ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠢ᠌ᠭᠤᠯᠤᠮᠵᠢ ᠵᠢᠨ ᠠᠮᠤᠷ ᠲᠦᠪᠰᠢᠨ᠎ᠤ ᠠᠵᠢᠯ᠎ᠢ ᠪᠠᠢ᠌ᠴᠠᠭ᠋ᠠᠪᠠ
ᠨᠡᠶᠢᠲᠡᠯᠡᠭᠰᠡᠨ ᠴᠠᠭ᠄ 2024-01-26

     1 ᠳ᠋ᠦ᠍ᠭᠡᠷ ᠰᠠᠷ᠎ᠠ ᠵᠢᠨ 16᠎ᠤ ᠡᠳᠦᠷ᠂ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠺᠦᠨᠱ᠌ᠠᠨ ᠲᠣᠭᠣᠷᠢᠭ᠂ ᠴᠢᠩᠱ᠌ᠠᠨ ᠲᠣᠭᠣᠷᠢᠭ ᠵᠡᠷᠭᠡ ᠭᠠᠵᠠᠷ᠎ᠲᠤ ᠬᠦᠷᠴᠦ ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠢ᠌ᠭᠤᠯᠤᠮᠵᠢ ᠵᠢᠨ ᠠᠮᠤᠷ ᠲᠦᠪᠰᠢᠨ᠎ᠤ ᠠᠵᠢᠯ᠎ᠢ ᠪᠠᠢ᠌ᠴᠠᠭ᠋ᠠᠪᠠ᠃ ᠶᠤᠸᠠᠢ ᠶᠢᠨ ᠤᠷᠠᠯᠢᠭ᠎ᠤᠨ ᠪᠣᠯᠪᠠᠰᠤᠷᠠᠭᠤᠯᠤᠯ᠎ᠤᠨ ᠰᠤᠷᠭ᠋ᠠᠭᠤᠯᠢ᠂   ᠺᠠ ᠯᠸ ᠲᠦᠩ ᠬᠤᠸᠠ ᠣᠯᠠᠨ ᠤᠯᠤᠰ᠎ᠤᠨ ᠪᠠᠭ᠋ᠠᠴᠤᠳ ᠬᠡᠦᠬᠡᠳ᠎ᠤᠨ ᠤᠷᠠᠨ ᠵᠢᠷᠤᠭ ᠵᠡᠷᠭᠡ 4 ᠪᠣᠯᠪᠠᠰᠤᠷᠠᠭᠤᠯᠤᠯ᠎ᠤᠨ ᠪᠠᠢ᠌ᠭᠤᠯᠤᠮᠵᠢ ᠵᠢᠨ ᠦᠵᠡᠯ ᠤᠬᠠᠮᠰᠠᠷ᠎ᠤᠨ ᠬᠡᠯᠪᠡᠷᠢ᠂ ᠪᠣᠯᠪᠠᠰᠤᠷᠠᠭᠤᠯᠤᠯ᠎ᠤᠨ ᠲᠠᠯᠠᠪᠤᠷ᠂ ᠪᠣᠯᠪᠠᠰᠤᠷᠠᠭᠤᠯᠤᠯ᠎ᠤᠨ ᠲᠥᠬᠦᠭᠡᠷᠦᠮᠵᠢ᠂ ᠪᠣᠯᠪᠠᠰᠤᠷᠠᠭᠤᠯᠤᠯ᠎ᠤᠨ ᠠᠭᠤᠯᠭ᠎ᠠ᠂ ᠠᠵᠢᠯᠲᠠᠨ ᠵᠡᠷᠭᠡ ᠣᠯᠠᠨ ᠲᠠᠯ᠎ᠠ ᠵᠢᠨ ᠪᠠᠢ᠌ᠳᠠᠯ᠎ᠢ ᠭᠣᠣᠯᠳᠠᠯᠭ᠎ᠠ᠎ᠲᠠᠢ ᠪᠠᠢ᠌ᠴᠠᠭ᠋ᠠᠵᠤ᠂ ᠬᠡᠰᠡᠭ ᠪᠠᠢ᠌ᠭᠤᠯᠤᠮᠵᠢ ᠵᠢᠨ ᠠᠮᠤᠷ ᠲᠦᠪᠰᠢᠨ᠎ᠤ ᠵᠢᠭ᠋ᠠᠯᠲᠠ ᠲᠡᠮᠳᠡᠭ ᠲᠣᠳᠣᠷᠬᠠᠢ ᠦᠭᠡᠢ ᠵᠡᠷᠭᠡ ᠠᠰᠠᠭᠤᠳᠠᠯ᠎ᠳᠤ ᠴᠢᠭᠯᠡᠭᠦᠯᠦᠨ᠂ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠎ᠳᠤ ᠮᠡᠳᠡᠭᠳᠡᠬᠦ ᠵᠢᠨ ᠬᠠᠮᠲᠤ ᠳᠠᠷᠤᠢ᠌ᠬᠠᠨ ᠴᠡᠭᠴᠡᠯᠡᠨ ᠥᠭᠡᠷᠡᠴᠢᠯᠡᠭᠦᠯᠬᠦ᠎ᠪᠠᠷ ᠵᠠᠷᠯᠢᠭᠳᠠᠪᠠ᠃ ᠲᠠᠷᠠᠭ᠋ᠠᠴᠢ ᠵᠢᠨ ᠠᠯᠬᠤᠮ᠎ᠳᠤ᠂ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠨᠢ ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠢ᠌ᠭᠤᠯᠤᠮᠵᠢ ᠵᠢᠨ ᠠᠮᠤᠷ ᠲᠦᠪᠰᠢᠨ᠎ᠤ ᠪᠠᠢ᠌ᠴᠠᠭ᠋ᠠᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠢ᠌ᠭᠤᠯᠤᠮᠵᠢ ᠵᠢᠨ ᠠᠮᠤᠷ ᠲᠦᠪᠰᠢᠨ ᠡᠮᠬᠢ ᠵᠢᠷᠤᠮ᠎ᠲᠠᠢ ᠠᠵᠢᠯᠯᠠᠬᠤ ᠵᠢ ᠦᠨᠡᠨᠬᠦ ᠪᠠᠲᠤᠯᠠᠨ᠎ᠠ᠃

ᠢᠷᠡᠯᠲᠡ᠄ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2024 ᠣᠨ᠎ᠤ ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠋ᠠᠨ᠎ᠳᠤ ᠬᠥᠯᠥᠨ ᠪᠣᠶ᠋ᠢᠷ᠎ᠤᠨ ᠵᠢᠭᠤᠯᠴᠢᠯᠠᠯ᠎ᠤᠨ ᠵᠣᠴᠢᠯᠠᠭ᠎ᠠ ᠦᠷᠭᠦᠯᠵᠢᠯᠡᠨ ᠳᠡᠭᠡᠭᠰᠢᠯᠡᠪᠡ
ᠮᠠᠨᠵᠤᠤᠷ ᠮᠦᠽᠧᠢ ᠵᠢᠨ᠎ᠬᠢᠨ ᠡᠨᠡ ᠵᠢᠯ᠎ᠤᠨ ᠠᠩᠬᠠᠳᠠᠭᠴᠢ ᠮᠣᠩᠭᠣᠯ ᠤᠯᠤᠰ᠎ᠤᠨ ᠲᠣᠭᠣᠷᠢᠨ ᠦᠵᠡᠬᠦ ᠪᠦᠯᠬᠦᠮ ᠵᠶ᠋ᠡᠨ ᠤᠭᠲᠤᠯ᠎ᠠ
ᠬᠢᠩᠭ᠋ᠠᠨ ᠠᠢ᠌ᠮᠠᠭ᠎ᠤᠨ 2024 ᠣᠨ᠎ᠤ ᠪᠥᠬᠥ ᠠᠢ᠌ᠮᠠᠭ᠎ᠤᠨ ᠮᠦᠽᠧᠢ᠂ ᠳᠤᠷᠠᠰᠬᠠᠯ᠎ᠤᠨ ᠣᠷᠳᠣᠨ᠎ᠤ ᠲᠠᠢ᠌ᠯᠤᠮᠵᠢ ᠪᠠ ᠨᠡᠢ᠌ᠭᠡᠮ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠪᠣᠯᠪᠠᠰᠤᠷᠠᠯ᠎ᠤᠨ ᠠᠩᠭᠢ ᠵᠢᠩᠬᠢᠨᠢ᠎ᠪᠠᠷ ᠬᠢᠴᠢᠶᠡᠯ ᠡᠬᠢᠯᠡᠪᠡ
ᠰᠣᠶᠣᠯ᠎ᠤᠨ ᠰᠠᠶ᠋ᠢᠨ ᠳᠤᠷᠠᠴᠤᠳ᠎ᠤᠨ ᠠᠵᠢᠯᠯᠠᠭ᠎ᠠ ᠤᠯᠤᠰ᠎ᠤᠨ ᠰᠢᠯᠢᠳᠡᠭ ᠲᠥᠷᠥᠯ ᠵᠦᠢ᠍ᠯ᠎ᠳᠤ ᠰᠣᠩᠭᠤᠭᠳᠠᠯ᠎ᠠ
ᠳᠠᠭᠤᠤ ᠬᠥᠭᠵᠢᠮᠲᠦ ᠵᠦᠴᠦᠭᠡ 《ᠬᠢᠵᠠᠭ᠋ᠠᠷ᠎ᠲᠤ ᠭᠢᠯᠠᠯᠵᠠᠭᠰᠠᠨ ᠣᠳᠣᠳ》᠎ᠢ ᠠᠩᠬ᠎ᠠ ᠲᠣᠭᠯᠠᠪᠠ
 
            