ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠮᠠᠨᠵᠤᠤᠷ ᠮᠦᠽᠧᠢ ᠵᠢᠨ᠎ᠬᠢᠨ ᠡᠨᠡ ᠵᠢᠯ᠎ᠤᠨ ᠠᠩᠬᠠᠳᠠᠭᠴᠢ ᠮᠣᠩᠭᠣᠯ ᠤᠯᠤᠰ᠎ᠤᠨ ᠲᠣᠭᠣᠷᠢᠨ ᠦᠵᠡᠬᠦ ᠪᠦᠯᠬᠦᠮ ᠵᠶ᠋ᠡᠨ ᠤᠭᠲᠤᠯ᠎ᠠ
ᠨᠡᠶᠢᠲᠡᠯᠡᠭᠰᠡᠨ ᠴᠠᠭ᠄ 2024-03-16

     3 ᠳ᠋ᠤᠭ᠋ᠠᠷ ᠰᠠᠷ᠎ᠠ ᠵᠢᠨ 6᠎ᠤ ᠡᠳᠦᠷ᠂ ᠮᠠᠨᠵᠤᠤᠷ ᠮᠦᠽᠧᠢ ᠵᠢᠨ᠎ᠬᠢᠨ ᠡᠨᠡ ᠵᠢᠯ᠎ᠤᠨ ᠠᠩᠬᠠᠳᠠᠭᠴᠢ ᠨᠡᠯᠢᠶᠡᠳ ᠶᠡᠬᠡ ᠬᠡᠪᠴᠢᠶᠡᠨ᠎ᠤ ᠭᠠᠳᠠᠭ᠋ᠠᠳᠤ ᠵᠢᠨ ᠰᠦᠯᠵᠢᠶᠡᠨ᠎ᠠᠴᠠ ᠭᠠᠳᠠᠭᠤᠷᠬᠢ ᠵᠢᠭᠤᠯᠴᠢᠯᠠᠯ᠎ᠤᠨ ᠲᠣᠭᠣᠷᠢᠨ ᠦᠵᠡᠬᠦ ᠪᠦᠯᠬᠦᠮ ᠵᠶ᠋ᠡᠨ ᠤᠭᠲᠤᠨ ᠠᠪᠴᠢᠷᠠᠪᠠ᠃ ᠮᠣᠩᠭᠣᠯ ᠤᠯᠤᠰ᠎ᠤᠨ ᠤᠯᠠᠭ᠋ᠠᠨᠪᠠᠭ᠋ᠠᠲᠤᠷ ᠬᠤᠳᠠ ᠵᠢᠨ ᠵᠢᠭᠤᠯᠴᠢᠯᠠᠯ᠎ᠤᠨ ᠲᠣᠪᠴᠢᠶ᠎ᠠ ᠵᠢᠨ ᠵᠣᠬᠢᠶᠠᠨ ᠪᠠᠢ᠌ᠭᠤᠯᠤᠭᠰᠠᠨ 50 ᠭᠠᠷᠤᠢ ᠲᠣᠭᠣᠷᠢᠨ ᠦᠵᠡᠬᠦ ᠪᠦᠯᠬᠦᠮ᠎ᠤᠨ ᠪᠦᠷᠢᠯᠳᠦᠭᠦᠨ ᠮᠠᠨᠵᠤᠤᠷ ᠮᠦᠽᠧᠢ᠎ᠲᠠᠢ ᠪᠠᠶᠠᠯᠢᠭ ᠤᠳᠬ᠎ᠠ ᠠᠭᠤᠯᠭ᠎ᠠ᠎ᠲᠠᠢ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠥᠷᠨᠢᠭᠦᠯᠵᠡᠢ᠃
      ᠮᠣᠩᠭᠣᠯ ᠤᠯᠤᠰ᠎ᠤᠨ ᠲᠣᠭᠣᠷᠢᠨ ᠦᠵᠡᠬᠦ ᠪᠦᠯᠬᠦᠮ᠎ᠤᠨ ᠭᠡᠰᠢᠭᠦᠳ ᠮᠠᠨᠵᠤᠤᠷ ᠮᠦᠽᠧᠢ ᠵᠢᠨ ᠡᠯ᠎ᠡ ᠦᠵᠡᠭᠦᠯᠭᠡ ᠵᠢᠨ ᠲᠢᠩᠬᠢᠮ᠎ᠢ ᠲᠣᠭᠣᠷᠢᠨ ᠦᠵᠡᠵᠦ᠂ ᠮᠠᠨᠵᠤᠤᠷ ᠣᠷᠣᠨ᠎ᠤ ᠣᠷᠴᠢᠨ ᠤᠳᠤ ᠦᠶ᠎ᠡ ᠵᠢᠨ ᠲᠡᠦᠬᠡ ᠵᠢᠨ ᠤᠯᠠᠷᠢᠯ ᠬᠤᠪᠢᠰᠤᠯ᠂ ᠲᠤᠬᠠᠢ ᠵᠢᠨ ᠭᠠᠵᠠᠷ᠎ᠤᠨ ᠰᠣᠶᠣᠯ᠎ᠤᠨ ᠡᠬᠢ ᠰᠤᠷᠪᠤᠯᠵᠢ ᠵᠢᠴᠢ ᠳᠡᠯᠭᠡᠨ ᠦᠵᠡᠭᠦᠯᠦᠭᠰᠡᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠨᠠᠷᠢᠨ ᠣᠢ᠌ᠯᠠᠭ᠋ᠠᠭᠰᠠᠨ᠎ᠤ ᠳᠠᠷᠠᠭ᠎ᠠ᠂ ᠮᠠᠨᠵᠤᠤᠷ ᠮᠦᠽᠧᠢ ᠵᠢᠨ ᠡᠯᠪᠡᠭ ᠪᠠᠶᠠᠯᠢᠭ ᠦᠵᠡᠭᠦᠯᠭᠡ ᠵᠢᠨ ᠵᠦᠢ᠍ᠯ ᠪᠣᠯᠣᠨ ᠨᠠᠷᠢᠨ ᠨᠢᠮᠪᠠᠢ ᠲᠥᠰᠥᠪᠯᠡᠭᠰᠡᠨ ᠦᠵᠡᠭᠦᠯᠭᠡ ᠵᠢ ᠳᠡᠭᠡᠳᠦ ᠬᠡᠮᠵᠢᠶ᠎ᠡ᠎ᠪᠠᠷ ᠮᠠᠭᠲᠠᠨ ᠰᠠᠢ᠌ᠰᠢᠶᠠᠵᠤ᠂ ᠡᠭᠦᠨ᠎ᠤ ᠬᠠᠮᠲᠤ ᠮᠠᠨᠵᠤᠤᠷ᠎ᠲᠤ ᠦᠵᠡᠵᠦ ᠰᠣᠨᠣᠰᠤᠭᠰᠠᠨ ᠵᠦᠢ᠍ᠯ ᠵᠶ᠋ᠡᠨ ᠮᠣᠩᠭᠣᠯ ᠤᠯᠤᠰ᠎ᠲᠠᠭᠠᠨ ᠠᠪᠠᠴᠢᠵᠤ᠂ ᠨᠡᠩ ᠤᠯᠠᠨ ᠨᠠᠢ᠌ᠵᠠ ᠪᠣᠯᠣᠨ ᠠᠷᠠᠳ ᠤᠯᠠᠨ᠎ᠳᠤ ᠬᠤᠪᠢᠶᠠᠨ ᠡᠳ᠋ᠯᠡᠭᠦᠯᠵᠦ᠂ ᠮᠣᠩᠭᠣᠯ᠎ᠤᠨ ᠲᠠᠯ᠎ᠠ ᠵᠢᠨ᠎ᠬᠢᠨ᠎ᠤ ᠮᠠᠨᠵᠤᠤᠷ᠎ᠢ ᠣᠢ᠌ᠯᠠᠭ᠋ᠠᠬᠤ᠂ ᠮᠠᠨᠵᠤᠤᠷ᠎ᠢ ᠤᠬᠠᠭᠤᠯᠬᠤ᠂ ᠨᠡᠩ ᠤᠯᠠᠨ ᠮᠣᠩᠭᠣᠯ ᠤᠯᠤᠰ᠎ᠤᠨ ᠵᠢᠭᠤᠯᠴᠢᠯᠠᠭᠴᠢᠳ᠎ᠢ ᠵᠣᠬᠢᠶᠠᠨ ᠪᠠᠢ᠌ᠭᠤᠯᠤᠨ ᠮᠠᠨᠵᠤᠤᠷ᠎ᠲᠤ ᠢᠷᠡᠭᠦᠯᠵᠦ ᠡᠮᠦᠨᠡᠬᠢ ᠬᠤᠭᠤᠴᠠᠭ᠋ᠠᠨ᠎ᠤ ᠪᠡᠯᠡᠳᠬᠡᠯ ᠠᠵᠢᠯ᠎ᠢ ᠰᠠᠢ᠌ᠲᠤᠷ ᠬᠢᠯᠭᠡᠵᠦ᠂ ᠳᠤᠮᠳᠠᠳᠤ ᠮᠣᠩᠭᠣᠯ᠎ᠤᠨ ᠨᠥᠬᠥᠷᠰᠡᠭ ᠵᠶ᠋ᠡᠷ ᠬᠠᠮᠲᠤᠷᠠᠨ ᠠᠵᠢᠯᠯᠠᠬᠤ ᠬᠠᠷᠢᠯᠴᠠᠭ᠎ᠠ ᠵᠢ ᠦᠷᠭᠦᠯᠵᠢᠯᠡᠨ ᠬᠥᠭᠵᠢᠭᠦᠯᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠢ᠃
      ᠲᠤᠰ ᠤᠳᠠᠭ᠎ᠠ ᠵᠢᠨ ᠮᠣᠩᠭᠣᠯ ᠤᠯᠤᠰ᠎ᠤᠨ ᠲᠣᠭᠣᠷᠢᠨ ᠦᠵᠡᠬᠦ ᠪᠦᠯᠬᠦᠮ᠎ᠤᠨ ᠮᠠᠨᠵᠤᠤᠷ᠎ᠲᠤ ᠢᠷᠡᠭᠰᠡᠨ ᠠᠶ᠋ᠢᠯᠴᠢᠯᠠᠯᠲᠠ ᠪᠣᠯ ᠨᠢᠭᠡ ᠤᠳᠠᠭ᠎ᠠ ᠵᠢᠨ ᠠᠮᠵᠢᠯᠲᠠ᠎ᠲᠠᠢ ᠭᠠᠳᠠᠭ᠋ᠠᠳᠤ᠎ᠯᠤᠭ᠎ᠠ ᠵᠢᠨ ᠰᠣᠶᠣᠯ᠎ᠤᠨ ᠰᠣᠯᠢᠯᠴᠠᠭ᠎ᠠ ᠪᠣᠯᠣᠨ᠎ᠠ᠃ ᠭᠠᠳᠠᠭ᠋ᠠᠳᠤ ᠵᠢᠨ ᠨᠠᠢ᠌ᠵᠠ ᠨᠠᠷ᠎ᠲᠤ ᠮᠠᠨᠵᠤᠤᠷ᠎ᠤᠨ ᠲᠡᠦᠬᠡ ᠰᠣᠶᠣᠯ ᠪᠣᠯᠣᠨ ᠵᠢᠭᠤᠯᠴᠢᠯᠠᠯ᠎ᠤᠨ ᠡᠬᠢ ᠪᠠᠶᠠᠯᠢᠭ᠎ᠢ ᠨᠡᠩ ᠭᠦᠨᠵᠡᠭᠡᠢ ᠣᠢ᠌ᠯᠠᠭ᠋ᠠᠭᠤᠯᠬᠤ ᠵᠢᠨ ᠬᠠᠮᠲᠤ ᠮᠠᠨᠵᠤᠤᠷ᠎ᠤᠨ ᠥᠪᠡᠷᠮᠢᠴᠡ ᠣᠨᠴᠠᠯᠢᠭ᠎ᠲᠠᠢ ᠰᠣᠶᠣᠯ᠎ᠤᠨ ᠷᠢᠳᠢ ᠰᠢᠳᠢ ᠵᠢ ᠣᠢ᠌ᠯᠠᠭ᠋ᠠᠭᠤᠯᠵᠤ᠂ ᠳᠤᠮᠳᠠᠳᠤ ᠮᠣᠩᠭᠣᠯ ᠬᠣᠶᠠᠷ ᠤᠯᠤᠰ᠎ᠤᠨ ᠬᠣᠭᠣᠷᠣᠨᠳᠣᠬᠢ ᠰᠣᠶᠣᠯ᠎ᠤᠨ ᠰᠣᠯᠢᠯᠴᠠᠭ᠎ᠠ ᠪᠣᠯᠣᠨ ᠬᠠᠮᠲᠤᠷᠠᠯᠴᠠᠭ᠎ᠠ ᠵᠢ ᠨᠡᠩ ᠨᠢᠭᠲᠠᠷᠠᠭᠤᠯᠬᠤ᠎ᠳᠤ ᠬᠦᠴᠦᠨ ᠨᠡᠮᠡᠷᠢᠯᠡᠵᠡᠢ᠃

ᠢᠷᠡᠯᠲᠡ᠄ ᠮᠠᠨᠵᠤᠤᠷ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ᠎ᠤᠨ 2024 ᠣᠨ᠎ᠤ ᠪᠥᠬᠥ ᠠᠢ᠌ᠮᠠᠭ᠎ᠤᠨ ᠮᠦᠽᠧᠢ᠂ ᠳᠤᠷᠠᠰᠬᠠᠯ᠎ᠤᠨ ᠣᠷᠳᠣᠨ᠎ᠤ ᠲᠠᠢ᠌ᠯᠤᠮᠵᠢ ᠪᠠ ᠨᠡᠢ᠌ᠭᠡᠮ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠪᠣᠯᠪᠠᠰᠤᠷᠠᠯ᠎ᠤᠨ ᠠᠩᠭᠢ ᠵᠢᠩᠬᠢᠨᠢ᠎ᠪᠠᠷ ᠬᠢᠴᠢᠶᠡᠯ ᠡᠬᠢᠯᠡᠪᠡ
ᠰᠣᠶᠣᠯ᠎ᠤᠨ ᠰᠠᠶ᠋ᠢᠨ ᠳᠤᠷᠠᠴᠤᠳ᠎ᠤᠨ ᠠᠵᠢᠯᠯᠠᠭ᠎ᠠ ᠤᠯᠤᠰ᠎ᠤᠨ ᠰᠢᠯᠢᠳᠡᠭ ᠲᠥᠷᠥᠯ ᠵᠦᠢ᠍ᠯ᠎ᠳᠤ ᠰᠣᠩᠭᠤᠭᠳᠠᠯ᠎ᠠ
ᠳᠠᠭᠤᠤ ᠬᠥᠭᠵᠢᠮᠲᠦ ᠵᠦᠴᠦᠭᠡ 《ᠬᠢᠵᠠᠭ᠋ᠠᠷ᠎ᠲᠤ ᠭᠢᠯᠠᠯᠵᠠᠭᠰᠠᠨ ᠣᠳᠣᠳ》᠎ᠢ ᠠᠩᠬ᠎ᠠ ᠲᠣᠭᠯᠠᠪᠠ
ᠪᠠᠶ᠋ᠢᠭ᠋ᠠᠯᠢ᠎ᠠᠴᠠ ᠢᠷᠡᠯᠲᠡ᠎ᠲᠠᠢ ᠴᠤ᠌ ᠪᠠᠶ᠋ᠢᠭ᠋ᠠᠯᠢ᠎ᠠᠴᠠ ᠳᠠᠪᠠᠮᠠᠭ᠋ᠠᠢ
ᠪᠠᠶ᠋ᠢᠭ᠋ᠠᠯᠢ ᠣᠷᠴᠢᠨ ᠵᠶ᠋ᠠᠨ ᠤᠶᠠᠩᠭ᠋ᠠᠯᠠᠭᠰᠠᠨ 《ᠳᠥᠷᠪᠡᠨ ᠤᠯᠠᠷᠢᠯ》
 
            