭ᠎ᠠ ᠭᠤᠤ ᠯᠢ ᠫᠢᠩ᠂ ᠲᠦᠩᠯᠢᠶᠣᠣ ᠵᠢᠨ ᠵᠣᠬᠢᠶᠠᠯᠴᠢᠳ᠎ᠤᠨ ᠡᠪᠯᠡᠯ᠎ᠤᠨ ᠲᠡᠷᠢᠭᠦᠯᠡᠭᠴᠢ᠂ ᠲᠦᠩᠯᠢᠶᠣᠣ ᠬᠤᠳᠠ ᠵᠢᠨ ᠤᠳᠬ᠎ᠠ ᠵᠣᠬᠢᠶᠠᠯ ᠤᠷᠠᠯᠢᠭ ᠵᠣᠬᠢᠶᠠᠨ ᠪᠦᠲᠦᠭᠡᠬᠦ ᠰᠤᠳᠤᠯᠬᠤ ᠲᠥᠪ᠎ᠤᠨ ᠡᠷᠭᠢᠯᠡᠭᠴᠢ ᠰᠢᠶᠣᠣ ᠶᠦᠡᠭ᠂ ᠵᠢᠷᠢᠮ᠎ᠤᠨ ᠤᠷᠠᠨ ᠵᠣᠬᠢᠶᠠᠯ ᠨᠠᠢ᠌ᠷᠠᠭᠤᠯᠬᠤ ᠬᠡᠯᠲᠡᠰ᠎ᠤᠨ ᠶᠡᠷᠦᠩᠬᠡᠢ ᠨᠠᠢ᠌ᠷᠠᠭᠤᠯᠤᠭᠴᠢ᠂ ᠲᠦᠩᠯᠢᠶᠣᠣ ᠵᠢᠨ ᠵᠣᠬᠢᠶᠠᠯᠴᠢᠳ᠎ᠤᠨ ᠡᠪᠯᠡᠯ᠎ᠤᠨ ᠨᠠᠮ᠎ᠤᠨ ᠡᠭᠦᠷ᠎ᠤᠨ ᠱᠦᠵᠢ᠂ ᠪᠠᠢ᠌ᠩᠭᠤ ᠵᠢᠨ ᠳᠡᠳ᠋ ᠲᠡᠷᠢᠭᠦᠯᠡᠭᠴᠢ ᠪᠠᠢ ᠵᠢᠨ ᠱᠧᠡᠭ᠂ ᠲᠦᠩᠯᠢᠶᠣᠣ ᠬᠤᠳᠠ ᠵᠢᠨ ᠬᠠᠮ ᠵᠠᠭᠤᠴᠢᠯᠠᠭᠤᠷ᠎ᠤᠨ ᠲᠥᠪ᠎ᠤᠨ ᠷᠠᠳᠢᠣ᠋ ᠫᠷᠣᠭ᠌ᠷᠠᠮ᠎ᠤᠨ ᠨᠠᠢ᠌ᠷᠠᠭᠤᠯᠬᠤ ᠣᠷᠴᠢᠭᠤᠯᠬᠤ ᠬᠡᠯᠲᠡᠰ᠎ᠤᠨ ᠡᠷᠭᠢᠯᠡᠭᠴᠢ ᠢᠦᠢ ᠱᠠᠨ᠂ ᠵᠢᠷᠢᠮ᠎ᠤᠨ ᠤᠷᠠᠨ ᠵᠣᠬᠢᠶᠠᠯ᠎ᠤᠨ ᠨᠠᠢ᠌ᠷᠠᠭᠤᠯᠬᠤ ᠬᠡᠯᠲᠡᠰ᠎ᠤᠨ ᠳᠡᠳ᠋ ᠶᠡᠷᠦᠩᠬᠡᠢ ᠨᠠᠢ᠌ᠷᠠᠭᠤᠯᠤᠭᠴᠢ ᠪᠠᠢ ᠵᠢᠩ᠂ ᠲᠤᠯᠭ᠋ᠠᠭᠤᠷᠢ᠂ ᠨᠠᠢ᠌ᠷᠠᠭᠤᠯᠬᠤ ᠭᠡᠷ᠎ᠤᠨ ᠡᠷᠭᠢᠯᠡᠭᠴᠢ ᠪᠤᠶᠠᠨᠲᠤ ᠵᠢᠴᠢ ᠵᠢᠷᠢᠮ᠎ᠤᠨ ᠤᠷᠠᠨ ᠵᠣᠬᠢᠶᠠᠯ ᠨᠠᠢ᠌ᠷᠠᠭᠤᠯᠬᠤ ᠬᠡᠯᠲᠡᠰ᠎ᠤᠨ ᠪᠦᠭᠦ ᠠᠵᠢᠯᠲᠠᠨ ᠪᠠ ᠨᠣᠮ᠎ᠤᠨ ᠪᠠᠬᠠᠲᠠᠳ ᠳᠤᠰ ᠴᠢᠭᠤᠯᠭ᠋ᠠᠨ᠎ᠳᠤ ᠣᠷᠣᠯᠴᠠᠪᠠ᠃
ᠳᠤᠰ ᠤᠷᠠᠨ ᠤᠩᠰᠢᠯᠭ᠎ᠠ ᠵᠢᠨ ᠴᠢᠭᠤᠯᠭ᠋ᠠᠨ᠎ᠳᠤ ᠪ᠊ · ᠵᠣᠷᠢᠭᠲᠤ᠂ ᠶᠠᠨ ᠨᠠᠨ ᠹᠡᠢ᠂ ᠴᠧᠨ ᠰᠠᠷᠠᠨ᠎ᠠ᠂ ᠪᠣᠷᠣᠭ᠋ᠠᠨ᠂ ᠠᠨᠢᠰᠤ᠂ ᠺᠦᠡᠭ ᠴᠢᠩ ᠶᠠᠨ ᠵᠡᠷᠭᠡ ᠮᠠᠨ᠎ᠤ ᠬᠤᠳᠠ ᠵᠢᠨ ᠵᠢᠷᠭᠤᠭ᠋ᠠᠨ ᠵᠣᠬᠢᠶᠠᠯᠴᠢ ᠵᠢᠨ ᠰᠢᠯᠢᠳᠡᠭ ᠪᠦᠲᠦᠭᠡᠯ᠎ᠠᠴᠠ ᠰᠣᠩᠭᠣᠨ᠂ ᠲᠦᠩᠯᠢᠶᠣᠣ ᠵᠢᠨ ᠤᠳᠬ᠎ᠠ ᠵᠣᠬᠢᠶᠠᠯ᠎ᠤᠨ ᠤᠷᠠᠨ ᠤᠩᠰᠢᠯᠭ᠎ᠠ ᠵᠢᠨ ᠨᠡᠢ᠌ᠭᠡᠮᠯᠢᠭ᠎ᠤᠨ ᠦ᠋ ᠲᠦᠪᠰᠢᠨ᠂ ᠹᠦ᠋ ᠢ ᠬᠤᠡᠭ᠂ ᠯᠢᠦᠢ ᠸᠧᠨ ᠴᠢ᠂ ᠰᠡᠴᠡᠩᠭᠤᠸ᠎ᠠ᠂ ᠮᠠ ᠱᠤᠸᠠᠩ ᠱᠠᠨ᠂ ᠶᠠᠩ ᠵᠧ᠂ ᠰᠢᠶᠠᠩ ᠨᠠᠨ᠂ ᠬᠤᠤ ᠮᠢᠩ᠂ ᠰᠦᠯᠳᠡ᠎ᠠᠴᠠ ᠤᠶᠠᠩᠭ᠋ᠠᠯᠠᠨ ᠤᠩᠰᠢᠵᠤ᠂ ᠵᠣᠬᠢᠶᠠᠯᠴᠢᠳ᠎ᠤᠨ ᠥᠪᠡᠷ᠎ᠤᠨ ᠵᠣᠬᠢᠶᠠᠯ ᠪᠦᠲᠦᠭᠡᠯ᠎ᠤᠨ ᠣᠨᠴᠠᠯᠢᠭ ᠰᠢᠨᠵᠢ ᠵᠢᠴᠢ ᠵᠣᠬᠢᠶᠠᠨ ᠪᠦᠲᠦᠭᠡᠭᠰᠡᠨ ᠣᠩᠭᠣᠳ ᠪᠢᠯᠢᠭ᠎ᠤᠨ ᠵᠢᠡᠨ ᠢᠷᠡᠯᠲᠡ ᠵᠢᠨ ᠲᠤᠬᠠᠢ ᠲᠣᠭ᠋ᠠᠴᠢᠵᠤ᠂ ᠲᠦᠷᠪᠡᠨ ᠤᠲᠠᠰᠤᠲᠤ ᠬᠤᠭᠤᠷ᠂ ᠮᠣᠷᠢᠨ ᠬᠤᠭᠤᠷ᠂ ᠬᠥᠭᠡᠮᠡᠢ ᠵᠢᠨ ᠢᠷᠠᠭᠤ ᠠᠶᠠᠯᠭᠤ᠂ ᠤᠷᠠᠨ ᠡᠭᠡᠰᠢᠭᠯᠡᠩ᠎ᠤᠨ ᠬᠠᠮᠲᠤᠷᠠᠯ ᠵᠢᠡᠷ ᠨᠣᠮ ᠤᠩᠰᠢᠬᠤ ᠵᠢᠨ ᠰᠠᠢ᠌ᠨ ᠲᠠᠯ᠎ᠠ ᠪᠠ ᠬᠥᠮᠥᠰ᠎ᠲᠤ ᠡᠷᠡᠭᠦᠯ ᠥᠭᠡᠳᠡᠷᠬᠡᠭ ᠦᠵᠡᠯ ᠰᠠᠨᠠᠭ᠎ᠠ ᠵᠢ ᠬᠡᠷᠬᠢᠨ ᠤᠯᠠᠮᠵᠢᠯᠠᠬᠤ ᠵᠢ ᠰᠤᠷᠲᠠᠯᠴᠢᠯᠠᠪᠠ᠃
ᠤᠷᠠᠨ ᠤᠩᠰᠢᠯᠭ᠎ᠠ ᠵᠢᠨ ᠳᠠᠷᠠᠭ᠎ᠠ ᠵᠢᠷᠭᠤᠭ᠋ᠠᠨ ᠵᠣᠬᠢᠶᠠᠯᠴᠢ᠎ᠳᠤ ᠪᠦᠲᠦᠭᠡᠯ᠎ᠢ᠎ᠨᠢ ᠬᠣᠷᠢᠶᠠᠨ ᠬᠠᠳᠠᠭ᠋ᠠᠯᠠᠭᠰᠠᠨ ᠦᠨᠡᠮᠯᠡᠯ ᠬᠦᠷᠲᠡᠭᠡᠵᠦ᠂ ᠤᠩᠰᠢᠭᠴᠢᠳ᠎ᠲᠤ ᠢᠷᠠᠭᠤ ᠠᠯᠳᠠᠷ᠎ᠤᠨ ᠦᠨᠡᠮᠯᠡᠯ ᠣᠯᠭᠣᠪᠠ᠃ ᠬᠠᠮᠤᠭ ᠡᠴᠦᠰ᠎ᠲᠤ ᠴᠢᠭᠤᠯᠭ᠋ᠠᠨ᠎ᠳᠤ ᠣᠷᠣᠯᠴᠠᠭᠰᠠᠳ ᠬᠠᠮᠲᠤ ᠵᠢᠨ ᠰᠡᠭᠦᠳᠡᠷ ᠠᠪᠬᠠᠭᠤᠯᠵᠤ᠂ ᠡᠨᠡ ᠤᠳᠠᠭ᠋ᠠᠨ᠎ᠤ ᠴᠢᠭᠤᠯᠭ᠋ᠠᠨ ᠵᠢᠡᠨ ᠥᠨᠳᠥᠷᠯᠡᠭᠦᠯᠵᠡᠢ᠃
ᠡᠨᠡ ᠤᠳᠠᠭ᠋ᠠᠨ᠎ᠤ ᠤᠷᠠᠨ ᠤᠩᠰᠢᠯᠭ᠎ᠠ ᠵᠢᠨ ᠴᠢᠭᠤᠯᠭ᠋ᠠᠨ᠎ᠨᠢ ᠰᠢ ᠵᠢᠨ ᠫᠢᠩ ᠶᠡᠷᠦᠩᠬᠡᠢ ᠱᠦᠵᠢ ᠵᠢᠨ ᠰᠣᠶᠣᠯ᠎ᠤᠨ ᠦᠵᠡᠯ ᠰᠠᠨᠠᠭ᠎ᠠ ᠵᠢ ᠤᠯᠠᠮ ᠨᠢᠭᠡ ᠠᠯᠬᠤᠮ ᠲᠤᠭᠤᠰᠢᠯᠠᠭᠤᠯᠵᠤ᠂ 《ᠦᠨᠳᠦᠰᠦᠲᠡᠨ ᠪᠦᠭᠦᠨ ᠨᠢᠭᠡ ᠭᠡᠷ ᠪᠦᠯᠢ ᠮᠡᠲᠦ ᠪᠦᠯᠬᠦᠮᠳᠡᠨ ᠨᠢᠭᠲᠠᠷᠠᠬᠤ》 ᠦᠵᠡᠯ ᠰᠠᠨᠠᠭ᠎ᠠ ᠵᠢ ᠤᠯᠠᠮ ᠨᠢᠭᠡ ᠠᠯᠬᠤᠮ ᠪᠣᠳᠠᠲᠠᠢ᠌ᠵᠢᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠪᠦᠲᠦᠭᠡᠨ ᠪᠠᠢ᠌ᠭᠤᠯᠬᠤ᠎ᠳᠤ ᠬᠦᠴᠦ ᠨᠡᠮᠡᠷᠢ ᠦᠵᠡᠭᠦᠯᠦᠭᠰᠡᠨ ᠠᠮᠵᠢᠯᠲᠠ᠎ᠲᠠᠢ ᠨᠢᠭᠡᠨ ᠬᠥᠳᠡᠯᠭᠡᠭᠡᠨ ᠪᠣᠯᠤᠭᠰᠠᠨ ᠶᠤᠮ᠃