ᠰᠠᠷᠠᠨ ᠲᠡᠷᠭᠡᠯᠰᠢᠵᠦ ᠭᠡᠷ ᠬᠤᠲᠠᠯᠠᠭ᠋ᠠᠷ ᠨᠠᠶ᠋ᠢᠷᠯᠠᠯᠳᠤᠨ ᠵᠢᠷᠭ᠋ᠠᠵᠤ ᠪᠠᠶ᠋ᠢᠭ᠎ᠠ ᠵᠢᠷᠤᠭ ᠳᠦᠷᠢ 《ᠳᠠᠭᠢᠨᠢ ᠵᠢᠨ ᠴᠠᠭ᠋ᠠᠨ ᠰᠠᠷ᠎ᠠ》 ᠳᠠᠭᠤᠨ᠎ᠤ ᠤᠶᠠᠩᠭ᠎ᠠ ᠡᠭᠡᠰᠢᠭ ᠪᠣᠯᠣᠨ ᠬᠠᠩᠭᠢᠨᠠᠵᠤ᠂ ᠥᠪᠥᠷ ᠮᠣᠩᠭᠤᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠤᠨ ᠨᠠᠶ᠋ᠢᠷᠠᠯ ᠳᠠᠭᠤᠤ ᠵᠢᠨ ᠪᠦᠯᠭᠦᠮ ᠡᠷᠭᠢᠯᠡᠭᠰᠡᠨ ᠳᠠᠭᠤᠤ ᠬᠥᠭᠵᠢᠮ᠎ᠤᠨ ᠴᠤᠭᠯᠠᠭ᠋ᠠᠨ 《ᠳᠥᠷᠪᠡᠨ ᠤᠯᠠᠷᠢᠯ》 ᠦᠵᠡᠭᠴᠢᠳ᠎ᠤᠨ ᠨᠢᠵᠢᠭᠢᠨᠡᠭᠰᠡᠨ ᠠᠯᠠᠭ᠎ᠠ ᠲᠡᠰᠢᠯᠲᠡ ᠵᠢᠨ ᠳᠤᠮᠳᠠ ᠨᠢᠵᠢᠭᠢᠷ ᠰᠠᠶ᠋ᠢᠬᠠᠨ ᠦᠷᠭᠦᠯᠵᠢᠯᠡᠨ᠎ᠡ᠃
ᠣᠷᠴᠢᠮᠬᠠᠨ ᠶᠠᠪᠤᠭᠳᠠᠭᠰᠠᠨ ᠡᠨᠡ ᠬᠦ᠌ ᠳᠠᠭᠤᠤ ᠬᠥᠭᠵᠢᠮ᠎ᠤᠨ ᠴᠤᠭᠯᠠᠭ᠋ᠠᠨ᠎ᠨᠢ ᠳᠥᠷᠪᠡᠨ ᠤᠯᠠᠷᠢᠯ ᠵᠶ᠋ᠠᠷ ᠭᠤᠣᠯ ᠰᠡᠳᠦᠪ ᠪᠣᠯᠭ᠋ᠠᠨ᠂ ᠢᠷᠠᠭᠤ ᠰᠠᠶ᠋ᠢᠬᠠᠨ ᠳᠠᠭᠤᠤ ᠬᠥᠭᠵᠢᠮ ᠵᠶ᠋ᠠᠷ ᠣᠯᠠᠨ ᠵᠦᠢ᠍ᠯ᠎ᠤᠨ ᠬᠡᠪ ᠨᠠᠮᠪᠠ ᠪᠦᠬᠦᠢ ᠪᠠᠶ᠋ᠢᠭ᠋ᠠᠯᠢ ᠵᠢᠨ ᠦᠵᠡᠮᠵᠢ ᠵᠢ ᠵᠢᠷᠤᠭᠯᠠᠵᠤ᠂ ᠠᠮᠢ ᠠᠬᠤᠢ ᠣᠷᠴᠢᠨ ᠲᠣᠭᠤᠷᠢᠨ᠎ᠢ ᠬᠠᠮᠠᠭ᠋ᠠᠯᠠᠬᠤ ᠣᠶ᠋ᠢᠯᠠᠭ᠋ᠠᠭᠳᠠᠬᠤᠨ᠎ᠢ ᠰᠠᠨᠠᠭ᠋ᠠᠴᠢᠯᠠᠭᠰᠠᠨ 14 ᠪᠦᠲᠦᠭᠡᠯ᠎ᠢ 《ᠰᠢᠪᠠᠭᠤᠳ ᠵᠢᠷᠭᠢᠵᠦ ᠴᠢᠭᠢᠭ ᠦᠨᠦᠰᠳᠡᠭᠰᠡᠨᠨᠢ》᠂ 《ᠬᠤᠷ᠎ᠠ ᠵᠦᠰᠡᠷᠡᠵᠦ ᠴᠡᠴᠡᠭ ᠮᠢᠷᠠᠯᠵᠠᠭᠰᠠᠨ᠎ᠨᠢ》᠂ 《ᠲᠡᠭᠷᠢ ᠴᠡᠯᠮᠡᠵᠦ ᠡᠭᠦᠯᠡᠰ ᠭᠦᠪᠦᠯᠵᠡᠭᠰᠡᠨ᠎ᠨᠢ》᠂ 《ᠴᠠᠰᠤ ᠯᠠᠪᠰᠠᠯᠠᠵᠤ ᠠᠭᠤᠯᠠᠰ ᠨᠥᠮᠥᠷᠢᠳᠡᠭᠰᠡᠨᠨᠢ》 ᠭᠡᠬᠦ ᠳᠥᠷᠪᠡᠨ ᠪᠦᠯᠦᠭ ᠬᠤᠪᠢᠶᠠᠨ ᠳᠠᠭᠤᠤ ᠬᠥᠭᠵᠢᠮ ᠬᠢᠭᠡᠳ ᠠᠮᠢ ᠠᠬᠤᠢ ᠵᠢᠨ ᠲᠡᠭᠦᠰ ᠰᠠᠶ᠋ᠢᠬᠠᠨ ᠠᠭᠤᠰᠤᠯᠴᠠᠯ᠎ᠢ ᠳᠡᠯᠭᠡᠨ ᠦᠵᠡᠭᠦᠯᠵᠦ᠂ ᠬᠥᠮᠥᠰ᠎ᠲᠤ ᠠᠮᠢ ᠠᠬᠤᠢ ᠣᠷᠴᠢᠨ ᠲᠣᠭᠤᠷᠢᠨ᠎ᠢ ᠵᠠᠪᠠᠯ ᠰᠠᠶ᠋ᠢᠲᠤᠷ ᠬᠠᠮᠠᠭ᠋ᠠᠯᠠᠬᠤ ᠲᠤᠬᠠᠢ ᠰᠡᠩᠬᠡᠷᠡᠭᠦᠯᠦᠯ ᠥᠭᠴᠡᠢ᠃
ᠦᠳᠡᠰᠢᠯᠡᠭᠡ᠎ᠳᠤ ᠤᠷᠢᠬᠠᠨ ᠬᠠᠪᠤᠷ ᠵᠶ᠋ᠠᠷ ᠮᠠᠯᠴᠢᠳ ᠲᠥᠯ ᠲᠤᠰᠴᠦ ᠪᠠᠶᠠᠰᠤᠯᠳᠤᠨ ᠶᠠᠭ᠋ᠠᠷᠠᠯᠳᠤᠭᠰᠠᠨ ᠠᠮᠢᠳᠤᠷᠠᠯ᠎ᠢ ᠵᠢᠷᠤᠭᠯᠠᠭᠰᠠᠨ ᠳᠠᠭᠤᠤ 《ᠲᠣᠶ᠋ᠢᠭ》᠂ ᠥᠪᠥᠷ ᠮᠣᠩᠭᠤᠯ᠎ᠤᠨ ᠰᠣᠩᠭᠤᠳᠠᠭ ᠳᠠᠭᠤᠤ 《ᠦᠬᠡᠷ᠎ᠲᠦ ᠬᠦᠢ᠍ᠲᠡᠨ》᠂ 《ᠤᠭ᠋ᠠᠯᠵᠠᠨ ᠬᠡ᠎ᠲᠠᠢ ᠡᠮᠡᠭᠡᠯ》᠂ 《ᠨᠤᠲᠤᠭ᠎ᠤᠨ ᠳᠠᠭᠤᠤ᠎ᠪᠠᠨ ᠨᠠᠮ᠎ᠳᠠᠭᠠᠨ ᠳᠠᠭᠤᠯᠠᠶ᠎ᠠ》 ᠵᠡᠷᠭᠡ ᠳᠠᠭᠤᠤ ᠵᠢ ᠳᠠᠭᠤᠯᠠᠵᠤ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠠᠮ᠎ᠤᠨ ᠳᠠᠭ᠋ᠠᠭᠤᠯᠭ᠎ᠠ ᠳᠣᠣᠷ᠎ᠠ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠵᠢᠨ ᠵᠠᠮ ᠵᠶ᠋ᠠᠷ ᠵᠠᠮᠨᠠᠵᠤ ᠪᠠᠶ᠋ᠢᠭ᠎ᠠ ᠪᠠᠶ᠋ᠢᠳᠠᠯ᠎ᠢ ᠬᠠᠷᠠᠭᠤᠯᠵᠠᠢ᠃ ᠨᠠᠶ᠋ᠢᠷᠠᠯ ᠳᠠᠭᠤᠤ ᠵᠢᠨ ᠪᠦᠯᠭᠦᠮ᠎ᠤᠨ ᠳᠠᠭᠤᠴᠢᠳ ᠤᠨ ᠬᠡᠦᠬᠡᠳ᠎ᠤᠳ ᠤᠯᠠᠭ᠋ᠠᠨ ᠳ᠋ᠧᠩᠯᠦ ᠪᠠᠷᠢᠵᠤ᠂ ᠴᠡᠭᠡᠯᠬᠡᠨ ᠲᠤᠩᠭ᠋ᠠᠯᠠᠭ ᠬᠡᠦᠬᠡᠳ᠎ᠤᠨ ᠳᠠᠭᠤᠨ ᠵᠶ᠋ᠠᠷ 《ᠡᠭᠦᠷᠢᠳᠡ ᠠᠮᠤᠭᠤᠯᠠᠩ ᠪᠠᠶ᠋ᠢᠭ᠋ᠠᠰᠠᠢ》 ᠭᠡᠬᠦ ᠳᠠᠭᠤᠤ ᠵᠢᠨ ᠤᠳᠤᠷᠢᠳᠬᠠᠯ᠎ᠤᠨ ᠬᠡᠰᠡᠭ᠎ᠢ ᠳᠠᠭᠤᠯᠠᠵᠤ᠂ ᠦᠳᠡᠰᠢᠯᠡᠭᠡ ᠵᠢ ᠤᠯᠠᠮ ᠤᠳᠬ᠎ᠠ ᠭᠦᠨ ᠭᠡᠯᠪᠡᠷᠢ ᠰᠢᠨ᠎ᠡ ᠪᠤᠯᠭ᠋ᠠᠬᠰᠠᠨ ᠵᠶ᠋ᠠᠷ ᠪᠠᠷᠠᠬᠤ ᠦᠭᠡᠢ᠂ ᠦᠵᠡᠭᠴᠢᠳ᠎ᠲᠤ ᠪᠠᠶᠠᠷ᠎ᠤᠨ ᠡᠳᠦᠷ᠎ᠤᠨ ᠵᠥᠩᠨᠡᠯ ᠳᠡᠪᠰᠢᠭᠦᠯᠦᠨ᠂ ᠨᠠᠶ᠋ᠢᠷᠠᠯ ᠳᠠᠭᠤᠤ ᠵᠢᠨ ᠳᠤᠮᠳᠠ ᠤᠮᠠᠷᠠᠲᠤ ᠬᠢᠯᠢ ᠵᠢᠨ ᠰᠣᠶᠣᠯ᠎ᠢ ᠤᠯᠠᠮᠵᠢᠯᠠᠵᠠᠢ᠃ ᠳᠠᠭᠤᠤ ᠬᠥᠭᠵᠢᠮ᠎ᠤᠨ ᠦᠳᠡᠰᠢᠯᠡᠭᠡ᠎ᠨᠢ 《ᠬᠥᠳᠡᠭᠡ ᠲᠠᠯ᠎ᠠ᠎ᠳᠤ ᠮᠥᠩᠬᠡ ᠵᠢᠨ ᠨᠠᠷᠡᠠ ᠮᠠᠨᠳᠤᠯ᠎ᠠ》 ᠭᠡᠬᠦ ᠳᠠᠭᠤᠤ᠎ᠪᠠᠷ ᠥᠨᠳᠥᠷᠯᠡᠵᠦ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ ᠵᠶ᠋ᠠᠨ ᠮᠠᠭᠲᠠᠨ ᠳᠠᠭᠤᠯᠠᠵᠤ᠂ ᠨᠤᠲᠤᠭ ᠤᠰᠤ᠎ᠪᠠᠨ ᠬᠠᠶ᠋ᠢᠷᠠᠯᠠᠵᠤ᠂ ᠰᠢᠨ᠎ᠡ ᠠᠮᠢᠳᠤᠷᠠᠯ ᠵᠶ᠋ᠠᠨ ᠮᠠᠭᠲᠠᠨ ᠳᠠᠭᠤᠯᠠᠭᠰᠠᠨ ᠰᠡᠳᠬᠢᠯ᠎ᠤᠨ ᠳᠠᠭᠤᠨ᠎ᠢ ᠤᠶᠠᠩᠭ᠋ᠠᠯᠠᠪᠠ᠃
ᠦᠵᠡᠭᠴᠢᠳ᠎ᠤᠨ ᠬᠦᠰᠡᠯ ᠱᠠᠭ᠋ᠠᠷᠳᠠᠯᠭ᠎ᠠ᠎ᠪᠠᠷ ᠨᠠᠶ᠋ᠢᠷᠠᠯ ᠳᠠᠭᠤᠤ ᠵᠢᠨ ᠪᠦᠯᠭᠦᠮ ᠪᠠᠰᠠ 《ᠦᠵᠡᠰᠬᠦᠯᠡᠩᠲᠦ ᠰᠠᠶ᠋ᠢᠬᠠᠨ ᠮᠢᠨᠤ ᠨᠤᠲᠤᠭ》 ᠪᠣᠯᠣᠨ 《ᠳᠦᠷᠪᠡᠨ ᠳᠠᠯᠠᠢ》 ᠭᠡᠬᠦ ᠬᠤᠶᠠᠷ ᠳᠠᠭᠤᠤ ᠵᠢ ᠳᠠᠭᠤᠯᠠᠵᠤ᠂ ᠠᠬᠤᠢ ᠲᠠᠯᠠᠪᠠᠢ ᠵᠢᠨ ᠦᠵᠡᠭᠴᠢᠳ ᠨᠢᠵᠢᠭᠢᠨᠡᠲᠡᠯ᠎ᠡ ᠠᠯᠠᠭ᠎ᠠ ᠲᠠᠰᠢᠵᠤ᠂ ᠰᠠᠯᠵᠤ ᠶᠠᠳᠠᠨ ᠪᠠᠶ᠋ᠢᠯ᠎ᠠ᠃ ᠦᠵᠡᠭᠴᠢᠳ 《ᠨᠠᠶ᠋ᠢᠷᠠᠯ ᠳᠠᠭᠤᠤ ᠵᠢᠨ ᠪᠦᠯᠭᠦᠮ᠎ᠤᠨ ᠳᠠᠭᠤᠯᠠᠬᠤᠢ ᠵᠢᠨ ᠤᠷ᠎ᠠ ᠮᠡᠷᠭᠡᠵᠢᠯ ᠦᠨᠡᠬᠡᠷ ᠰᠠᠶ᠋ᠢᠨ᠂ ᠮᠠᠨᠤᠰ᠎ᠲᠤ ᠳᠠᠭᠤᠤ ᠬᠥᠭᠵᠢᠮ᠎ᠤᠨ ᠷᠢᠳᠢ ᠰᠢᠳᠢ ᠵᠢ ᠮᠡᠳᠡᠷᠡᠭᠦᠯᠦᠭᠰᠡᠨ ᠵᠶ᠋ᠠᠷ ᠪᠠᠷᠠᠬᠤ ᠦᠭᠡᠢ ᠥᠪᠥᠷ ᠮᠣᠩᠭᠤᠯ᠎ᠤᠨ ᠳᠥᠷᠪᠡᠨ ᠤᠯᠠᠷᠢᠯ᠎ᠤᠨ ᠭᠤᠸ᠎ᠠ ᠰᠠᠶ᠋ᠢᠬᠠᠨ᠎ᠢ ᠤᠷᠠᠯᠢᠭ ᠵᠶ᠋ᠠᠷ ᠮᠡᠳᠡᠷᠡᠭᠦᠯᠦᠯ᠎ᠡ》 ᠭᠡᠵᠦ ᠮᠠᠭᠲᠠᠨ᠎ᠠ᠃ 《ᠪᠢᠳᠡ ᠦᠷᠭᠦᠯᠵᠢᠯᠡᠨ ᠳᠠᠭᠤᠤ ᠬᠥᠭᠵᠢᠮ ᠵᠶ᠋ᠠᠷ ᠠᠴᠢᠶᠠᠯᠠᠪᠤᠷᠢ ᠪᠣᠯᠭ᠋ᠠᠨ ᠪᠣᠬᠢᠷᠳᠤᠯ ᠦᠭᠡᠢ ᠠᠮᠢ ᠠᠬᠤᠢ ᠵᠢᠨ ᠣᠶ᠋ᠢᠯᠠᠭ᠋ᠠᠭᠳᠠᠬᠤᠨ᠎ᠢ ᠨᠡᠩ ᠤᠯᠠᠨ ᠬᠥᠮᠥᠨ᠂ ᠨᠡᠩ ᠤᠯᠠᠨ ᠭᠠᠵᠠᠷ᠎ᠲᠤ ᠳᠠᠮᠵᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ》 ᠭᠡᠵᠦ ᠨᠠᠶ᠋ᠢᠷᠠᠯ ᠳᠠᠭᠤᠤ ᠵᠢᠨ ᠪᠦᠯᠭᠦᠮ᠎ᠤᠨ ᠲᠣᠭᠯᠠᠭᠴᠢᠳ ᠶᠠᠷᠢᠵᠠᠭ᠋ᠠᠵᠤ ᠪᠠᠶ᠋ᠢᠯ᠎ᠠ᠃