ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠪᠥᠬᠦ ᠬᠤᠲᠠ ᠵᠢᠨ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠰᠢᠨ᠎ᠡ ᠬᠤᠲᠠ ᠲᠣᠭᠤᠷᠢᠭ᠎ᠤᠨ ᠲᠤᠬᠠᠶ ᠵᠢᠨ ᠲᠠᠯᠠᠪᠠᠢ ᠵᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄ 2024-07-29


 

    ᠪᠤᠤ ᠭᠠᠩ ᠶᠠᠷᠢᠶ᠎ᠠ ᠲᠠᠯᠪᠢᠵᠤ ᠾᠧ ᠬᠠᠢ ᠳ᠋ᠦᠩ ᠯᠢ ᠵᠢᠶᠦ᠋ᠩ ᠼᠦᠢ ᠵᠧᠨ ᠦ᠋ ᠣᠷᠣᠯᠴᠠᠵᠠᠢ (ᠰᠤᠷᠪᠤᠯᠵᠢᠯᠠᠭᠴᠢ ᠶᠦᠨ ᠵᠢᠩ) 7 ᠳ᠋ᠤᠭ᠋ᠠᠷ ᠰᠠᠷ᠎ᠠ ᠵᠢᠨ 28᠎ᠤ ᠡᠳᠦᠷ᠂ ᠪᠥᠬᠦ ᠬᠤᠲᠠ ᠵᠢᠨ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠰᠢᠨ᠎ᠡ ᠬᠤᠲᠠ ᠲᠣᠭᠤᠷᠢᠭ᠎ᠤᠨ ᠲᠤᠬᠠᠶ ᠵᠢᠨ ᠲᠠᠯᠠᠪᠠᠢ ᠵᠢᠨ ᠬᠤᠷᠠᠯ ᠬᠤᠷᠠᠯᠳᠤᠵᠤ᠂ ᠪᠥᠬᠦ ᠬᠤᠲᠠ ᠵᠢᠨ ᠥᠷᠭᠡᠨ ᠣᠯᠠᠨ ᠺᠠᠳ᠋ᠷᠴᠤᠳ᠎ᠤᠨ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠦᠨᠡᠨ ᠬᠦ᠌ ᠠᠳᠬᠤᠨ ᠪᠣᠳᠠᠲᠠᠶ ᠠᠵᠢᠯᠯᠠᠵᠤ᠂ ᠠᠳᠠᠯᠢᠳᠬᠠᠨ ᠰᠤᠷᠤᠯᠴᠠᠵᠤ ᠬᠦᠭᠡᠭᠡᠨ ᠳᠠᠪᠠᠵᠤ᠂ ᠮᠠᠨ᠎ᠤ ᠬᠤᠲᠠ ᠵᠢᠨ ᠣᠳᠣᠬᠢᠴᠢᠯᠠᠭᠰᠠᠨ ᠣᠷᠣᠨ ᠪᠦᠰᠡ ᠵᠢᠨ ᠲᠥᠪ ᠬᠤᠲᠠ ᠵᠢ ᠲᠦᠷᠭᠡᠳᠬᠡᠨ ᠪᠠᠶ᠋ᠢᠭᠤᠯᠬᠤ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠵᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠎ᠳᠤ ᠣᠷᠣᠨ᠎ᠤ ᠲᠥᠪ ᠬᠤᠲᠠ ᠵᠢᠨ ᠬᠦᠴᠦᠨ ᠴᠢᠳᠠᠯ ᠵᠶ᠋ᠠᠨ ᠡᠷᠭᠦᠬᠦ ᠵᠢ ᠤᠯᠠᠮ ᠨᠢᠭᠡ ᠠᠯᠬᠤᠮ ᠵᠣᠷᠢᠭᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠤᠲᠠ ᠵᠢᠨ ᠨᠠᠮ᠎ᠤᠨ ᠬᠤᠷᠢᠶ᠎ᠠ ᠵᠢᠨ ᠱᠦᠵᠢ ᠪᠦᠦ ᠭᠠᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠵᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠬᠤᠲᠠ ᠵᠢᠨ ᠳᠠᠷᠤᠭ᠎ᠠ ᠾᠧ ᠬᠠᠢ ᠳ᠋ᠦᠩ ᠦᠨᠡᠯᠡᠯᠲᠡ ᠬᠢᠵᠦ᠂ ᠬᠤᠯᠪᠣᠭᠳᠠᠯ ᠪᠦᠬᠦᠢ ᠬᠤᠲᠠ ᠵᠢᠨ ᠤᠳᠤᠷᠢᠳᠤᠯᠭ᠎ᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠡᠯ᠎ᠡ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠣᠷᠣᠯᠴᠠᠵᠠᠢ᠃ ᠬᠤᠷᠠᠯ᠎ᠳᠤ ᠣᠷᠣᠯᠴᠠᠭᠰᠠᠳ ᠤᠷᠢᠳ ᠬᠤᠵᠢᠳ ᠬᠥᠬᠡᠬᠤᠲᠠ ᠵᠢᠨ ᠲᠤᠭ᠎ᠠ ᠪᠠᠷᠢᠮᠲᠠ᠎ᠳᠤ ᠲᠡᠮᠳᠡᠭ ᠬᠠᠳᠠᠬᠤ ᠰᠠᠭᠤᠷᠢᠨ ᠭᠠᠵᠠᠷ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠪᠠ ᠠᠮᠢ ᠠᠬᠤᠶ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠭᠦᠬᠦ ᠲᠢᠩᠬᠢᠮ᠂ ᠰᠢᠨᠬᠤᠸᠠ ᠭᠤᠷᠪᠠᠳᠤᠭ᠋ᠠᠷ ᠪᠦᠯᠦᠭᠯᠡᠯ᠎ᠤᠨ ᠲᠥᠪ ᠲᠤᠷᠰᠢᠯᠲᠠ ᠵᠢᠨ ᠲᠠᠰᠤᠭ᠂ ᠬᠤᠸᠠ ᠸᠧᠶ ᠵᠢᠨ ᠥᠪᠥᠷ ᠮᠣᠩᠭᠤᠯ᠎ᠤᠨ ᠣᠷᠣᠨ ᠪᠦᠰᠡ ᠵᠢᠨ ᠦᠢ᠍ᠯᠡᠴᠢᠯᠡᠭᠡᠨ᠎ᠤ ᠲᠥᠪ᠂ ᠬᠤᠲᠠ ᠵᠢᠨ ᠲᠤᠷᠰᠢᠯᠲᠠ ᠵᠢᠨ ᠳᠤᠮᠳᠠᠳᠤ ᠰᠤᠷᠭ᠋ᠠᠭᠤᠯᠢ ᠵᠢᠨ ᠪᠸᠢ ᠴᠧᠨ ᠰᠤᠷᠭ᠋ᠠᠭᠤᠯᠢ ᠵᠢᠨ ᠲᠣᠭᠤᠷᠢᠭ᠂ ᠴᠧᠨ ᠰᠢ ᠬᠡᠤᠬᠡᠳ᠎ᠤᠨ ᠴᠡᠴᠡᠷᠯᠢᠭ᠂ ᠪᠠ ᠢ ᠬᠤᠷᠢᠶᠠᠯᠠᠯ᠂ ᠬᠥᠬᠡᠬᠤᠲᠠ ᠵᠢᠨ ᠣᠷᠳᠣ ᠴᠠᠭ᠋ᠠᠨ ᠬᠡᠷᠡᠮ᠎ᠤᠨ ᠰᠣᠶᠣᠯ᠎ᠤᠨ ᠮᠦᠽᠧᠶ᠂ ᠴᠢᠩ ᠽᠢ ᠶᠦᠨ ᠴᠤᠸᠠᠨ ᠪᠠᠭᠤᠳᠠᠯ ᠵᠡᠷᠭᠡ ᠭᠤᠤᠯᠳᠠᠯᠭ᠎ᠠ᠎ᠲᠠᠢ ᠲᠥᠷᠥᠯ ᠵᠦᠢ᠍ᠯ᠎ᠢ ᠲᠣᠭᠤᠷᠢᠨ ᠦᠵᠡᠪᠡ᠃ ᠤᠯᠠᠨ ᠵᠶ᠋ᠠᠷ ᠵᠶ᠋ᠠᠨ ᠰᠢᠨ᠎ᠡ ᠬᠤᠳᠠ ᠲᠣᠭᠤᠷᠢᠭ᠎ᠤᠨ ᠳᠡᠭᠡᠳᠦ ᠰᠢᠨ᠎ᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠦᠢ᠍ᠯᠡᠰ᠎ᠢ ᠲᠦᠷᠭᠡᠨ ᠬᠥᠭᠵᠢᠭᠦᠯᠦᠭᠰᠡᠨ᠎ᠠᠴᠠ ᠪᠣᠯᠤᠭᠰᠠᠨ ᠰᠢᠨ᠎ᠡ ᠠᠵᠠ ᠲᠣᠬᠢᠶᠠᠯ᠂ ᠳᠡᠮᠦᠷ ᠵᠠᠮ᠎ᠤᠨ ᠵᠡᠭᠦᠨ ᠦᠷᠳᠡᠭᠡ ᠵᠢᠨ ᠬᠡᠰᠡᠭ ᠲᠣᠭᠤᠷᠢᠭ᠎ᠤᠨ ᠰᠤᠯᠠ ᠪᠠᠶ᠋ᠢᠭ᠎ᠠ ᠠᠰᠠᠷ ᠲᠠᠭᠲᠤ ᠵᠢᠨ ᠠᠮᠢᠳᠤᠯᠢᠭ ᠪᠤᠯᠭ᠋ᠠᠭᠰᠠᠨ᠎ᠤ ᠳᠠᠷᠠᠭ᠋ᠠᠬᠢ ᠰᠢᠨ᠎ᠡ ᠠᠮᠢᠵᠢᠷᠠᠯ᠎ᠤᠨ ᠬᠦᠴᠦᠨ᠎ᠢ ᠮᠡᠳᠡᠷᠡᠵᠦ᠂ ᠬᠤᠳᠠ ᠵᠢᠨ ᠲᠣᠭᠤᠷᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠰᠢᠨ᠎ᠡ ᠳᠦᠷᠰᠦ ᠪᠠᠶ᠋ᠢᠳᠠᠯ᠂ ᠰᠤᠷᠭ᠋ᠠᠨ ᠬᠥᠮᠦᠵᠢᠯ᠎ᠤᠨ ᠪᠠᠶ᠋ᠢᠷᠢᠰᠢᠭᠤᠯᠤᠯᠲᠠ ᠵᠢ ᠦᠷᠭᠦᠯᠵᠢᠯᠡᠨ ᠰᠢᠯᠢᠳᠡᠭᠵᠢᠭᠦᠯᠵᠦ᠂ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠤᠭᠰᠠᠨ᠎ᠠᠴᠠ ᠣᠯᠣᠭᠰᠠᠨ ᠰᠢᠨ᠎ᠡ ᠦᠷ᠎ᠡ ᠪᠦᠲᠦᠮᠵᠢ ᠵᠢ ᠣᠯᠵᠤ ᠬᠠᠷᠠᠪᠠ᠃ ᠬᠤᠷᠠᠯ᠎ᠠᠴᠠ ᠴᠢᠬᠤᠯᠠᠴᠢᠯᠠᠭᠰᠠᠨ᠎ᠨᠢ᠂ ᠡᠯ᠎ᠡ ᠬᠤᠰᠢᠭᠤ ᠰᠢᠶᠠᠨ ᠲᠣᠭᠤᠷᠢᠭ᠎ᠤᠨ᠎ᠬᠢᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠣᠳᠠᠲᠠᠢ ᠦᠷ᠎ᠡ ᠪᠦᠲᠦᠮᠵᠢ ᠳᠡᠭᠡᠷ᠎ᠡ ᠢᠯᠡᠷᠡᠭᠦᠯᠵᠦ᠂ ᠬᠠᠷᠢᠴᠠᠭᠤᠯᠤᠯ᠎ᠤᠨ ᠳᠤᠮᠳᠠ ᠵᠦᠷᠢᠶ᠎ᠡ᠎ᠪᠠᠨ ᠡᠷᠢᠵᠦ᠂ ᠪᠣᠳᠣᠯᠬᠢᠯᠠᠬᠤ ᠵᠢᠨ ᠳᠤᠮᠳᠠ ᠬᠥᠭᠵᠢᠯᠲᠡ ᠵᠢ ᠡᠷᠢᠯᠬᠢᠯᠡᠬᠦ᠎ᠳᠤ ᠴᠢᠳᠠᠮᠠᠭ᠋ᠠᠢ ᠪᠠᠶ᠋ᠢᠵᠤ᠂ ᠬᠥᠭᠵᠢᠯᠲᠡ ᠵᠢᠨ ᠪᠠᠶ᠋ᠢᠷᠢ ᠲᠣᠭᠲᠠᠭ᠋ᠠᠯᠲᠠ ᠪᠣᠯᠤᠨ ᠲᠤᠰ ᠲᠤᠰ᠎ᠤᠨ ᠬᠠᠷᠢᠴᠠᠩᠭᠤᠢ ᠳᠠᠪᠠᠭᠤᠯᠢᠭ ᠵᠶ᠋ᠠᠨ ᠣᠨᠣᠪᠴᠢᠲᠠᠢ ᠣᠯᠵᠤ᠂ ᠨᠢᠭᠡ ᠪᠦᠯᠦᠭ ᠪᠦᠬᠦ ᠲᠠᠯ᠎ᠠ ᠵᠢᠨ ᠴᠢᠨᠠᠷᠲᠠᠢ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ᠂ ᠠᠯᠤᠰ ᠬᠡᠳᠤ ᠵᠢᠨ ᠴᠢᠨᠠᠷᠲᠠᠢ᠂ ᠳᠠᠶ᠋ᠢᠴᠢᠯᠠᠬᠤ ᠴᠢᠨᠠᠷ ᠵᠶ᠋ᠠᠷ ᠴᠢᠩᠭ᠎ᠠ ᠴᠢᠬᠤᠯᠠ ᠶᠡᠭᠡ ᠲᠦᠷᠦᠯ ᠵᠦᠢ᠍ᠯ᠎ᠢ ᠲᠦᠷᠭᠡᠨ ᠲᠥᠯᠥᠪᠵᠢᠭᠦᠯᠦᠨ ᠠᠬᠢᠭᠤᠯᠵᠤ᠂ ᠴᠢᠨᠠᠷ ᠰᠠᠶ᠋ᠢᠲᠠᠢ ᠬᠥᠭᠵᠢᠯᠲᠡ᠎ᠳᠤ ᠲᠠᠰᠤᠷᠠᠯᠲᠠ ᠦᠭᠡᠢ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭ᠋ᠠᠬᠤ ᠬᠡᠷᠡᠭᠲᠡᠢ᠃ ᠦᠷ᠎ᠡ ᠪᠦᠲᠦᠮᠵᠢ ᠵᠢᠨ ᠤᠬᠠᠮᠰᠠᠷ᠂ ᠦᠷ᠎ᠡ ᠳ᠋ᠦᠩ᠎ᠤᠨ ᠤᠬᠠᠮᠰᠠᠷ ᠵᠶ᠋ᠠᠨ ᠴᠢᠩᠭ᠋ᠠᠳᠬᠠᠵᠤ᠂ ᠣᠨᠣᠪᠴᠢᠲᠠᠢ ᠦᠵᠡᠭᠰᠡᠨ᠂ ᠲᠣᠭᠲᠠᠭ᠋ᠠᠭᠰᠠᠨ ᠤᠴᠢᠷ ᠶᠠᠪᠤᠳᠠᠯ᠎ᠢ ᠴᠢᠩᠭ᠎ᠠ ᠠᠳᠬᠤᠨ ᠲᠦᠷᠭᠡᠨ ᠬᠢᠵᠦ᠂ ᠳᠡᠭᠡᠳᠦ ᠲᠤᠤᠷᠠᠳᠤ ᠱᠠᠳᠤ᠎ᠪᠠᠷ ᠵᠶ᠋ᠠᠨ ᠬᠤᠯᠪᠣᠭ᠋ᠠᠯᠠᠨ ᠬᠥᠳᠡᠯᠦᠯᠴᠡᠵᠦ᠂ ᠪᠦᠬᠦ ᠵᠢᠯ᠎ᠤᠨ ᠬᠠᠷᠠᠯᠲᠠ ᠡᠭᠦᠷᠭᠡ ᠪᠣᠯᠤᠨ ᠭᠤᠣᠯᠳᠠᠯᠭ᠎ᠠ᠎ᠲᠠᠢ ᠠᠵᠢᠯ ᠵᠶ᠋ᠠᠨ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠡᠢ᠃ ᠬᠤᠷᠠᠯ᠎ᠠᠴᠠ ᠴᠢᠬᠤᠯᠠᠴᠢᠯᠠᠭᠰᠠᠨ᠎ᠨᠢ᠂ ᠣᠷᠣᠨ᠎ᠤ ᠲᠥᠪ ᠬᠤᠳᠠ ᠵᠢᠨ ᠭᠤᠣᠯ ᠬᠤᠳᠠ ᠵᠢᠨ ᠲᠣᠭᠤᠷᠢᠭ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ᠎ᠤ ᠬᠤᠪᠢ᠎ᠳᠤ᠂ ᠰᠢᠨ᠎ᠡ ᠬᠤᠳᠠ ᠵᠢᠨ ᠲᠣᠭᠤᠷᠢᠭ᠎ᠤᠨ ᠪᠦᠳᠦᠭᠡᠨ ᠪᠠᠶ᠋ᠢᠭᠤᠯᠤᠯᠲᠠ᠎ᠨᠢ ᠣᠷᠣᠨ᠎ᠤ ᠲᠥᠪ ᠬᠤᠳᠠ ᠵᠢᠨ ᠶᠠᠰᠤ ᠴᠢᠨᠠᠷ᠎ᠲᠠᠢ ᠰᠢᠭᠤᠳ ᠬᠤᠯᠪᠣᠭᠳᠠᠨ᠎ᠠ᠃ 《ᠭᠤᠷᠪᠠᠨ ᠳᠡᠭᠡᠳᠦ ᠲᠡᠰ ᠨᠢᠭᠡ ᠪᠣᠬᠢᠷᠲᠤᠯ ᠦᠭᠡᠢ》 ᠬᠥᠭᠵᠢᠯᠲᠡ ᠵᠢᠨ ᠪᠠᠶ᠋ᠢᠷᠢ ᠲᠣᠭᠲᠠᠭ᠋ᠠᠯᠲᠠ ᠵᠢᠨ ᠲᠣᠭᠤᠷᠢᠨ᠎ᠳᠤ᠂ ᠶᠡᠭᠡ ᠪᠠᠶ᠋ᠢᠷᠢᠰᠢᠯ᠂ ᠲᠤᠮᠤ ᠬᠠᠷᠠᠭ᠋ᠠᠰᠤ᠂ ᠥᠨᠳᠥᠷ ᠪᠠᠷᠢᠮᠵᠢᠶ᠎ᠠ᠎ᠪᠠᠷ ᠡᠯ᠎ᠡ ᠵᠦᠢ᠍ᠯ᠎ᠤᠨ ᠠᠵᠢᠯ᠎ᠢ ᠠᠬᠢᠭᠤᠯᠵᠤ᠂ ᠬᠦᠳᠦᠯᠦᠨ ᠳᠠᠭ᠋ᠠᠭᠤᠯᠬᠤ᠂ ᠵᠢᠱ᠌ᠢᠶ᠎ᠡ ᠦᠵᠡᠭᠦᠯᠬᠦ᠂ ᠳᠠᠶ᠋ᠢᠴᠢᠯᠠᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠬᠤ ᠬᠡᠷᠡᠭᠲᠡᠢ᠃ ᠠᠵᠤ ᠦᠢ᠍ᠯᠡᠰ᠎ᠤᠨ ᠪᠦᠲᠦᠴᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠣᠭ᠋ᠠᠴᠢᠯᠠᠭᠰᠠᠨ ᠠᠵᠤ ᠠᠬᠤᠢ᠂ ᠶᠡᠷᠦᠩᠬᠡᠢ ᠬᠡᠯᠲᠡᠰ᠎ᠤᠨ ᠠᠵᠤ ᠠᠬᠤᠢ᠂ ᠠᠰᠠᠷ ᠲᠠᠭᠲᠤ ᠵᠢᠨ ᠠᠵᠤ ᠠᠬᠤᠢ᠂ ᠳᠡᠭᠡᠳᠦ ᠲᠡᠰ᠎ᠤᠨ ᠦᠢ᠍ᠯᠡᠴᠢᠯᠡᠭᠡᠨ᠎ᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠤᠵᠠᠭ᠋ᠠᠶ᠋ᠢᠷᠠᠭᠤᠯᠵᠤ᠂ ᠠᠵᠤ ᠦᠢ᠍ᠯᠡᠰ᠎ᠤᠨ ᠳᠡᠰ ᠳᠠᠪᠬᠤᠷᠭ᠎ᠠ ᠵᠢ ᠳᠡᠭᠡᠭᠰᠢᠯᠡᠭᠦᠯᠬᠦ ᠬᠡᠷᠡᠭᠲᠡᠢ᠃ ᠬᠤᠷᠢᠨᠭᠡᠷ ᠰᠢᠨ᠎ᠡ ᠲᠣᠭᠤᠷᠢᠭ᠎ᠲᠠᠢ ᠬᠤᠯᠪᠣᠭ᠋ᠠᠯᠠᠨ ᠬᠥᠳᠡᠯᠦᠯᠴᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠠᠭᠤᠯᠢᠭ ᠵᠶ᠋ᠠᠨ ᠰᠠᠶ᠋ᠢᠲᠤᠷ ᠪᠠᠳᠠᠷᠠᠭᠤᠯᠵᠤ᠂ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠦᠢ᠍ᠯᠡᠰ᠎ᠤᠨ ᠬᠦᠷᠢᠶᠡᠯᠡᠩ᠎ᠢ ᠢᠳᠡᠪᠬᠢᠲᠡᠢ ᠪᠠᠶ᠋ᠢᠭᠤᠯᠵᠤ᠂ ᠨᠡᠩ ᠤᠯᠠᠨ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠰᠢᠨ᠎ᠡ ᠵᠢ ᠡᠭᠦᠳᠬᠦ ᠲᠥᠪ᠎ᠢ ᠲᠠᠲᠠᠨ ᠨᠠᠶ᠋ᠢᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠠᠵᠤ ᠦᠢ᠍ᠯᠡᠰ᠎ᠢ ᠳᠠᠶ᠋ᠢᠴᠢᠯᠠᠬᠤ᠂ ᠠᠵᠤ ᠦᠢ᠍ᠯᠡᠰ ᠵᠶ᠋ᠠᠷ ᠰᠢᠨ᠎ᠡ ᠵᠢ ᠡᠭᠦᠳᠬᠦ ᠵᠢ ᠠᠬᠢᠭᠤᠯᠬᠤ 《ᠬᠤᠣᠰ ᠴᠢᠭᠯᠡᠯ ᠵᠶ᠋ᠠᠷ ᠬᠥᠳᠡᠯᠦᠯᠴᠡᠬᠦ》 ᠵᠢ ᠪᠦᠷᠢᠯᠳᠦᠭᠦᠯᠵᠦ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠳᠤ ᠨᠡᠩ ᠤᠯᠠᠨ ᠬᠥᠳᠡᠯᠭᠡᠬᠦ ᠬᠦᠴᠦᠨ ᠬᠤᠷᠠᠮᠳᠤᠭᠤᠯᠬᠤ ᠬᠡᠷᠡᠭᠲᠡᠢ᠃ ᠠᠮᠢ ᠠᠬᠤᠢ ᠵᠢᠨ ᠣᠷᠴᠢᠨ ᠲᠣᠭᠤᠷᠢᠨ᠎ᠢ ᠰᠠᠶ᠋ᠢᠲᠤᠷ ᠰᠠᠬᠢᠨ ᠬᠠᠮᠠᠭ᠋ᠠᠯᠠᠵᠤ᠂ ᠬᠤᠳᠠ ᠵᠢᠨ ᠨᠣᠭᠤᠭ᠋ᠠᠨ ᠬᠤᠩᠬᠢᠯ᠎ᠢ ᠨᠠᠷᠢᠨ ᠨᠢᠮᠪᠠᠢ ᠪᠠᠶ᠋ᠢᠭᠤᠯᠵᠤ᠂ ᠠᠮᠢ ᠠᠬᠤᠢ ᠵᠢᠨ ᠳᠠᠪᠠᠭᠤᠯᠢᠭ᠎ᠢ ᠦᠨᠡᠨᠬᠦ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ ᠬᠡᠷᠡᠭᠲᠡᠢ᠃ 《ᠲᠠᠪᠤᠨ ᠲᠣᠬᠢᠷᠠᠮᠵᠢᠲᠠᠶ》 ᠬᠤᠲᠠ ᠵᠢᠨ ᠪᠥᠲᠥᠭᠡᠨ ᠪᠠᠶ᠋ᠢᠭᠤᠯᠤᠯᠲᠠ᠎ᠳᠤ ᠦᠢ᠍ᠯᠡᠴᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠤᠲᠠ ᠵᠢᠨ ᠰᠣᠳᠣᠨ ᠲᠣᠭᠤᠷᠢᠭ᠎ᠢ ᠢᠳᠡᠪᠬᠢᠲᠡᠶ ᠪᠠᠶ᠋ᠢᠭᠤᠯᠵᠤ᠂ ᠴᠢᠨᠠᠷ ᠰᠠᠶ᠋ᠢᠲᠠᠶ ᠰᠤᠷᠭ᠋ᠠᠨ ᠬᠥᠮᠦᠵᠢᠯ ᠡᠮ ᠡᠮᠨᠡᠯᠭᠡ ᠵᠢᠨ ᠬᠠᠩᠭ᠋ᠠᠯᠭ᠎ᠠ ᠵᠢ ᠳᠡᠭᠡᠭᠰᠢᠯᠡᠭᠦᠯᠵᠦ᠂ ᠤᠨᠴᠠᠯᠢᠬᠳᠤ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠬᠥᠭᠵᠢᠭᠦᠯᠵᠦ᠂ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠶ ᠭᠡᠵᠡᠢ᠃



ᠢᠷᠡᠯᠲᠡ᠄ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠥᠬᠡᠬᠤᠲᠠ ᠵᠤᠨ᠎ᠤ ᠤᠯᠠᠷᠢᠯ᠎ᠤᠨ ᠢᠳᠡᠭᠡᠨ ᠤᠮᠳᠠᠭ᠋ᠠᠨ᠎ᠤ ᠠᠵᠤ ᠠᠬᠤᠶ᠋ᠢᠯᠠᠯ᠎ᠤᠨ ᠢᠳᠡᠭᠡᠨ᠎ᠤ ᠠᠮᠤᠷ ᠲᠦᠪᠰᠢᠨ᠎ᠢ ᠠᠬᠢᠭᠤᠯᠬᠤ ᠬᠤᠷᠠᠯ ᠬᠤᠷᠠᠯᠳᠤᠭᠤᠯᠪᠠ
ᠴᠡᠯᠡᠭᠡᠷ ᠲᠠᠯ᠎ᠠ ᠣᠯᠠᠨ ᠤᠯᠤᠰ᠎ᠤᠨ ᠠᠮᠢᠲᠠᠨ᠎ᠤ ᠸᠠᠺᠼᠢᠨ᠎ᠤ ᠰᠢᠨ᠎ᠡ ᠵᠢ ᠡᠭᠦᠳᠬᠦ ᠶᠡᠭᠡ ᠬᠤᠷᠠᠯ ᠬᠥᠬᠡᠬᠤᠲᠠ᠎ᠳᠤ ᠡᠬᠢᠯᠡᠪᠡ
ᠪᠤᠤ ᠭᠠᠩ ᠾᠧ ᠬᠠᠶ ᠳ᠋ᠦᠩ ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠮᠦᠽᠧᠶ ᠵᠢᠴᠢ ᠬᠠᠮᠢᠶ᠎ᠠ ᠪᠦᠬᠦᠢ ᠦᠢ᠍ᠯᠡᠳᠬᠦᠨ ᠬᠢᠭᠡᠳ ᠮᠡᠷᠭᠡᠵᠢᠯ᠎ᠤᠨ ᠦᠵᠡᠰᠬᠦᠯᠡᠩ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠢ ᠪᠠᠶ᠋ᠢᠴᠠᠭ᠋ᠠᠨ ᠰᠤᠳᠤᠯᠪᠠ
ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠮᠦᠽᠧᠶ ᠵᠢᠴᠢ ᠬᠤᠯᠪᠣᠭᠳᠠᠯ ᠪᠦᠬᠦᠢ ᠦᠢ᠍ᠯᠡᠳᠬᠦᠨ ᠬᠢᠭᠡᠳ ᠮᠡᠷᠭᠡᠵᠢᠯ᠎ᠤᠨ ᠦᠵᠡᠰᠬᠦᠯᠡᠩ᠎ᠤᠨ ᠴᠤᠭᠯᠠᠭ᠋ᠠᠨ ᠬᠥᠬᠡᠬᠤᠲᠠ᠎ᠳᠤ ᠡᠬᠢᠯᠡᠪᠡ
ᠮᠠᠨ᠎ᠤ ᠬᠤᠲᠠ ᠰᠣᠶᠣᠯ ᠵᠢᠭᠤᠯᠴᠢᠯᠠᠯ ᠬᠤᠳᠠᠯᠳᠤᠭ᠋ᠠᠨ᠎ᠤ ᠠᠭᠤᠰᠤᠯᠴᠠᠨ ᠬᠥᠭᠵᠢᠬᠦ ᠵᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
 
            