ᠬᠦᠷᠢᠶ᠎ᠡ ᠬᠣᠰᠢᠭᠤᠨ᠎ᠤ ᠡᠯᠡᠰᠦᠨ ᠪᠠᠯᠭ᠋ᠠᠰᠤ ᠤᠮᠠᠷᠠᠲᠤ ᠬᠢᠯᠢ ᠵᠢᠨ ᠰᠣᠶᠣᠯ᠎ᠢ ᠤᠯᠠᠮ ᠨᠢᠭᠡ ᠠᠯᠬᠤᠮ ᠠᠭᠤᠳᠠᠯᠬᠤ ᠪᠠ ᠪᠠᠳᠠᠷᠠᠭᠤᠯᠤᠨ᠂ ᠣᠷᠣᠨ ᠪᠦᠰᠡ ᠵᠢᠨ ᠰᠣᠶᠣᠯ᠎ᠤᠨ ᠠᠭᠤᠯᠤᠭᠳᠠᠬᠤᠨ᠎ᠢ ᠳᠡᠯᠭᠡᠨ ᠦᠵᠡᠭᠦᠯᠵᠦ᠂ ᠡᠯ᠎ᠡ ᠦᠨᠳᠦᠰᠦᠲᠡᠨ᠎ᠤ ᠰᠣᠶᠣᠯ᠎ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ᠎ᠢ ᠨᠡᠮᠡᠭᠳᠡᠭᠦᠯᠬᠦ ᠵᠢᠨ ᠲᠥᠯᠥᠭᠡ ᠣᠷᠣᠨ ᠨᠤᠲᠤᠭ᠎ᠤᠨ ᠣᠨᠴᠠᠯᠢᠭ᠎ᠲᠠᠢ ᠰᠣᠶᠣᠯ ᠤᠷᠠᠯᠢᠭ᠂ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠢᠳᠡᠪᠬᠢᠲᠡᠢ ᠵᠣᠬᠢᠶᠠᠨ ᠪᠠᠢ᠌ᠭᠤᠯᠤᠨ ᠥᠷᠨᠢᠭᠦᠯᠵᠦ ᠪᠠᠢ᠌ᠨ᠎ᠠ᠃
ᠪᠠᠯᠭ᠋ᠠᠰᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠨᠢ ᠡᠯ᠎ᠡ ᠭᠠᠴᠠᠭ᠎ᠠ ᠲᠣᠰᠬᠤᠨ᠎ᠢ ᠵᠣᠬᠢᠶᠠᠨ ᠪᠠᠢ᠌ᠭᠤᠯᠵᠤ᠂ 《ᠮᠥᠷᠥᠢ᠌ᠴᠡᠭᠡᠨ ᠲᠠᠯᠪᠢᠬᠤ》 ᠭᠡᠯᠪᠡᠷᠢ᠎ᠪᠠᠷ ᠠᠯᠠᠭ᠋ᠠᠳᠠᠬᠤ ᠪᠥᠮᠪᠥᠭᠡ ᠵᠢᠨ ᠤᠷᠤᠯᠳᠤᠭ᠋ᠠᠨ᠂ ᠰᠠᠭᠰᠤᠨ ᠪᠥᠮᠪᠥᠭᠡ ᠵᠢᠨ ᠤᠷᠤᠯᠳᠤᠭ᠋ᠠᠨ᠂ 《ᠤᠭ᠌ᠶᠤᠳᠠᠢ》 ᠬᠤᠨᠳᠠᠭ᠋ᠠᠲᠤ ᠬᠣᠷᠴᠢᠨ ᠠᠷᠠᠳ᠎ᠤᠨ ᠳᠠᠭᠤᠤ ᠵᠢᠨ ᠤᠷᠤᠯᠳᠤᠭ᠋ᠠᠨ ᠵᠡᠷᠭᠡ ᠵᠢ ᠲᠣᠰ ᠲᠣᠰ ᠥᠷᠨᠢᠭᠦᠯᠵᠦ᠂ ᠦᠨᠳᠦᠰᠦᠲᠡᠨ᠎ᠤ ᠰᠣᠶᠣᠯ᠎ᠤᠨ ᠬᠥᠭᠵᠢᠯᠲᠡ᠎ᠳᠤ ᠠᠬᠢᠭᠤᠯᠬᠤ ᠦᠢ᠍ᠯᠡᠳᠦᠯ ᠦᠵᠡᠭᠦᠯᠦᠭᠰᠡᠨ ᠪᠠᠢ᠌ᠨ᠎ᠠ᠃ 11 ᠭᠠᠴᠠᠭ᠎ᠠ 43 ᠪᠠᠢ᠌ᠭ᠋ᠠᠯᠢᠯᠢᠭ ᠠᠢ᠌ᠯ᠎ᠤᠨ 130 ᠭᠠᠷᠤᠢ ᠲᠠᠮᠢᠷᠴᠢᠨ᠎ᠢ 11 ᠳᠤᠭᠤᠢ᠌ᠯᠠᠩ ᠬᠤᠪᠢᠶᠠᠵᠤ᠂ ᠰᠢᠢ᠍ᠳᠪᠦᠷᠢᠲᠦ ᠤᠷᠤᠯᠳᠤᠭ᠋ᠠᠨ᠂ ᠨᠤᠭᠤᠯᠤᠭ᠎ᠠ ᠤᠷᠤᠯᠳᠤᠭ᠋ᠠᠨ ᠵᠶ᠋ᠠᠷ ᠳᠠᠮᠵᠢᠵᠦ᠂ ᠲᠡᠷᠢᠭᠦᠨ ᠳᠡᠳ᠋ ᠪᠠᠢ᠌ᠷᠢ ᠵᠢ ᠰᠢᠯᠭ᠋ᠠᠷᠠᠭᠤᠯᠵᠤ᠂ ᠤᠯᠠᠨ ᠲᠦᠮᠡᠨ᠎ᠢ ᠦᠨᠳᠦᠰᠦᠲᠡᠨ᠎ᠤ ᠨᠠᠢ᠌ᠷ ᠨᠠᠭ᠋ᠠᠳᠤᠮ ᠰᠣᠶᠣᠯ᠎ᠤᠨ ᠠᠵᠢᠯᠯᠠᠭ᠎ᠠ᠎ᠪᠠᠨ ᠤᠯᠠᠮᠵᠢᠯᠠᠨ ᠪᠠᠳᠠᠷᠠᠭᠤᠯᠬᠤ ᠭᠦᠨ ᠵᠤᠵᠠᠭ᠋ᠠᠨ ᠬᠠᠢ᠌ᠷ᠎ᠠ ᠰᠡᠳᠬᠢᠯᠭᠡ᠎ᠲᠠᠢ ᠪᠣᠯᠭ᠋ᠠᠨ ᠬᠥᠮᠥᠵᠢᠭᠦᠯᠵᠡᠢ᠃ ᠨᠡᠩ 《ᠤᠭ᠌ᠶᠤᠳᠠᠢ》 ᠬᠤᠨᠳᠠᠭ᠋ᠠᠲᠤ ᠬᠣᠷᠴᠢᠨ ᠠᠷᠠᠳ᠎ᠤᠨ ᠳᠠᠭᠤᠤ ᠵᠢᠨ ᠤᠷᠤᠯᠳᠤᠭ᠋ᠠᠨ᠎ᠢ ᠵᠣᠬᠢᠶᠠᠨ ᠪᠠᠢ᠌ᠭᠤᠯᠤᠨ ᠥᠷᠨᠢᠭᠦᠯᠦᠭᠰᠡᠨ ᠶᠠᠪᠤᠳᠠᠯ᠎ᠨᠢ ᠤᠯᠠᠨ ᠲᠦᠮᠡᠨ᠎ᠤ ᠬᠦᠷᠢᠶᠡᠯᠡᠯ᠎ᠢ ᠶᠡᠬᠡ᠎ᠪᠠᠷ ᠣᠯᠵᠤ᠂ ᠠᠯᠤᠰ᠎ᠤᠨ ᠬᠠᠷᠠᠴᠠ ᠵᠢ ᠨᠢ ᠨᠡᠩ ᠥᠨᠳᠥᠷᠵᠢᠭᠦᠯᠪᠡ᠃ ᠲᠤᠰ ᠤᠷᠤᠯᠳᠣᠭ᠋ᠠᠨᠳᠤ ᠬᠥᠷᠰᠢ ᠵᠡᠷᠭᠡᠯᠡᠳᠡᠭᠡ ᠬᠣᠰᠢᠭᠤ ᠰᠢᠶᠠᠨ᠎ᠤ 140 ᠭᠠᠷᠤᠢ ᠤᠷᠠᠯᠢᠭ᠎ᠤᠨ ᠪᠠᠬᠠᠲᠠᠨ ᠣᠷᠤᠯᠴᠠᠵᠦ᠂《 ᠤᠮᠠᠷᠠᠲᠤ ᠬᠢᠯᠢ ᠵᠢᠨ ᠰᠣᠶᠣᠯ᠎ᠢ ᠪᠠᠳᠠᠷᠠᠭᠤᠯᠵᠤ᠂ ᠦᠨᠳᠦᠰᠦᠲᠡᠨ᠎ᠤ ᠰᠣᠶᠣᠯ ᠵᠶ᠋ᠠᠨ ᠬᠥᠭᠵᠢᠭᠦᠯᠬᠦ》 ᠭᠣᠣᠯ ᠭᠦᠭ ᠠᠶᠠᠰ᠎ᠢ ᠴᠢᠪᠬᠠᠳᠠᠵᠤ᠂ ᠣᠷᠣᠨ ᠨᠤᠲᠤᠭ᠎ᠤᠨ ᠰᠣᠶᠣᠯ᠎ᠳᠠᠭᠠᠨ ᠰᠠᠭᠤᠷᠢᠯᠠᠵᠤ᠂ ᠤᠷ᠎ᠠ ᠠᠪᠢᠶᠠᠰ ᠵᠶ᠋ᠠᠨ ᠪᠠᠳᠠᠷᠠᠭᠤᠯᠤᠨ ᠨᠢᠵᠢᠭᠢᠷ ᠰᠠᠢ᠌ᠬᠠᠨ ᠶᠠᠪᠤᠭᠳᠠᠯ᠎ᠠ᠃ ᠡᠭᠦᠨ᠎ᠠᠴᠠ ᠭᠠᠳᠠᠨ᠎ᠠ᠂ ᠰᠤᠷᠭ᠋ᠠᠭᠤᠯᠢ ᠵᠢᠨ ᠬᠦᠷᠢᠶᠡᠨ᠎ᠤ ᠤᠷᠠᠨ ᠰᠠᠢ᠌ᠬᠠᠨ᠎ᠤ ᠲᠤᠬᠯᠠᠯᠲᠠ ᠵᠢᠴᠢ ᠪᠡᠶ᠎ᠡ ᠵᠢᠨ ᠲᠠᠮᠢᠷ᠎ᠤᠨ ᠠᠵᠢᠯᠯᠠᠭ᠋ᠠᠨ᠎ᠨᠢ ᠵᠠᠯᠠᠭᠤᠴᠤᠳ ᠪᠠᠭ᠋ᠠᠴᠤᠳ᠎ᠢ ᠦᠨᠳᠦᠰᠦᠲᠡᠨ᠎ᠤ ᠰᠣᠶᠣᠯ ᠵᠶ᠋ᠠᠨ ᠬᠠᠢ᠌ᠷᠠᠯᠠᠬᠤ ᠦᠵᠡᠯ ᠰᠡᠳᠬᠢᠯᠭᠡ ᠵᠢ᠎ᠨᠢ ᠨᠡᠮᠡᠭᠳᠡᠭᠦᠯᠵᠦ ᠢᠲᠡᠭᠡᠯ ᠵᠣᠷᠢᠭ᠎ᠢ᠎ᠨᠢ ᠬᠥᠪᠴᠢᠯᠡᠵᠡᠢ᠃ ᠬᠣᠢ᠌ᠰᠢᠳᠠ᠂ ᠡᠯᠡᠰᠦᠨ ᠪᠠᠯᠭ᠋ᠠᠰᠤ 《ᠤᠮᠠᠷᠠᠲᠤ ᠬᠢᠯᠢ ᠵᠢᠨ ᠰᠣᠶᠣᠯ》᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠵᠠᠮ᠎ᠢ ᠲᠠᠰᠤᠷᠠᠯᠲᠠ ᠦᠭᠡᠢ ᠬᠠᠢ᠌ᠨ ᠰᠦᠪᠡᠭᠴᠢᠯᠡᠵᠦ᠂ ᠦᠨᠳᠦᠰᠦᠲᠡᠨ᠎ᠤ ᠰᠣᠶᠣᠯ᠎ᠤᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠭᠤᠷ ᠠᠮᠢᠰᠬᠤᠯ᠎ᠢ ᠥᠳᠬᠡᠷᠡᠭᠦᠯᠦᠨ᠂ ᠡᠯ᠎ᠡ ᠦᠨᠳᠦᠰᠦᠲᠡᠨ᠎ᠤ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ᠎ᠢ ᠤᠯᠠᠮ᠎ᠠᠴᠠ ᠤᠯᠠᠮ ᠠᠬᠢᠭᠤᠯᠬᠤ ᠪᠣᠯᠣᠨ᠎ᠠ᠃