9 ᠰᠠᠷ᠎ᠠ ᠵᠢᠨ 24᠎ᠤ ᠡᠳᠦᠷ᠂ ᠲᠦᠩᠯᠢᠶᠣᠣ ᠬᠣᠲᠠ ᠵᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠠᠴᠠ ᠭᠣᠣᠯᠯᠠᠨ ᠡᠷᠭᠢᠯᠡᠵᠦ᠂ ᠬᠣᠷᠴᠢᠨ ᠵᠡᠭᠦᠨ ᠭᠠᠷᠤᠨ ᠬᠣᠢ᠌ᠲᠤ ᠬᠣᠰᠢᠭᠤᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠠᠴᠠ ᠳᠠᠭ᠋ᠠᠭ᠋ᠠᠴᠢᠯᠠᠨ ᠡᠷᠭᠢᠯᠡᠭᠰᠡᠨ 《ᠤᠶᠠᠩᠭ᠎ᠠ ᠴᠠᠯᠭᠢᠯᠠᠭᠰᠠᠨ ᠤᠮᠠᠷᠠᠲᠤ ᠬᠢᠯᠢ ᠪᠠᠶᠠᠷ ᠪᠢᠯᠬᠠᠭᠰᠠᠨ ᠲᠦᠩᠯᠢᠶᠣᠣ》 ᠬᠡᠮᠡᠬᠦ ᠲᠦᠩᠯᠢᠶᠣᠣ ᠬᠣᠲᠠ ᠵᠢᠨ ᠳᠥᠷᠪᠡᠳᠦᠭᠡᠷ ᠬᠤᠭᠤᠴᠠᠭ᠋ᠠᠨ᠎ᠤ ᠳᠤᠮᠳᠠᠳᠤ ᠵᠢᠨ ᠰᠢᠯᠦᠭ ᠳᠠᠭᠤᠯᠠᠯ᠎ᠤᠨ ᠶᠡᠬᠡ ᠬᠤᠷᠠᠯ ᠬᠣᠷᠴᠢᠨ ᠵᠡᠭᠦᠨ ᠭᠠᠷᠤᠨ ᠬᠣᠢ᠌ᠲᠤ ᠬᠣᠰᠢᠭᠤᠨ᠎ᠳᠤ ᠶᠠᠪᠤᠭᠳᠠᠪᠠ᠃
ᠲᠤᠰ ᠤᠳᠠᠭ᠋ᠠᠨ᠎ᠤ ᠤᠷᠤᠯᠳᠤᠭ᠋ᠠᠨ᠎ᠳᠤ᠂ ᠵᠠᠷᠤᠳ ᠬᠣᠰᠢᠭᠤ᠂ ᠬᠦᠷᠢᠶ᠎ᠡ ᠬᠣᠰᠢᠭᠤ᠂ ᠨᠠᠢ᠍ᠮᠠᠨ ᠬᠣᠰᠢᠭᠤ᠂ ᠬᠣᠷᠴᠢᠨ ᠵᠡᠭᠦᠨ ᠭᠠᠷᠤᠨ ᠬᠣᠢ᠌ᠲᠤ ᠬᠣᠰᠢᠭᠤ ᠵᠡᠷᠭᠡ ᠭᠠᠵᠠᠷ᠎ᠤᠨ 9 ᠲᠥᠯᠥᠭᠡᠯᠡᠭᠴᠢ ᠵᠢᠨ ᠠᠩᠭᠢ ᠵᠢᠨ 27 ᠣᠷᠣᠯᠴᠠᠭᠴᠢ ᠣᠷᠣᠯᠴᠠᠵᠠᠢ᠃ ᠣᠷᠣᠯᠴᠠᠭᠴᠢᠳ᠎ᠤᠨ ᠳᠤᠮᠳᠠ ᠠᠷᠪᠠᠨ ᠭᠤᠷᠪᠠᠬᠠᠨ ᠨᠠᠰᠤᠲᠠᠢ ᠪᠢᠴᠢᠬᠠᠨ ᠵᠢᠭ᠋ᠠᠯ ᠪᠠᠢ᠌ᠬᠤ ᠪᠥᠭᠡᠳ ᠰᠢᠯᠦᠭ ᠳᠠᠭᠤᠯᠠᠯᠳᠤ ᠪᠠᠬᠠᠲᠠᠢ ᠲᠣᠮᠣ ᠬᠥᠮᠥᠰ ᠪᠠᠢ᠌ᠪᠠ᠂ ᠳᠡᠳᠡ ᠤᠯᠠᠮᠵᠢᠯᠠᠯᠲᠤ ᠬᠤᠪᠴᠠᠰᠤ ᠵᠠᠰᠠᠯ ᠵᠶ᠋ᠠᠷ ᠵᠶ᠋ᠠᠨ ᠭᠣᠶᠣᠯᠠᠨ᠂ ᠤᠷᠤᠯᠳᠤᠭ᠋ᠠᠨ᠎ᠤ ᠲᠠᠢ᠌ᠰᠠᠨ᠎ᠠ ᠰᠢᠯᠦᠭ ᠵᠶ᠋ᠡᠷ ᠠᠭᠤᠯᠵᠠᠵᠤ᠂ ᠢᠷᠠᠭᠤ ᠨᠠᠢ᠌ᠷᠠᠭ ᠵᠢᠡᠷ ᠨᠠᠷᠭᠢᠯᠳᠤᠵᠤ ᠪᠠᠢ᠌ᠯ᠎ᠠ᠃
ᠦᠵᠡᠭᠴᠢ ᠯᠢᠦ ᠵᠢᠶᠠ᠄ 《ᠰᠢᠯᠦᠭ ᠳᠠᠭᠤᠯᠠᠯ᠎ᠤᠨ ᠶᠡᠬᠡ ᠬᠤᠷᠠᠯ᠎ᠢ ᠰᠣᠨᠢᠷᠬᠠᠭ᠋ᠠᠳ ᠮᠠᠰᠢ ᠰᠡᠳᠬᠢᠯ ᠳᠣᠭᠳᠣᠯᠪᠠ᠃ ᠣᠷᠣᠯᠴᠠᠭᠴᠢᠳ᠎ᠠᠴᠠ ᠤᠷᠤᠰᠤᠮ᠎ᠠ ᠲᠣᠳᠣ ᠤᠶᠠᠩᠭ᠋ᠠᠯᠠᠨ ᠤᠩᠰᠢᠬᠤ᠎ᠳᠤ ᠲᠡᠳᠡᠭᠡᠷ ᠰᠢᠯᠦᠭ ᠳᠠᠭᠤᠯᠠᠯ᠎ᠤᠳ ᠪᠦᠷ ᠠᠮᠢ᠎ᠲᠠᠢ ᠪᠣᠯᠴᠢᠬᠠᠭᠰᠠᠨ ᠰᠢᠭ᠋ ᠰᠠᠨᠠᠭᠳᠠᠭᠤᠯᠤᠨ᠎ᠠ᠂ ᠪᠢ ᠪᠠᠰᠠ ᠲᠡᠳᠡᠨᠦᠰ ᠰᠢᠭ ᠤᠯᠠᠨ ᠰᠢᠯᠦᠭ ᠳᠠᠭᠤᠯᠠᠯ ᠴᠡᠭᠡᠵᠢᠯᠡᠨ᠂ ᠰᠢᠯᠦᠭ ᠳᠠᠭᠤᠯᠠᠯ ᠵᠶ᠋ᠠᠷ ᠥᠪᠡᠷ᠎ᠤᠨ ᠬᠠᠢ᠌ᠷ᠎ᠠ ᠰᠡᠳᠬᠢᠯᠭᠡ᠎ᠪᠠᠨ ᠢᠯᠡᠳᠬᠡᠵᠦ ᠴᠢᠳᠠᠬᠤ᠎ᠪᠠᠷ ᠴᠢᠷᠮᠠᠢ᠌ᠨ᠎ᠠ᠂ ᠬᠣᠵᠢᠮ ᠪᠢ ᠢᠯᠡᠭᠦᠬᠡᠨ ᠨᠣᠮ ᠤᠩᠰᠢᠨ᠂ ᠥᠪᠡᠷ᠎ᠢ᠎ᠪᠠᠨ ᠲᠡᠭᠦᠯᠳᠡᠷᠵᠢᠭᠦᠯᠦᠨ᠂ ᠠᠮᠢᠳᠤᠷᠠᠯ ᠵᠶ᠋ᠠᠨ ᠤᠳᠬ᠎ᠠ ᠠᠭᠤᠯᠭ᠎ᠠ᠎ᠲᠠᠢ ᠪᠣᠯᠭ᠋ᠠᠨ᠎ᠠ》 ᠭᠡᠵᠦ ᠶᠠᠷᠢᠵᠤ ᠪᠠᠢ᠌ᠯ᠎ᠠ᠃
ᠦᠵᠡᠭᠴᠢ ᠮᠠ ᠬᠤᠤ ᠷᠠᠨ᠄ 《ᠰᠢᠯᠦᠭ ᠳᠠᠭᠤᠯᠠᠯ᠎ᠤᠨ ᠶᠡᠬᠡ ᠬᠤᠷᠠᠯ᠎ᠨᠢ ᠶᠠᠭ ᠨᠢᠭᠡᠨ ᠭᠠᠢ᠌ᠬᠠᠮᠰᠢᠭᠲᠤ ᠰᠣᠶᠣᠯ᠎ᠤᠨ ᠠᠶᠠᠯᠠᠯ ᠰᠢᠭ᠋ ᠰᠠᠨᠠᠭᠳᠠᠪᠠ᠂ ᠣᠷᠣᠯᠴᠠᠭᠴᠢᠳ ᠲᠠᠢ᠌ᠰᠠᠨ᠎ᠠ ᠤᠷᠠᠨ ᠵᠣᠬᠢᠶᠠᠯ᠎ᠤᠨ ᠥᠨᠳᠥᠷ ᠬᠡᠪ ᠪᠣᠯᠪᠠᠰᠤᠷᠠᠯ ᠵᠶ᠋ᠠᠨ ᠭᠠᠢ᠌ᠬᠠᠭᠤᠯᠵᠤ᠂ ᠬᠥᠮᠥᠰ᠎ᠢ ᠪᠢᠰᠢᠷᠡᠭᠦᠯᠦᠮᠡᠷ᠃ ᠰᠢᠯᠦᠭ ᠳᠠᠭᠤᠯᠠᠯ᠎ᠤᠨ ᠶᠡᠬᠡ ᠬᠤᠷᠠᠯ ᠨᠠᠳᠠ᠎ᠳᠤ ᠰᠢᠯᠦᠭ ᠳᠠᠭᠤᠯᠠᠯ᠎ᠤᠨ ᠬᠦᠴᠦᠨ ᠴᠢᠳᠠᠯ᠎ᠢ ᠳᠠᠬᠢᠨᠲᠠ ᠲᠠᠨᠢᠭᠤᠯᠪᠠ᠂ ᠲᠡᠷᠡ᠎ᠨᠢ ᠳᠤᠮᠳᠠᠳᠤ ᠵᠢᠨ ᠦᠨᠳᠦᠰᠦᠲᠡᠨ᠎ᠤ ᠦᠨᠡᠲᠦ ᠡᠷᠳᠡᠨᠢ ᠪᠠᠢ᠌ᠵᠤ᠂ ᠲᠡᠦᠬᠡ ᠵᠢᠨ ᠤᠯᠠ ᠮᠥᠷ ᠪᠠ ᠰᠣᠶᠣᠯ᠎ᠤᠨ ᠤᠯᠠᠮᠵᠢᠯᠠᠯ᠎ᠢ ᠠᠴᠢᠶᠠᠯᠠᠵᠤ ᠪᠠᠢ᠌ᠭ᠎ᠠ ᠶᠤᠮ》 ᠭᠡᠵᠦ ᠶᠠᠷᠢᠨ᠎ᠠ᠃
ᠬᠤᠷᠴᠠ ᠰᠢᠷᠦᠭᠦᠨ ᠥᠷᠢᠰᠦᠯᠳᠦᠭᠡᠨ ᠵᠶ᠋ᠡᠷ ᠳᠡᠮᠵᠢᠨ ᠬᠣᠷᠴᠢᠨ ᠵᠡᠭᠦᠨ ᠭᠠᠷᠤᠨ ᠬᠣᠢ᠌ᠲᠤ ᠬᠣᠰᠢᠭᠤᠨ᠎ᠤ ᠲᠥᠯᠥᠭᠡᠯᠡᠭᠴᠢ ᠵᠢᠨ ᠠᠩᠭᠢ ᠨᠢᠭᠡᠳᠦᠭᠡᠷ ᠳᠡᠰ᠎ᠤᠨ ᠱᠠᠩᠨᠠᠯ᠂ ᠨᠠᠢ᠍ᠮᠠᠨ ᠬᠣᠰᠢᠭᠤᠨ᠎ᠤ ᠲᠥᠯᠥᠭᠡᠯᠡᠭᠴᠢ ᠵᠢᠨ ᠠᠩᠭᠢ ᠬᠣᠶᠠᠳᠤᠭ᠋ᠠᠷ ᠳᠡᠰ᠎ᠤᠨ ᠱᠠᠩᠨᠠᠯ᠂ ᠬᠤᠤᠯᠢᠩᠭᠣᠣᠯ ᠬᠣᠲᠠ ᠵᠢᠨ ᠲᠥᠯᠥᠭᠡᠯᠡᠭᠴᠢ ᠵᠢᠨ ᠠᠩᠭᠢ ᠭᠤᠷᠪᠠᠳᠤᠭ᠋ᠠᠷ ᠳᠡᠰ᠎ᠤᠨ ᠱᠠᠩᠨᠠᠯ᠎ᠢ ᠳᠤᠰ ᠳᠤᠰ ᠭᠥᠷᠳᠡᠭᠰᠡᠨ ᠪᠠᠢ᠌ᠨ᠎ᠠ᠃
ᠬᠣᠷᠴᠢᠨ ᠵᠡᠭᠦᠨ ᠭᠠᠷᠤᠨ ᠬᠣᠢ᠌ᠲᠤ ᠬᠣᠰᠢᠭᠤᠨ᠎ᠤ ᠲᠥᠯᠥᠭᠡᠯᠡᠭᠴᠢ ᠵᠢᠨ ᠠᠩᠭᠢ ᠵᠢᠨ ᠸᠠᠩ ᠶᠢᠩ ᠶᠢᠩ ᠶᠠᠷᠢᠬᠤ᠎ᠳᠠᠭᠠᠨ᠄ 《ᠬᠣᠷᠴᠢᠨ ᠵᠡᠭᠦᠨ ᠭᠠᠷᠤᠨ ᠬᠣᠢ᠌ᠲᠤ ᠬᠣᠰᠢᠭᠤ᠎ᠪᠠᠨ ᠲᠥᠯᠥᠭᠡᠯᠡᠨ ᠲᠦᠩᠯᠢᠶᠣᠣ ᠬᠣᠲᠠ ᠵᠢᠨ ᠳᠥᠷᠪᠡᠳᠦᠭᠡᠷ ᠬᠤᠭᠤᠴᠠᠭ᠋ᠠᠨ᠎ᠤ ᠰᠢᠯᠦᠭ ᠳᠠᠭᠤᠯᠠᠯ᠎ᠤᠨ ᠶᠡᠬᠡ ᠬᠤᠷᠠᠯ᠎ᠳᠤ ᠣᠷᠣᠯᠴᠠᠬᠰᠠᠨ᠎ᠨᠢ ᠪᠢᠳᠡᠨ᠎ᠳᠤ ᠮᠠᠰᠢ ᠠᠵᠠ ᠵᠠᠪᠰᠢᠶᠠᠨ᠎ᠲᠠᠢ ᠰᠠᠨᠠᠭᠳᠠᠵᠤ ᠪᠠᠢ᠌ᠨ᠎ᠠ᠃ ᠪᠢᠳᠡ ᠡᠯ᠎ᠡ ᠬᠣᠰᠢᠭᠤ ᠰᠢᠶᠠᠨ᠎ᠤ ᠨᠠᠢ᠌ᠵᠠ ᠨᠠᠷ᠎ᠲᠠᠢ ᠤᠶᠤᠨ ᠪᠢᠯᠢᠭ ᠵᠶ᠋ᠡᠨ ᠰᠣᠷᠢᠵᠤ᠂ ᠤᠷᠤᠯᠳᠤᠭ᠋ᠠᠨ᠎ᠳᠤ ᠲᠦᠷᠦᠭᠦᠯᠡᠭᠰᠡᠨ ᠮᠠᠨᠢ ᠮᠠᠰᠢ ᠣᠮᠣᠭᠰᠢᠯ᠎ᠲᠠᠢ ᠶᠠᠪᠤᠳᠠᠯ ᠮᠥᠨ᠃ ᠮᠠᠨ᠎ᠤ ᠲᠥᠯᠥᠭᠡᠯᠡᠭᠴᠢ ᠵᠢᠨ ᠠᠩᠭᠢ ᠪᠣᠯ ᠭᠤᠷᠪᠠᠨ ᠪᠠᠭᠰᠢ᠎ᠪᠠᠷ ᠪᠦᠷᠢᠯᠳᠦᠭᠰᠡᠨ ᠶᠤᠮ᠂ ᠬᠣᠢ᠌ᠰᠢᠳᠠ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠤᠨ ᠳᠤᠮᠳᠠ᠎ᠪᠠᠨ ᠪᠢᠳᠡ ᠰᠢᠯᠦᠭ ᠳᠠᠭᠤᠯᠠᠯ᠎ᠢ ᠰᠤᠷᠭ᠋ᠠᠭᠤᠯᠢ ᠵᠢᠨ ᠬᠦᠷᠢᠶ᠎ᠡ᠂ ᠬᠢᠴᠢᠶᠡᠯ᠎ᠤᠨ ᠲᠠᠩᠬᠢᠮ᠎ᠳᠤ ᠤᠷᠤᠭᠤᠯᠬᠤ ᠵᠢ ᠴᠢᠬᠤᠯᠠᠴᠢᠯᠠᠨ᠂ ᠰᠤᠷᠤᠬ᠍ᠴᠢᠳ ᠵᠶ᠋ᠡᠨ ᠳᠤᠮᠳᠠᠳᠤ ᠵᠢᠨ ᠰᠢᠯᠦᠭ ᠳᠠᠭᠤᠯᠠᠯᠳᠤ ᠳᠤᠷ᠎ᠠ ᠪᠠᠬᠠᠲᠠᠢ ᠪᠣᠯᠭ᠋ᠠᠨ᠂ ᠳᠤᠮᠳᠠᠳᠤ ᠵᠢᠨ ᠰᠢᠯᠦᠭ ᠳᠠᠭᠤᠯᠠᠯ᠎ᠢ ᠰᠤᠷᠤᠯᠴᠠᠭᠤᠯᠬᠤ᠎ᠪᠠᠷ ᠴᠢᠷᠮᠠᠢ᠌ᠨ᠎ᠠ》 ᠭᠡᠵᠦ ᠪᠠᠢ᠌ᠯ᠎ᠠ᠃
ᠬᠦᠷᠢᠶ᠎ᠡ ᠬᠣᠰᠢᠭᠤᠨ᠎ᠤ ᠲᠥᠯᠥᠭᠡᠯᠡᠭᠴᠢ ᠵᠢᠨ ᠠᠩᠭᠢ ᠵᠢᠨ ᠯᠢᠦ ᠶᠠᠨ ᠰᠢᠨ᠄ 《ᠬᠦᠷᠢᠶ᠎ᠡ ᠬᠣᠰᠢᠭᠤ᠎ᠪᠠᠨ ᠲᠥᠯᠥᠭᠡᠯᠡᠨ ᠡᠨᠡ ᠤᠳᠠᠭ᠎ᠠ ᠵᠢᠨ ᠰᠢᠯᠦᠭ ᠳᠠᠭᠤᠯᠠᠯ᠎ᠤᠨ ᠶᠡᠬᠡ ᠬᠤᠷᠠᠯ᠎ᠳᠤ ᠣᠷᠣᠯᠴᠠᠬᠰᠠᠨ ᠮᠠᠨᠢ ᠲᠤᠩ ᠠᠵᠠ᠎ᠲᠠᠢ ᠰᠠᠨᠠᠭᠳᠠᠵᠤ ᠪᠠᠢ᠌ᠨ᠎ᠠ᠂ ᠡᠨᠡ ᠤᠳᠠᠭ᠎ᠠ ᠵᠢᠨ ᠤᠷᠤᠯᠳᠤᠭ᠋ᠠᠨ᠎ᠳᠤ ᠣᠷᠣᠯᠴᠠᠭ᠋ᠠᠳ ᠳᠤᠡᠭ ᠶᠡᠬᠡ ᠣᠯᠣᠯᠲᠠ᠎ᠲᠠᠢ᠂ ᠪᠢᠳᠠ ᠦᠷᠭᠦᠯᠵᠢᠯᠡᠨ ᠳᠤᠮᠳᠠᠳᠤ ᠵᠢᠨ ᠰᠢᠯᠦᠭ ᠳᠠᠭᠤᠯᠠᠯ ᠵᠶ᠋ᠡᠨ ᠪᠠᠬᠠᠷᠬᠠᠨ ᠰᠤᠷᠤᠯᠴᠠᠨ᠎ᠠ》 ᠭᠡᠵᠦ ᠶᠠᠷᠢᠵᠤ ᠪᠠᠢ᠌ᠯ᠎ᠠ᠃