ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
《ᠮᠢᠩᠭ᠋ᠠᠨ ᠵᠢᠯ᠎ᠢ ᠡᠷᠭᠢᠴᠡᠭᠦᠯᠦᠬᠦᠶ᠎ᠡ ᠤᠮᠠᠷᠠᠲᠤ ᠬᠢᠵᠠᠭ᠋ᠠᠷ᠎ᠲᠤ ᠡᠳ᠋ ᠪᠠᠶᠠᠯᠢᠭ》— ᠬᠥᠬᠡᠬᠣᠲᠠ ᠵᠢᠨ ᠰᠣᠶᠣᠯ᠎ᠤᠨ ᠦᠵᠡᠰᠭᠦᠯᠡᠩ ᠬᠤᠳᠠᠯᠳᠤᠭ᠋ᠠᠨ᠎ᠤ ᠲᠠᠯᠠᠪᠠᠢ᠎ᠳᠤ ᠣᠷᠣᠪᠠ
ᠨᠡᠶᠢᠲᠡᠯᠡᠭᠰᠡᠨ ᠴᠠᠭ᠄ 2024-01-06

     2023 ᠣᠨ᠎ᠤ 12 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ 2024 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ ᠪᠣᠯᠲᠠᠯ᠎ᠠ᠂ ᠬᠥᠬᠡᠬᠣᠲᠠ ᠵᠢᠨ ᠮᠦᠽᠧᠢ ᠰᠢᠨᠬᠤᠸᠠ Mall ᠬᠤᠳᠠᠯᠳᠤᠭ᠋ᠠᠨ᠎ᠤ ᠶᠡᠷᠦᠩᠬᠡᠢ᠌ᠯᠡᠭᠰᠡᠨ ᠴᠣᠭᠴᠠ ᠵᠢᠨ ᠬᠥᠮᠥᠭᠡᠷ ᠣᠷᠣᠢ ᠵᠢᠨ ᠳᠣᠣᠷ᠎ᠠ ᠭᠤᠷᠪᠠᠨ ᠡᠳᠦᠷ᠎ᠤᠨ ᠬᠤᠭᠤᠴᠠᠭ᠎ᠠ᠎ᠲᠠᠢ 《ᠮᠢᠩᠭ᠋ᠠᠨ ᠵᠢᠯ᠎ᠢ ᠡᠷᠭᠢᠴᠡᠭᠦᠯᠦᠬᠦᠶ᠎ᠡ   ᠤᠮᠠᠷᠠᠲᠤ ᠬᠢᠵᠠᠭ᠋ᠠᠷ᠎ᠲᠤ ᠡᠳ᠋ ᠪᠠᠶᠠᠯᠢᠭ》— ᠰᠣᠶᠣᠯ᠎ᠤᠨ ᠦᠵᠡᠰᠬᠦᠯᠡᠩ᠎ᠢ ᠬᠤᠳᠠᠯᠳᠤᠭ᠋ᠠᠨ᠎ᠤ ᠲᠠᠯᠠᠪᠤᠷ᠎ᠲᠤ ᠣᠷᠣᠭᠤᠯᠬᠤ ᠰᠢᠷᠢᠰ ᠠᠵᠢᠯᠯᠠᠭ᠎ᠠ ᠵᠢ ᠶᠠᠪᠤᠭᠳᠠᠭᠤᠯᠵᠠᠢ᠃ ᠡᠨᠡ ᠬᠤᠭᠤᠴᠠᠭ᠋ᠠᠨ᠎ᠳᠤ ᠰᠣᠶᠣᠯ᠎ᠤᠨ ᠦᠵᠡᠰᠬᠦᠯᠡᠩ᠎ᠤᠨ ᠣᠷᠳᠣᠨ᠎ᠢ ᠬᠤᠳᠠᠯᠳᠤᠭ᠋ᠠᠨ᠎ᠤ ᠲᠥᠪ᠎ᠲᠤ ᠨᠡᠭᠦᠯᠭᠡᠵᠦ᠂ ᠠᠷᠠᠳ ᠤᠯᠠᠨ᠎ᠤ ᠠᠮᠢᠳᠤᠷᠠᠯ᠎ᠲᠠᠢ ᠣᠢ᠌ᠷᠠᠳᠬᠤ ᠠᠷᠭ᠎ᠠ ᠬᠡᠯᠪᠡᠷᠢ᠎ᠪᠠᠷ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠠᠮᠢᠯᠠᠭᠤᠯᠣᠨ᠎ᠠ᠃
      ᠮᠦᠽᠧᠢ ᠪᠣᠯ ᠬᠥᠮᠥᠨ ᠲᠥᠷᠥᠯᠬᠢᠲᠡᠨ᠎ᠤ ᠪᠣᠯᠪᠠᠰᠤᠨ᠎ᠢ ᠬᠠᠮᠠᠭ᠋ᠠᠯᠠᠬᠤ ᠪᠠ ᠤᠯᠠᠮᠵᠢᠯᠠᠬᠤ ᠴᠢᠬᠤᠯᠠ ᠭᠠᠵᠠᠷ᠂ ᠥᠩᠭᠡᠷᠡᠭᠰᠡᠨ᠂ ᠣᠲᠣ᠂ ᠢᠷᠡᠭᠡᠳᠦᠢ ᠵᠢ ᠬᠣᠯᠪᠣᠬᠤ ᠬᠥᠭᠥᠷᠭᠡ᠂ ᠬᠣᠲᠠ ᠵᠢᠨ ᠰᠦᠭ ᠰᠦᠨᠡᠰᠦ ᠶᠤᠮ᠃ 《ᠮᠢᠩᠭ᠋ᠠᠨ ᠵᠢᠯ᠎ᠢ ᠡᠷᠭᠢᠴᠡᠭᠦᠯᠦᠬᠦᠶ᠎ᠡ   ᠤᠮᠠᠷᠠᠲᠤ ᠬᠢᠵᠠᠭ᠋ᠠᠷ᠎ᠲᠤ ᠡᠳ᠋ ᠪᠠᠶᠠᠯᠢᠭ》— ᠬᠥᠬᠡᠬᠣᠲᠠ ᠵᠢᠨ ᠰᠣᠶᠣᠯ᠎ᠤᠨ ᠦᠵᠡᠰᠬᠦᠯᠡᠩ᠎ᠢ ᠬᠤᠳᠠᠯᠳᠤᠭ᠋ᠠᠨ᠎ᠤ ᠲᠠᠯᠠᠪᠤᠷ᠎ᠲᠤ ᠣᠷᠣᠭᠤᠯᠬᠤ ᠰᠢᠷᠢᠰ ᠠᠵᠢᠯᠯᠠᠭ᠎ᠠ ᠪᠣᠯ ᠨᠢᠭᠡ ᠵᠦᠢ᠍ᠯ᠎ᠤᠨ ᠴᠣ᠋ ᠰᠢᠨ᠎ᠡ ᠠᠷᠭ᠎ᠠ ᠬᠡᠯᠪᠡᠷᠢ ᠪᠣᠯᠣᠨ᠎ᠠ᠂ ᠮᠥᠨᠴᠦ ᠰᠣᠶᠣᠯ ᠵᠢᠭᠤᠯᠴᠢᠯᠠᠯ ᠬᠤᠳᠠᠯᠳᠤᠭ᠋ᠠᠨ᠎ᠤ ᠠᠭᠤᠰᠤᠯᠴᠠᠯ᠎ᠤᠨ ᠴᠣ᠋ ᠰᠢᠨ᠎ᠡ ᠰᠦᠪᠡᠭᠴᠢᠯᠡᠯ ᠪᠣᠯᠣᠨ᠎ᠠ᠃
      ᠲᠣᠰ ᠤᠳᠠᠭ᠋ᠠᠨ᠎ᠤ ᠮᠦᠽᠧᠢ ᠬᠤᠳᠠᠯᠳᠤᠭ᠋ᠠᠨ᠎ᠤ ᠲᠠᠯᠠᠪᠤᠷ᠎ᠲᠤ ᠣᠷᠣᠬᠤ ᠰᠢᠷᠢᠰ ᠠᠵᠢᠯᠯᠠᠭ᠎ᠠ ᠵᠢᠨ ᠭᠢᠯᠠᠰ ᠴᠡᠭ᠎ᠤᠨ ᠨᠢᠭᠡ᠎ᠨᠢ ᠪᠣᠯ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠴᠠᠭ ᠦᠶ᠎ᠡ ᠵᠢᠨ ᠬᠡᠷᠡᠮ᠎ᠤᠨ ᠬᠡᠯᠪᠡᠷᠢ᠎ᠪᠠᠷ ᠦᠵᠡᠭᠴᠢᠳ᠎ᠲᠤ ᠮᠦᠽᠧᠢ ᠵᠢ ᠤᠬᠠᠭᠤᠯᠤᠨ ᠦᠵᠡᠭᠦᠯᠬᠦ ᠶᠠᠪᠤᠳᠠᠯ ᠪᠣᠯᠣᠨ᠎ᠠ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠪᠠᠰᠠ ᠭᠡᠷᠡᠯ ᠵᠢᠷᠤᠭ ᠠᠪᠴᠤ ᠺᠠᠷᠲ᠎ᠲᠤ ᠳᠠᠩᠰᠠᠯᠠᠬᠤ ᠲᠣᠭᠣᠷᠢᠭ ᠭᠠᠷᠭ᠋ᠠᠵᠤ᠂ ᠬᠥᠬᠡᠬᠣᠲᠠ ᠵᠢᠨ ᠮᠦᠽᠧᠢ᠂ ᠵᠤᠤ ᠵᠢᠶᠦ᠋ᠨ ᠮᠦᠽᠧᠢ᠂ ᠵᠠᠩᠵᠤᠨ᠎ᠤ ᠶᠠᠮᠤᠨ᠎ᠤ ᠮᠦᠽᠧᠢ᠂ ᠭᠦᠩᠵᠦ ᠵᠢᠨ ᠣᠷᠳᠣᠨ᠎ᠤ ᠮᠦᠽᠧᠢ᠂ ᠲᠠᠪᠤᠨ ᠰᠤᠪᠤᠷᠭ᠋ᠠᠲᠤ ᠰᠦᠮ᠎ᠡ ᠵᠢᠨ ᠮᠦᠽᠧᠢ ᠵᠢᠴᠢ ᠹᠸᠩᠵᠸᠦ ᠵᠢᠨ ᠬᠠᠭᠤᠴᠢᠨ ᠬᠤᠳᠠ ᠵᠢᠨ ᠮᠦᠽᠧᠢ ᠵᠡᠷᠭᠡ ᠵᠢᠷᠭᠤᠭ᠋ᠠᠨ ᠲᠣᠮᠣ ᠰᠣᠶᠣᠯ ᠦᠵᠡᠰᠬᠦᠯᠡᠩ᠎ᠤᠨ ᠲᠠᠯᠠᠪᠠᠢ ᠵᠢᠨ ᠲᠥᠯᠥᠭᠡᠯᠡᠬᠦ ᠴᠢᠨᠠᠷᠲᠠᠢ ᠲᠡᠦᠬᠡ ᠵᠢᠨ ᠳᠤᠷᠠᠰᠬᠠᠯᠲᠤ ᠵᠦᠢ᠍ᠯᠡᠰ ᠵᠶ᠋ᠡᠷ ᠠᠷᠤ ᠦᠵᠡᠭᠳᠡᠯ ᠪᠣᠯᠭ᠋ᠠᠵᠤ᠂ ᠵᠢᠭᠤᠯᠴᠢᠯᠠᠭᠴᠢᠳ᠎ᠤᠨ ᠺᠠᠷᠲ᠎ᠲᠤ ᠳᠠᠩᠰᠠᠯᠠᠵᠤ ᠬᠡᠷᠡᠯ ᠵᠢᠷᠤᠭ ᠠᠪᠬᠤ᠎ᠳᠤ ᠵᠣᠷᠢᠭᠤᠯᠤᠭᠰᠠᠨ ᠶᠤᠮ᠃  

ᠢᠷᠡᠯᠲᠡ᠄ ᠪᠸᠩᠲᠸᠩ ᠬᠠᠮ ᠵᠠᠭᠤᠴᠢᠯᠠᠭᠤᠷ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠢ᠌ᠭᠤᠯᠤᠮᠵᠢ ᠵᠢᠨ ᠠᠮᠤᠷ ᠲᠦᠪᠰᠢᠨ᠎ᠤ ᠠᠵᠢᠯ᠎ᠢ ᠪᠠᠢ᠌ᠴᠠᠭ᠋ᠠᠪᠠ
2024 ᠣᠨ᠎ᠤ ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠋ᠠᠨ᠎ᠳᠤ ᠬᠥᠯᠥᠨ ᠪᠣᠶ᠋ᠢᠷ᠎ᠤᠨ ᠵᠢᠭᠤᠯᠴᠢᠯᠠᠯ᠎ᠤᠨ ᠵᠣᠴᠢᠯᠠᠭ᠎ᠠ ᠦᠷᠭᠦᠯᠵᠢᠯᠡᠨ ᠳᠡᠭᠡᠭᠰᠢᠯᠡᠪᠡ
ᠮᠠᠨᠵᠤᠤᠷ ᠮᠦᠽᠧᠢ ᠵᠢᠨ᠎ᠬᠢᠨ ᠡᠨᠡ ᠵᠢᠯ᠎ᠤᠨ ᠠᠩᠬᠠᠳᠠᠭᠴᠢ ᠮᠣᠩᠭᠣᠯ ᠤᠯᠤᠰ᠎ᠤᠨ ᠲᠣᠭᠣᠷᠢᠨ ᠦᠵᠡᠬᠦ ᠪᠦᠯᠬᠦᠮ ᠵᠶ᠋ᠡᠨ ᠤᠭᠲᠤᠯ᠎ᠠ
ᠬᠢᠩᠭ᠋ᠠᠨ ᠠᠢ᠌ᠮᠠᠭ᠎ᠤᠨ 2024 ᠣᠨ᠎ᠤ ᠪᠥᠬᠥ ᠠᠢ᠌ᠮᠠᠭ᠎ᠤᠨ ᠮᠦᠽᠧᠢ᠂ ᠳᠤᠷᠠᠰᠬᠠᠯ᠎ᠤᠨ ᠣᠷᠳᠣᠨ᠎ᠤ ᠲᠠᠢ᠌ᠯᠤᠮᠵᠢ ᠪᠠ ᠨᠡᠢ᠌ᠭᠡᠮ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠪᠣᠯᠪᠠᠰᠤᠷᠠᠯ᠎ᠤᠨ ᠠᠩᠭᠢ ᠵᠢᠩᠬᠢᠨᠢ᠎ᠪᠠᠷ ᠬᠢᠴᠢᠶᠡᠯ ᠡᠬᠢᠯᠡᠪᠡ
ᠰᠣᠶᠣᠯ᠎ᠤᠨ ᠰᠠᠶ᠋ᠢᠨ ᠳᠤᠷᠠᠴᠤᠳ᠎ᠤᠨ ᠠᠵᠢᠯᠯᠠᠭ᠎ᠠ ᠤᠯᠤᠰ᠎ᠤᠨ ᠰᠢᠯᠢᠳᠡᠭ ᠲᠥᠷᠥᠯ ᠵᠦᠢ᠍ᠯ᠎ᠳᠤ ᠰᠣᠩᠭᠤᠭᠳᠠᠯ᠎ᠠ
 
            