(ᠰᠤᠷᠪᠤᠯᠵᠢᠯᠠᠭᠴᠢ ᠠᠷᠢᠭᠤᠨᠠ) 11 ᠳ᠋ᠦ᠍ᠭᠡᠷ ᠰᠠᠷᠠ ᠵᠢᠨ 21ᠤ ᠡᠳᠦᠷᠠᠴᠠ 24ᠤ ᠡᠳᠦᠷ ᠪᠣᠯᠲᠠᠯᠠ᠂ ᠮᠣᠩᠭᠤᠯ ᠤᠯᠤᠰᠤᠨ ᠨᠡᠶ᠋ᠢᠰᠯᠡᠯᠤᠨ ᠵᠠᠰᠠᠭ ᠳᠠᠷᠤᠭᠠ ᠪᠥᠭᠡᠳ ᠤᠯᠠᠭ᠋ᠠᠨᠪᠠᠭ᠋ᠠᠲᠤᠷ ᠬᠤᠲᠠ ᠵᠢᠨ ᠳᠠᠷᠤᠭᠠ ᠬᠡ᠊ · ᠨᠢᠮᠠᠪᠠᠭ᠋ᠠᠲᠤᠷ ᠲᠥᠯᠥᠭᠡᠯᠡᠭᠴᠢᠳᠤᠨ ᠪᠦᠯᠬᠦᠮ ᠵᠶ᠋ᠠᠨ ᠳᠠᠭ᠋ᠠᠭᠤᠯᠤᠨ ᠮᠧᠩ ᠼᠤᠤ ᠠᠮᠢ ᠠᠬᠤᠶ ᠵᠢᠨ ᠣᠷᠴᠢᠨ ᠲᠣᠭᠤᠷᠢᠨᠤ (ᠪᠦᠯᠦᠭᠯᠡᠯ) ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠬᠥᠬᠡᠬᠤᠲᠠ ᠵᠢᠨ ᠲᠥᠯᠥᠪᠵᠢᠭᠦᠯᠭᠡ ᠵᠢᠨ ᠣᠷᠳᠣᠨ᠂ ᠬᠥᠬᠡᠬᠤᠲᠠ ᠵᠢᠨ ᠪᠠᠨᠳᠢ ᠵᠢᠨ ᠠᠶ᠋ᠢᠯᠤᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠡᠷᠭᠡ ᠭᠠᠵᠠᠷᠲᠤ ᠠᠶ᠋ᠢᠯᠴᠢᠯᠠᠨ ᠰᠤᠷᠪᠤᠯᠵᠢᠯᠠᠵᠤ᠂ ᠬᠥᠬᠡᠬᠤᠲᠠ ᠵᠢᠨ ᠴᠡᠴᠡᠷᠯᠢᠭᠤᠨ ᠲᠥᠯᠥᠪᠵᠢᠭᠦᠯᠭᠡ᠂ ᠬᠤᠳᠠ ᠵᠢᠨ ᠪᠦᠳᠦᠭᠡᠨ ᠪᠠᠶ᠋ᠢᠭᠤᠯᠤᠯᠲᠠ᠂ ᠪᠣᠬᠢᠷ ᠤᠰᠤ ᠰᠢᠢ᠍ᠳᠪᠦᠷᠢᠯᠡᠬᠦ ᠵᠡᠷᠭᠡ ᠲᠠᠯᠠ ᠵᠢᠨ ᠲᠤᠷᠰᠢᠯᠭᠠ ᠠᠷᠭᠠ ᠬᠢᠳᠡᠯᠢ ᠣᠶ᠋ᠢᠯᠠᠭ᠋ᠠᠪᠠ᠃ ᠬᠦᠬᠡᠬᠤᠲᠠᠨᠢ ᠤᠯᠠᠨ ᠤᠯᠤᠰᠤᠨ ᠨᠥᠬᠦᠷᠰᠡᠭ ᠬᠤᠳᠠ ᠵᠢᠨ ᠬᠥᠭᠵᠢᠯᠲᠡᠳᠤ ᠳᠤᠮᠳᠠᠳᠤ ᠤᠯᠤᠰᠤᠨ ᠲᠥᠰᠦᠯᠢ ᠬᠠᠩᠭ᠋ᠠᠵᠠᠢ᠃ ᠠᠶ᠋ᠢᠯᠴᠢᠯᠠᠵᠤ ᠪᠠᠶ᠋ᠢᠭᠠ ᠬᠤᠭᠤᠴᠠᠭ᠋ᠠᠨᠳᠤ᠂ ᠬᠥᠬᠡᠬᠤᠲᠠ ᠪᠣᠯᠤᠨ ᠤᠯᠠᠭ᠋ᠠᠨᠪᠠᠭ᠋ᠠᠲᠤᠷ ᠬᠤᠳᠠ 《ᠳᠤᠮᠳᠠᠳᠤ ᠤᠯᠤᠰᠤᠨ ᠬᠥᠬᠡᠬᠤᠲᠠ ᠪᠣᠯᠤᠨ ᠮᠣᠩᠭᠤᠯ ᠤᠯᠤᠰᠤᠨ ᠤᠯᠠᠭ᠋ᠠᠨᠪᠠᠭ᠋ᠠᠲᠤᠷ ᠬᠤᠳᠠ ᠵᠢᠨ ᠳᠤᠮᠳᠠᠳᠤ ᠮᠣᠩᠭᠤᠯᠤᠨ ᠨᠥᠬᠦᠷᠰᠡᠭ ᠬᠠᠷᠢᠯᠴᠠᠭ᠋ᠠᠨᠤ ᠦᠯᠢᠭᠡᠷ ᠵᠢᠱ᠌ᠢᠶᠡ ᠵᠢ ᠪᠦᠬᠦ ᠲᠠᠯᠠᠪᠠᠷ ᠴᠤᠭᠴᠠᠯᠠᠬᠤ ᠰᠠᠨᠠᠮᠵᠢ ᠵᠢᠨ ᠪᠢᠴᠢᠭ》ᠲᠤ ᠭᠠᠷᠤᠨ ᠦᠰᠦᠭ ᠵᠢᠷᠤᠪᠠ᠃ ᠰᠠᠨᠠᠮᠵᠢ ᠵᠢᠨ ᠪᠢᠴᠢᠭᠢ ᠦᠨᠳᠦᠰᠦᠯᠡᠪᠡᠯ᠂ ᠬᠤᠶᠠᠷ ᠲᠠᠯᠠᠪᠠᠷ ᠵᠶ᠋ᠠᠨ ᠢᠳᠡᠭᠡᠨ ᠪᠣᠯᠪᠠᠰᠤᠷᠠᠭᠤᠯᠬᠤ᠂ ᠪᠣᠬᠢᠷᠲᠤᠯ ᠦᠭᠡᠢ ᠬᠢᠮᠢ ᠵᠢᠨ ᠠᠵᠤ ᠦᠢ᠍ᠯᠡᠳᠪᠦᠷᠢ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ᠂ ᠬᠤᠳᠠ ᠵᠢᠨ ᠪᠦᠳᠦᠭᠡᠨ ᠪᠠᠶ᠋ᠢᠭᠤᠯᠤᠯᠲᠠ᠂ ᠰᠣᠶᠣᠯ ᠵᠢᠭᠤᠯᠴᠢᠯᠠᠯ ᠵᠡᠷᠭᠡ ᠬᠦᠷᠢᠶᠡᠨᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭᠠ ᠵᠢ ᠭᠤᠣᠯᠳᠠᠯᠭᠠᠲᠠᠢ ᠠᠬᠢᠭᠤᠯᠵᠤ᠂ ᠬᠤᠶᠠᠷ ᠬᠤᠳᠠ ᠵᠢᠨ ᠠᠷᠠᠳ ᠲᠦᠮᠡᠨᠳᠤ ᠨᠡᠩ ᠰᠠᠶ᠋ᠢᠨ ᠦᠢ᠍ᠯᠡᠴᠢᠯᠡᠬᠦ ᠪᠣᠯᠣᠨᠠ᠃ ᠰᠠᠨᠠᠮᠵᠢ ᠵᠢᠨ ᠪᠢᠴᠢᠭᠲᠤ ᠭᠠᠷᠤᠨ ᠦᠰᠦᠭ ᠵᠢᠷᠤᠭᠰᠠᠨᠨᠢ ᠬᠥᠬᠡᠬᠤᠲᠠ᠂ ᠤᠯᠠᠭ᠋ᠠᠨᠪᠠᠭ᠋ᠠᠲᠤᠷ ᠬᠤᠳᠠ ᠵᠢᠨ ᠨᠥᠬᠦᠷᠰᠡᠭ ᠬᠠᠷᠢᠯᠴᠠᠭᠠ ᠵᠢ ᠤᠯᠠᠮ ᠨᠢᠭᠡ ᠠᠯᠬᠤᠮ ᠪᠠᠬᠢᠵᠢᠭᠦᠯᠦᠭᠰᠡᠨ ᠵᠶ᠋ᠠᠷ ᠪᠠᠷᠠᠬᠤ ᠦᠭᠡᠢ᠂ ᠨᠡᠩ ᠴᠤ᠌ ᠳᠤᠮᠳᠠᠳᠤ ᠮᠣᠩᠭᠤᠯ ᠬᠤᠶᠠᠷ ᠤᠯᠤᠰᠤᠨ ᠨᠥᠬᠦᠷᠰᠡᠭ ᠬᠠᠷᠢᠯᠴᠠᠭᠠ ᠵᠢ ᠭᠦᠨᠵᠡᠭᠡᠶ᠋ᠢᠷᠡᠭᠦᠯᠦᠨ ᠥᠷᠭᠡᠳᠬᠡᠭᠰᠡᠨ ᠶᠠᠪᠤᠳᠠᠯ ᠪᠣᠯᠤᠨᠠ᠃ ᠳᠠᠷᠠᠭ᠋ᠠᠴᠢ ᠵᠢᠨ ᠠᠯᠬᠤᠮᠳᠤ᠂ ᠬᠤᠶᠠᠷ ᠲᠠᠯᠠᠪᠠᠷ ᠵᠶ᠋ᠠᠨ ᠡᠷᠬᠡ ᠲᠡᠭᠰᠢᠪᠠᠷ ᠵᠥᠪᠳᠡᠬᠦ᠂ ᠨᠡᠭᠡᠭᠡᠯᠲᠡᠲᠠᠢ ᠪᠠᠭᠲᠠᠭ᠋ᠠᠮᠵᠢᠲᠠᠢ ᠪᠠᠶ᠋ᠢᠬᠤ᠂ ᠳᠠᠪᠠᠭᠤᠯᠢᠭ ᠵᠶ᠋ᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠵᠠᠷᠴᠢᠮᠢ ᠪᠠᠷᠢᠮᠲᠠᠯᠠᠵᠤ᠂ ᠳᠤᠮᠳᠠᠳᠤ ᠮᠣᠩᠭᠤᠯᠤᠨ ᠨᠥᠬᠦᠷᠰᠡᠭ ᠬᠠᠷᠢᠯᠴᠠᠭ᠋ᠠᠨᠤ ᠦᠯᠢᠭᠡᠷ ᠵᠢᠱ᠌ᠢᠶᠡ ᠵᠢ ᠬᠠᠮᠲᠤᠪᠠᠷ ᠴᠣᠭᠴᠠᠯᠠᠵᠤ᠂ ᠳᠤᠮᠳᠠᠳᠤ ᠮᠣᠩᠭᠤᠯ ᠬᠤᠶᠠᠷ ᠤᠯᠤᠰᠤᠨ ᠨᠥᠬᠦᠷᠰᠡᠭ ᠬᠠᠷᠢᠴᠠᠭ᠋ᠠᠨᠳᠤ ᠰᠢᠨᠡ ᠠᠮᠢᠵᠢᠷᠠᠯᠤᠨ ᠬᠦᠴᠦᠨ ᠨᠡᠮᠡᠷᠢᠯᠡᠬᠦ ᠪᠣᠯᠣᠨᠠ᠃