ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠶ᠎ᠠ ᠥᠪᠡᠷᠲᠡᠭᠡᠨ ᠵᠠᠰᠠᠬᠤ ᠣᠷᠣᠨ᠎ᠤ 《ᠤᠨᠤᠯ᠎ᠤᠨ ᠰᠤᠷᠤᠯᠴᠠᠯᠭ᠎ᠠ ᠵᠢᠨ ᠬᠥᠩᠭᠡᠨ ᠮᠣᠷᠢᠲᠤ ᠴᠡᠷᠢᠭ》᠎ᠢ ᠤᠯᠠᠨ ᠲᠦᠮᠡᠨᠴᠢᠯᠡᠭᠰᠡᠨ ᠵᠢᠱ᠌ᠢᠶ᠎ᠡ ᠦᠵᠡᠭᠦᠯᠬᠦ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠯᠢᠨ ᠾᠧ ᠲᠣᠭᠤᠷᠢᠭ᠂ ᠬᠤᠳᠠ ᠵᠢᠨ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠤᠷᠢᠶ᠎ᠠ᠎ᠳᠤ ᠢᠷᠡᠪᠡ
ᠨᠡᠶᠢᠲᠡᠯᠡᠭᠰᠡᠨ ᠴᠠᠭ᠄ 2024-12-26

         12 ᠰᠠᠷ᠎ᠠ ᠵᠢᠨ 20᠎ᠤ ᠡᠳᠦᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠥᠪᠡᠷᠲᠡᠭᠡᠨ ᠵᠠᠰᠠᠬᠤ ᠣᠷᠣᠨ᠎ᠤ 《ᠤᠨᠤᠯ᠎ᠤᠨ ᠰᠤᠷᠤᠯᠴᠠᠯᠭ᠎ᠠ ᠵᠢᠨ ᠬᠦᠩᠭᠡᠨ ᠮᠣᠷᠢᠲᠤ ᠴᠡᠷᠢᠭ》᠎ᠤᠨ ᠤᠯᠠᠨ ᠲᠦᠮᠡᠨᠴᠢᠯᠡᠭᠰᠡᠨ ᠵᠢᠱ᠌ᠢᠶ᠎ᠡ ᠦᠵᠡᠭᠦᠯᠬᠦ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠯᠢᠨ ᠾᠧ ᠲᠣᠭᠤᠷᠢᠭ᠎ᠤᠨ ᠱᠦ᠍ ᠭᠤᠸᠠᠩ ᠰᠢᠶᠠᠩ᠎ᠤᠨ ᠠᠷᠠᠳ᠎ᠤᠨ ᠵᠠᠰᠠᠭ᠎ᠤᠨ ᠣᠷᠳᠣᠨ᠂ ᠬᠤᠳᠠ ᠵᠢᠨ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠤᠷᠢᠶ᠎ᠠ᠎ᠳᠤ ᠬᠦᠷᠪᠡ᠃
      ᠤᠬᠠᠭᠤᠯᠤᠨ ᠲᠠᠶ᠋ᠢᠯᠪᠤᠷᠢᠯᠠᠬᠤ ᠳᠤᠮᠳᠠ᠂ ᠥᠪᠡᠷᠲᠡᠭᠡᠨ ᠵᠠᠰᠠᠬᠤ ᠣᠷᠣᠨ᠎ᠤ 《ᠤᠨᠤᠯ᠎ᠤᠨ ᠰᠤᠷᠤᠯᠴᠠᠯᠭ᠎ᠠ ᠵᠢᠨ ᠬᠦᠩᠭᠡᠨ ᠮᠣᠷᠢᠲᠤ ᠴᠡᠷᠢᠭ》᠎ᠢ ᠤᠯᠠᠨ ᠲᠦᠮᠡᠨᠴᠢᠯᠡᠭᠰᠡᠨ ᠵᠢᠱ᠌ᠢᠶ᠎ᠡ ᠦᠵᠡᠭᠦᠯᠬᠦ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ 5 ᠪᠦᠷᠢᠯᠳᠦᠬᠦᠨ ᠲᠤᠰ ᠲᠤᠰ 《ᠨᠡᠶ᠋ᠢᠭᠡᠮ ᠲᠣᠭᠤᠷᠢᠭ᠎ᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠶᠡᠭᠡ ᠭᠡᠷ ᠪᠦᠯᠢ ᠪᠣᠯᠭ᠋ᠠᠬᠤ》᠂ 《〈ᠭᠠᠶ᠋ᠢᠯᠢ ᠵᠢᠨ ᠶᠠᠪᠤᠳᠠᠯ᠎ᠤᠨ ᠬᠥᠬᠡ〉᠎ᠨᠢ ᠦᠨᠳᠦᠰᠦᠲᠡᠨ᠎ᠤ ᠪᠦᠯᠬᠦᠮᠳᠡᠯ ᠲᠠᠪᠰᠢᠯᠳᠠ᠎ᠳᠤ ᠦᠩᠭᠡ ᠭᠡᠷᠡᠯ ᠨᠡᠮᠡᠷᠢᠯᠡᠬᠦ》᠂ 《ᠦᠨᠳᠦᠰᠦᠲᠡᠨ᠎ᠤ ᠪᠦᠯᠬᠦᠮᠳᠡᠯ᠎ᠢ ᠰᠠᠶ᠋ᠢᠲᠤᠷ ᠰᠠᠬᠢᠬᠤ ᠦᠨᠳᠦᠰᠦᠨ ᠰᠤᠳᠠᠰᠤ》᠂ 《ᠨᠢᠭᠡ ᠤᠯᠤᠰ᠎ᠤᠨ ᠬᠡᠦᠬᠡᠳ᠎ᠤᠨ ᠬᠠᠶ᠋ᠢᠷ᠎ᠠ ᠰᠡᠳᠬᠢᠯᠭᠡ》᠂ 《〈ᠲᠠᠪᠤᠨ ᠬᠠᠮᠲᠤ ᠵᠢᠨ ᠲᠠᠨᠢᠯᠲᠠ〉 ᠵᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠡᠳᠬᠢᠯ᠎ᠳᠤ ᠦᠨᠳᠦᠰᠦᠯᠡᠭᠦᠯᠬᠦ》 ᠵᠡᠷᠭᠡ ᠲᠠᠯ᠎ᠠ᠎ᠪᠠᠷ ᠲᠠᠶ᠋ᠢᠯᠪᠤᠷᠢᠯᠠᠨ ᠲᠠᠶ᠋ᠢᠯᠪᠤᠷᠢᠯᠠᠪᠠ᠃ ᠤᠬᠠᠭᠤᠯᠤᠨ ᠲᠠᠶ᠋ᠢᠯᠪᠤᠷᠢᠯᠠᠭᠰᠠᠨ᠎ᠨᠢ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠭᠦᠢ᠍ᠴᠡᠳ ᠬᠡᠷᠡᠭᠯᠡᠵᠦ᠂ ᠠᠮᠢᠳᠤᠯᠢᠭ ᠦᠭᠡ ᠬᠡᠯᠡ ᠪᠠ ᠴᠢᠩ ᠦᠨᠡᠨᠴᠢ ᠰᠡᠳᠬᠢᠯᠭᠡ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠨ ᠴᠢᠬᠤᠯᠠ ᠴᠢᠨᠠᠷ᠎ᠢ ᠭᠦᠨᠵᠡᠭᠡᠢ ᠲᠣᠳᠣᠷᠬᠠᠶ᠋ᠢᠯᠠᠨ ᠥᠭᠦᠯᠡᠪᠡ᠃
      ᠤᠬᠠᠭᠤᠯᠤᠨ ᠲᠠᠶ᠋ᠢᠯᠪᠤᠷᠢᠯᠠᠬᠤ ᠵᠢ ᠰᠣᠨᠣᠰᠤᠭᠰᠠᠨ᠎ᠤ ᠳᠠᠷᠠᠭ᠎ᠠ᠂ ᠬᠤᠷᠠᠯ᠎ᠳᠤ ᠣᠷᠣᠯᠴᠠᠭᠰᠠᠳ ᠢᠯᠡᠷᠭᠡᠶ᠋ᠢᠯᠡᠵᠡᠭᠡᠭᠰᠡᠨ᠎ᠨᠢ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠡᠨᠡ ᠬᠦ᠌ ᠭᠤᠣᠯ ᠰᠢᠵᠢᠮ᠎ᠢ ᠡᠯ᠎ᠡ ᠵᠦᠢ᠍ᠯ᠎ᠤᠨ ᠠᠵᠢᠯ᠎ᠤᠨ ᠳᠤᠮᠳᠠ᠎ᠪᠠᠨ ᠲᠤᠤᠱᠯᠠᠭᠤᠯᠵᠤ᠂ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠰᠤᠷᠤᠯᠴᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠢᠳᠡᠪᠬᠢᠲᠡᠢ ᠪᠤᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠵᠤ᠂ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠡᠶᠡᠯᠡᠭᠦᠯᠦᠨ᠎ᠡ ᠬᠡᠵᠡᠢ᠃

ᠢᠷᠡᠯᠲᠡ᠄ ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠥᠬᠡᠬᠤᠲᠠ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠴᠢᠳ᠎ᠢ 264.86 ᠲᠦᠮᠡᠨ ᠬᠥᠮᠥᠨ ᠤᠳᠠᠭ᠎ᠠ ᠬᠦᠯᠢᠶᠡᠨ ᠠᠪᠤᠪᠠ
ᠮᠠᠨ᠎ᠤ ᠬᠤᠲᠠ 2024 ᠣᠨ᠎ᠤ 《5 · 18 ᠣᠯᠠᠨ ᠤᠯᠤᠰ᠎ᠤᠨ ᠮᠦᠽᠧᠶ ᠵᠢᠨ ᠡᠳᠦᠷ》᠎ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠪᠣᠣ ᠭᠠᠩ ᠲᠤᠰᠬᠠᠢ ᠰᠡᠳᠦᠪᠲᠦ ᠬᠤᠷᠠᠯ᠎ᠢ ᠡᠷᠬᠢᠯᠡᠨ ᠬᠤᠷᠠᠯᠳᠤᠭᠤᠯᠵᠤ ᠮᠠᠨ᠎ᠤ ᠬᠤᠳᠠ ᠵᠢᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠠᠵᠢᠯ᠎ᠢ ᠰᠤᠳᠤᠯᠤᠨ ᠪᠠᠶ᠋ᠢᠷᠢᠯᠠᠭᠤᠯᠪᠠ
ᠪᠥᠬᠦ ᠬᠤᠲᠠ ᠵᠢᠨ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠰᠢᠨ᠎ᠡ ᠬᠤᠲᠠ ᠲᠣᠭᠤᠷᠢᠭ᠎ᠤᠨ ᠲᠤᠬᠠᠶ ᠵᠢᠨ ᠲᠠᠯᠠᠪᠠᠢ ᠵᠢᠨ ᠬᠤᠷᠠᠯ ᠬᠤᠷᠠᠯᠳᠤᠪᠠ
ᠬᠥᠬᠡᠬᠤᠲᠠ ᠵᠤᠨ᠎ᠤ ᠤᠯᠠᠷᠢᠯ᠎ᠤᠨ ᠢᠳᠡᠭᠡᠨ ᠤᠮᠳᠠᠭ᠋ᠠᠨ᠎ᠤ ᠠᠵᠤ ᠠᠬᠤᠶ᠋ᠢᠯᠠᠯ᠎ᠤᠨ ᠢᠳᠡᠭᠡᠨ᠎ᠤ ᠠᠮᠤᠷ ᠲᠦᠪᠰᠢᠨ᠎ᠢ ᠠᠬᠢᠭᠤᠯᠬᠤ ᠬᠤᠷᠠᠯ ᠬᠤᠷᠠᠯᠳᠤᠭᠤᠯᠪᠠ
 
            