ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠮᠠᠨ᠎ᠤ ᠬᠤᠲᠠ ᠰᠣᠶᠣᠯ ᠵᠢᠭᠤᠯᠴᠢᠯᠠᠯ ᠬᠤᠳᠠᠯᠳᠤᠭ᠋ᠠᠨ᠎ᠤ ᠠᠭᠤᠰᠤᠯᠴᠠᠨ ᠬᠥᠭᠵᠢᠬᠦ ᠵᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2024-09-15


 

   (ᠰᠤᠷᠪᠤᠯᠵᠢᠯᠠᠭᠴᠢ ᠶᠦᠨ ᠵᠢᠩ) 9 ᠳ᠋ᠦ᠍ᠭᠡᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠤᠳᠠ ᠵᠢᠨ ᠨᠠᠮ᠎ᠤᠨ ᠬᠤᠷᠢᠶ᠎ᠠ ᠵᠢᠨ ᠱᠦᠵᠢ ᠪᠦᠦ ᠭᠠᠩ ᠰᠣᠶᠣᠯ ᠵᠢᠭᠤᠯᠴᠢᠯᠠᠯ ᠬᠤᠳᠠᠯᠳᠤᠭ᠋ᠠᠨ᠎ᠤ ᠠᠭᠤᠰᠤᠯᠴᠠᠨ ᠬᠥᠭᠵᠢᠬᠦ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠪᠠ᠃ ᠬᠠᠮᠢᠶ᠎ᠠ ᠪᠦᠬᠦᠢ ᠠᠵᠢᠯ ᠲᠥᠷᠥᠯ᠎ᠤᠨ ᠨᠡᠶ᠋ᠢᠭᠡᠮᠯᠢᠭ᠎ᠤᠨ ᠬᠠᠷᠢᠭᠤᠴᠠᠯᠭ᠋ᠠᠲᠠᠨ ᠪᠣᠯᠤᠨ ᠰᠣᠶᠣᠯ ᠵᠢᠭᠤᠯᠴᠢᠯᠠᠯ᠂ ᠪᠠᠭᠤᠳᠠᠯ ᠢᠳᠡᠭᠡᠨ ᠤᠮᠳᠠᠭ᠋ᠠᠨ᠂ ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠶ᠋ᠢᠯᠠᠯ᠎ᠤᠨ 40 ᠭᠠᠷᠤᠶ ᠲᠥᠯᠥᠭᠡᠯᠡᠭᠴᠢ ᠨᠢᠭᠡ ᠲᠢᠩᠬᠢᠮ᠎ᠳᠤ ᠬᠤᠷᠠᠨ ᠴᠤᠭᠯᠠᠷᠠᠵᠤ᠂ ᠪᠥᠬᠦ ᠬᠤᠲᠠ ᠵᠢᠨ ᠰᠣᠶᠣᠯ ᠵᠢᠭᠤᠯᠴᠢᠯᠠᠯ ᠬᠤᠳᠠᠯᠳᠤᠭ᠋ᠠᠨ᠎ᠤ ᠠᠵᠤ ᠦᠢ᠍ᠯᠡᠰ᠎ᠤᠨ ᠠᠭᠤᠰᠤᠯᠴᠠᠵᠤ ᠴᠢᠨᠠᠷ ᠰᠠᠶ᠋ᠢᠲᠠᠶ ᠬᠦᠭᠵᠢᠬᠦ ᠵᠢ ᠠᠬᠢᠭᠤᠯᠬᠤ ᠠᠷᠭ᠎ᠠ ᠪᠣᠳᠣᠯᠭ᠎ᠠ ᠵᠢ ᠬᠠᠮᠲᠤ᠎ᠪᠠᠷ ᠵᠥᠪᠯᠡᠪᠡ᠃ ᠬᠤᠷᠠᠯ ᠳᠡᠭᠡᠷ᠎ᠡ᠂ ᠤᠯᠠᠨ ᠵᠶ᠋ᠠᠷ ᠵᠶ᠋ᠠᠨ ᠥᠪᠡᠷ ᠥᠪᠡᠷ᠎ᠤᠨ ᠬᠦᠷᠢᠶᠡᠨ᠎ᠠᠴᠠ᠎ᠪᠠᠨ ᠡᠭᠦᠰᠴᠦ᠂ ᠰᠣᠶᠣᠯ ᠵᠢᠭᠤᠯᠴᠢᠯᠠᠯ ᠬᠤᠳᠠᠯᠳᠤᠭ᠋ᠠᠨ᠎ᠤ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ᠎ᠳᠤ ᠲᠤᠯᠭ᠋ᠠᠷᠠᠵᠤ ᠪᠠᠶ᠋ᠢᠭ᠎ᠠ ᠬᠦᠴᠢᠷ ᠠᠰᠠᠭᠤᠳᠠᠯ᠎ᠢ ᠬᠡᠷᠬᠢᠨ ᠰᠢᠢ᠍ᠳᠪᠦᠷᠢᠯᠡᠬᠦ ᠵᠢᠨ ᠲᠣᠭᠤᠷᠢᠨ᠎ᠳᠤ᠂ ᠣᠷᠣᠨ᠎ᠤ ᠲᠥᠪ ᠬᠤᠲᠠ ᠵᠢᠨ ᠰᠣᠶᠣᠯ ᠵᠢᠭᠤᠯᠴᠢᠯᠠᠯ ᠬᠤᠳᠠᠯᠳᠤᠭ᠎ᠠ ᠵᠢ ᠠᠭᠤᠰᠤᠯᠴᠠᠭᠤᠯᠤᠨ ᠬᠥᠭᠵᠢᠭᠦᠯᠬᠦ 《ᠣᠨᠴᠠᠯᠢᠭᠲᠤ ᠲᠡᠮᠳᠡᠭᠲᠦ》 ᠵᠢ ᠬᠡᠷᠬᠢᠨ ᠡᠭᠦᠳᠬᠦ ᠲᠤᠬᠠᠢ ᠮᠠᠰᠢ ᠣᠯᠠᠨ ᠨᠠᠨᠳᠢᠨ ᠰᠠᠨᠠᠭᠤᠯᠭ᠎ᠠ᠎ᠪᠠᠨ ᠳᠤᠷᠠᠳᠴᠠᠢ᠃ ᠪᠣᠣ ᠭᠠᠩ ᠬᠤᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠤᠯᠠᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠬᠤ ᠵᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ ᠣᠯᠠᠨ᠎ᠤ ᠰᠠᠨᠠᠭᠤᠯᠭ᠎ᠠ ᠵᠢ ᠡᠮᠬᠢᠯᠡᠨ ᠰᠤᠳᠤᠯᠵᠤ᠂ ᠢᠳᠡᠪᠬᠢᠲᠡᠢ᠎ᠪᠠᠷ ᠭᠥᠯᠢᠶᠡᠨ ᠠᠪᠴᠤ᠂ ᠰᠠᠶ᠋ᠢᠨ ᠰᠠᠨᠠᠭᠤᠯᠭ᠎ᠠ ᠵᠢ ᠰᠣᠶᠣᠯ ᠵᠢᠭᠤᠯᠴᠢᠯᠠᠯ ᠬᠤᠳᠠᠯᠳᠤᠭ᠋ᠠᠨ᠎ᠤ ᠠᠭᠤᠰᠤᠯᠴᠠᠨ ᠬᠥᠭᠵᠢᠬᠦ ᠵᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭ᠋ᠠᠨ ᠠᠰᠢᠭᠯᠠᠬᠤ ᠬᠡᠷᠡᠭᠲᠡᠢ ᠭᠡᠵᠦ ᠱᠠᠭ᠋ᠠᠷᠳᠠᠵᠠᠢ᠃ ᠪᠣᠣ ᠭᠠᠩ ᠬᠡᠯᠡᠬᠦ᠎ᠳᠡᠭᠡᠨ᠂ ᠣᠶ᠋ᠢᠷ᠎ᠠ ᠵᠢᠨ ᠵᠢᠯ᠎ᠠᠴᠠ᠂ ᠣᠷᠣᠨ᠎ᠤ ᠲᠥᠪ ᠬᠤᠲᠠ ᠵᠢᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ᠂ 《ᠵᠢᠷᠭᠤᠭ᠋ᠠᠨ ᠶᠡᠭᠡ ᠠᠵᠤ ᠦᠢ᠍ᠯᠡᠰ᠎ᠤᠨ ᠪᠥᠭᠡᠮᠨᠡᠷᠡᠯ》 ᠲᠠᠰᠤᠷᠠᠯᠲᠠ ᠦᠭᠡᠢ ᠪᠤᠵᠠᠭ᠋ᠠᠶ᠋ᠢᠷᠠᠵᠤ᠂ 《ᠲᠠᠪᠤᠨ ᠲᠣᠬᠢᠷᠠᠮᠵᠢᠲᠠᠢ ᠬᠤᠲᠠ》 ᠵᠢᠨ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ ᠠᠩᠬ᠎ᠠ ᠠᠯᠬᠤᠮ ᠲᠣᠳᠣᠷᠠᠵᠤ᠂ ᠡᠳᠦᠷ ᠢᠷᠡᠬᠦᠶ᠎ᠡ ᠲᠡᠭᠦᠯᠳᠡᠷᠵᠢᠵᠦ ᠪᠠᠶ᠋ᠢᠭ᠎ᠠ ᠵᠠᠮ ᠬᠠᠷᠢᠯᠴᠠᠭ᠋ᠠᠨ᠎ᠤ ᠲᠣᠣᠷ᠂ ᠲᠠᠯᠠᠪᠤᠷ ᠣᠷᠳᠣᠨ ᠵᠡᠷᠭᠡ ᠰᠠᠭᠤᠷᠢ ᠲᠥᠬᠦᠭᠡᠷᠦᠮᠵᠢ᠎ᠨᠢ ᠡᠯ᠎ᠡ ᠲᠦᠷᠦᠯ᠎ᠤᠨ ᠦᠵᠡᠭᠦᠯᠦᠯᠭᠡ ᠵᠢᠨ ᠴᠤᠭᠯᠠᠭ᠋ᠠᠨ᠂ ᠳᠠᠭᠤᠤ ᠵᠢᠨ ᠴᠤᠭᠯᠠᠭ᠋ᠠᠨ ᠵᠡᠷᠭᠡ ᠲᠣᠮᠣ ᠬᠡᠯᠪᠡᠷᠢ ᠵᠢᠨ ᠠᠵᠢᠯᠯᠠᠭ᠎ᠠ ᠡᠷᠬᠢᠯᠡᠬᠦ᠎ᠳᠤ ᠠᠰᠢᠭᠲᠠᠢ ᠨᠥᠬᠦᠴᠡᠯ ᠬᠠᠩᠭ᠋ᠠᠵᠤ᠂ ᠣᠷᠣᠨ᠎ᠤ ᠲᠥᠪ ᠬᠤᠲᠠ ᠵᠢᠨ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠦᠷᠭᠦᠯᠵᠢᠯᠡᠨ ᠬᠥᠭᠵᠢᠬᠦ ᠵᠢ ᠳᠠᠶ᠋ᠢᠴᠢᠯᠠᠵᠤ᠂ ᠰᠣᠶᠣᠯ ᠵᠢᠭᠤᠯᠴᠢᠯᠠᠯ ᠬᠤᠳᠠᠯᠳᠤᠭ᠋ᠠᠨ᠎ᠤ ᠠᠭᠤᠰᠤᠯᠴᠠᠨ ᠬᠥᠭᠵᠢᠬᠦ ᠵᠢ ᠠᠬᠢᠭᠤᠯᠬᠤ᠎ᠳᠤ ᠪᠠᠲᠤ ᠪᠠᠬᠢ ᠰᠠᠭᠤᠷᠢ ᠵᠢ ᠲᠠᠯᠪᠢᠭᠰᠠᠨ ᠪᠠᠶ᠋ᠢᠨ᠎ᠠ᠃ ᠪᠢᠳᠡ ᠠᠯᠤᠰ ᠬᠡᠳᠤ ᠵᠢᠨ ᠬᠥᠭᠵᠢᠯᠲᠡ ᠵᠢ ᠪᠣᠳᠣᠯᠬᠢᠯᠠᠵᠤ᠂ 《ᠤᠷᠤᠰᠬᠠᠯ᠎ᠤᠨ ᠬᠡᠮᠵᠢᠶ᠎ᠡ》 ᠵᠢ 《ᠦᠯᠡᠳᠡᠬᠦ ᠬᠡᠮᠵᠢᠶ᠎ᠡ》 ᠪᠣᠯᠭ᠋ᠠᠨ ᠬᠤᠪᠢᠷᠠᠭᠤᠯᠵᠤ᠂ ᠣᠷᠣᠨ᠎ᠤ ᠲᠥᠪ ᠬᠤᠲᠠ ᠵᠢ ᠪᠦᠬᠦ ᠣᠷᠣᠨ᠎ᠤ ᠵᠢᠭᠤᠯᠴᠢᠯᠠᠯ᠎ᠤᠨ ᠲᠥᠪᠯᠡᠷᠡᠭᠦᠯᠦᠨ ᠲᠠᠷᠬᠠᠭ᠋ᠠᠬᠤ ᠲᠥᠪ ᠪᠣᠯᠭ᠋ᠠᠬᠤ᠎ᠪᠠᠷ ᠪᠠᠷᠠᠬᠤ ᠦᠭᠡᠢ᠂ ᠨᠡᠩ ᠴᠤ᠌ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠢᠭᠤᠯᠴᠢᠯᠠᠭᠴᠢᠳ᠎ᠤᠨ ᠰᠡᠳᠬᠢᠯ᠎ᠢ ᠲᠠᠲᠠᠭᠰᠠᠨ ᠵᠢᠭᠤᠯᠴᠢᠯᠠᠯ᠎ᠤᠨ ᠵᠣᠷᠢᠯᠲᠠ ᠭᠠᠵᠠᠷ ᠪᠣᠯᠭ᠋ᠠᠬᠤ ᠬᠡᠷᠡᠭᠲᠡᠢ ᠭᠡᠵᠡᠢ᠃ ᠪᠣᠣ ᠭᠠᠩ ᠬᠡᠯᠡᠬᠦ᠎ᠳᠡᠭᠡᠨ᠂ ᠰᠣᠶᠣᠯ ᠵᠢᠭᠤᠯᠴᠢᠯᠠᠯ ᠬᠤᠳᠠᠯᠳᠤᠭ᠋ᠠᠨ᠎ᠤ ᠠᠭᠤᠰᠤᠯᠴᠠᠨ ᠬᠥᠭᠵᠢᠬᠦ ᠵᠢ ᠠᠬᠢᠭᠤᠯᠬᠤ ᠪᠣᠯ ᠨᠢᠭᠡ ᠵᠦᠢ᠍ᠯ᠎ᠤᠨ ᠰᠢᠰᠲ᠋ᠧᠮᠲᠦ ᠴᠢᠨᠠᠷᠲᠠᠢ ᠠᠵᠢᠯ ᠮᠥᠨ᠂ ᠡᠯ᠎ᠡ ᠲᠠᠯ᠎ᠠ ᠵᠢᠨ᠎ᠬᠢᠨ ᠬᠠᠮᠲᠤ᠎ᠪᠠᠷ ᠬᠦᠴᠦᠯᠡᠬᠦ ᠴᠢᠬᠤᠯᠠᠲᠠᠢ᠃ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ᠎ᠪᠠᠨ ᠴᠢᠩᠭ᠋ᠠᠳᠬᠠᠵᠤ᠂ 《ᠨᠢᠭᠡ ᠬᠤᠩᠬᠢᠯ ᠬᠤᠶᠠᠷ ᠲᠡᠩᠭᠡᠯᠢᠭ ᠭᠤᠷᠪᠠᠨ ᠪᠦᠰᠡ》 ᠵᠢᠨ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠪᠠᠶ᠋ᠢᠷᠢᠰᠢᠯ᠎ᠢ ᠲᠡᠭᠦᠯᠳᠡᠷᠵᠢᠭᠦᠯᠵᠦ᠂ 《ᠥᠨᠳᠦᠷᠯᠢᠭ᠎ᠤᠨ ᠲᠠᠯ᠎ᠠ ᠨᠤᠲᠤᠭ᠎ᠤᠨ ᠵᠢᠭᠤᠯᠴᠢᠯᠠᠯ》 《ᠰᠣᠶᠣᠯ ᠦᠵᠡᠰᠬᠦᠯᠡᠩ᠎ᠤᠨ ᠣᠷᠳᠣᠨ᠎ᠤ ᠵᠢᠭᠤᠯᠴᠢᠯᠠᠯ》 《ᠬᠠᠳᠤᠨ ᠭᠤᠣᠯ ᠤᠷᠳᠤ ᠴᠠᠭ᠋ᠠᠨ ᠬᠡᠷᠡᠮ᠎ᠤᠨ ᠵᠢᠭᠤᠯᠴᠢᠯᠠᠯ》 《ᠡᠪᠦᠯ᠎ᠤᠨ ᠤᠯᠠᠷᠢᠯ᠎ᠤᠨ ᠮᠥᠰᠥ ᠴᠠᠰᠤᠨ᠎ᠤ ᠵᠢᠭᠤᠯᠴᠢᠯᠠᠯ》 ᠵᠡᠷᠭᠡ ᠵᠢᠭᠤᠯᠴᠢᠯᠠᠯ᠎ᠤᠨ ᠵᠠᠮ ᠱᠤᠭᠤᠮ᠎ᠢ ᠦᠷᠭᠦᠯᠵᠢᠯᠡᠨ ᠰᠢᠯᠢᠳᠡᠭᠵᠢᠭᠦᠯᠵᠦ᠂ ᠪᠦᠬᠦ ᠣᠷᠣᠨ ᠪᠦᠰᠡ ᠪᠦᠬᠦ ᠤᠯᠠᠷᠢᠯ᠎ᠤᠨ ᠵᠢᠭᠤᠯᠴᠢᠯᠠᠯ᠎ᠢ ᠰᠠᠶ᠋ᠢᠲᠤᠷ ᠬᠢᠵᠦ᠂ ᠵᠢᠭᠤᠯᠴᠢᠯᠠᠭᠴᠢᠳ᠎ᠤᠨ ᠣᠶ᠋ᠢᠯᠠᠭ᠋ᠠᠯᠲᠠ ᠲᠦᠷᠦᠭᠳᠡᠯ ᠪᠠ ᠬᠠᠨᠤᠮᠵᠢ ᠵᠢᠨ ᠬᠡᠮᠵᠢᠶ᠎ᠡ ᠵᠢ ᠨᠡᠮᠡᠭᠳᠡᠭᠦᠯᠬᠦ ᠬᠡᠷᠡᠭᠲᠡᠢ᠃ ᠬᠤᠳᠠᠯᠳᠤᠭ᠋ᠠᠨ᠎ᠤ ᠲᠣᠭᠤᠷᠢᠭ᠎ᠤᠨ ᠠᠵᠤ ᠠᠬᠤᠶ᠂ ᠲᠣᠭᠯᠠᠯᠲᠠ ᠦᠵᠡᠭᠦᠯᠭᠡ ᠵᠢᠨ ᠠᠵᠤ ᠠᠬᠤᠶ᠂ ᠬᠤᠷᠠᠯ ᠦᠵᠡᠰᠬᠦᠯᠡᠩ᠎ᠤᠨ ᠠᠵᠤ ᠠᠬᠤᠶ ᠵᠢ ᠶᠡᠬᠡᠪᠡᠷ ᠬᠥᠭᠵᠢᠭᠦᠯᠵᠦ᠂ ᠣᠯᠠᠨ ᠡᠰᠢᠲᠦ ᠬᠡᠷᠡᠭᠯᠡᠭᠡᠨ᠎ᠤ ᠠᠬᠤᠢ ᠵᠢ ᠪᠤᠶ᠋ᠢᠵᠢᠭᠤᠯᠤᠨ᠂ ᠡᠯ᠎ᠡ ᠲᠠᠰ ᠳᠠᠪᠬᠤᠷᠭ᠎ᠠ ᠵᠢᠨ ᠬᠡᠷᠡᠭᠯᠡᠭᠡᠨ᠎ᠤ ᠬᠡᠷᠡᠭᠴᠡᠭᠡ ᠵᠢ ᠭᠦᠢ᠍ᠴᠡᠳ ᠬᠠᠩᠭ᠋ᠠᠵᠤ᠂ ᠬᠤᠲᠠ ᠵᠢᠨ ᠨᠥᠯᠥᠭᠡᠯᠡᠬᠦ ᠬᠦᠴᠦᠨ ᠪᠠ ᠢᠷᠠᠭᠤ ᠠᠯᠳᠠᠷ᠎ᠤᠨ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃ ᠣᠷᠣᠨ᠎ᠤ ᠲᠥᠪ ᠬᠤᠲᠠ ᠵᠢᠨ ᠤᠨᠴᠠᠯᠢᠬᠳᠤ ᠢᠳᠡᠭᠡᠨ᠎ᠢ ᠰᠠᠶ᠋ᠢᠲᠤᠷ ᠤᠬᠠᠭᠤᠯᠤᠨ ᠲᠠᠨᠢᠯᠴᠠᠭᠤᠯᠵᠤ᠂ ᠣᠯᠠᠨ ᠡᠰᠢᠲᠦ ᠢᠳᠡᠭᠡᠨ ᠤᠮᠳᠠᠭ᠋ᠠᠨ᠎ᠤ ᠰᠣᠶᠣᠯ ᠵᠶ᠋ᠠᠷ ᠨᠠᠩ ᠣᠯᠠᠨ ᠵᠢᠭᠤᠯᠴᠢᠯᠠᠭᠴᠢᠳ᠎ᠢ ᠬᠥᠬᠡᠬᠤᠲᠠ᠎ᠳᠤ ᠲᠡᠳᠡᠨ ᠠᠪᠴᠢᠷᠠᠵᠤ᠂ ᠬᠥᠬᠡᠬᠤᠲᠠ ᠵᠢᠨ ᠭᠤᠸ᠎ᠠ ᠰᠠᠶ᠋ᠢᠬᠠᠨ᠎ᠢ ᠮᠡᠳᠡᠷᠡᠭᠦᠯᠬᠦ ᠬᠡᠷᠡᠭᠲᠡᠢ᠃ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠢ ᠪᠠᠷᠢᠮᠲᠠᠯᠠᠵᠤ᠂ ᠵᠠᠬ᠎ᠠ ᠳᠡᠯᠭᠡᠭᠦᠷ᠎ᠤᠨ ᠵᠢᠮ᠎ᠡ ᠶᠣᠰᠣ ᠵᠢ ᠬᠦᠨᠳᠦᠳᠬᠡᠵᠦ᠂ ᠨᠡᠩ ᠡᠷᠬᠡ ᠲᠡᠭᠰᠢ ᠨᠡᠩ ᠠᠮᠢᠵᠢᠷᠠᠯ᠎ᠤᠨ ᠬᠦᠴᠦᠨ᠎ᠲᠠᠢ ᠵᠠᠬ᠎ᠠ ᠳᠡᠯᠭᠡᠭᠦᠷ᠎ᠤᠨ ᠣᠷᠴᠢᠨ ᠲᠣᠭᠤᠷᠢᠨ᠎ᠢ ᠪᠤᠢ ᠪᠣᠯᠭ᠋ᠠᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠵᠦ᠂ ᠵᠠᠬ᠎ᠠ ᠳᠡᠯᠭᠡᠭᠦᠷ᠎ᠤᠨ ᠠᠷᠭ᠎ᠠ ᠪᠠᠷᠢᠯ ᠵᠶ᠋ᠠᠷ ᠰᠣᠶᠣᠯ ᠵᠢᠭᠤᠯᠴᠢᠯᠠᠯ ᠬᠤᠳᠠᠯᠳᠤᠭ᠋ᠠᠨ᠎ᠢ ᠠᠭᠤᠰᠤᠯᠴᠠᠭᠤᠯᠤᠨ ᠬᠥᠭᠵᠢᠭᠦᠯᠵᠦ᠂ ᠦᠷᠭᠦᠯᠵᠢᠯᠡᠬᠦ ᠴᠢᠨᠠᠷᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠠᠵᠢᠯ ᠲᠥᠷᠥᠯ᠎ᠤᠨ ᠨᠡᠶ᠋ᠢᠭᠡᠮᠯᠢᠭ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠨ᠂ ᠵᠢᠭᠤᠯᠴᠢᠯᠠᠯ᠂ ᠢᠳᠡᠭᠡᠨ ᠤᠮᠳᠠᠭ᠋ᠠᠨ ᠵᠡᠷᠭᠡ ᠠᠵᠢᠯ ᠲᠥᠷᠥᠯ᠎ᠤᠨ ᠡᠵᠡᠩᠨᠡᠯᠲᠡ ᠵᠢ ᠵᠢᠷᠤᠮᠵᠢᠭᠤᠯᠬᠤ᠂ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ ᠵᠢ ᠠᠬᠢᠭᠤᠯᠵᠤ᠂ ᠡᠯ᠎ᠡ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠨᠠᠷᠠᠲᠤ ᠲᠡᠮᠳᠡᠭᠵᠢᠭᠦᠯᠬᠦ᠂ ᠣᠨᠴᠠᠯᠢᠬ᠍ᠵᠢᠭᠤᠯᠬᠤ ᠵᠠᠮ ᠵᠶ᠋ᠠᠷ ᠵᠠᠮᠨᠠᠬᠤ ᠵᠢ ᠠᠬᠢᠭᠤᠯᠬᠤ ᠬᠡᠷᠡᠭᠲᠡᠶ ᠭᠡᠵᠡᠢ᠃ ᠪᠣᠣ ᠭᠠᠩ ᠱᠠᠭ᠋ᠠᠷᠳᠠᠬᠤ᠎ᠳᠠᠭᠠᠨ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ᠎ᠬᠢᠨ ᠰᠠᠶ᠋ᠢᠨ ᠰᠠᠶ᠋ᠢᠬᠠᠨ ᠬᠥᠭᠵᠢᠯᠲᠡ ᠵᠢᠨ ᠣᠷᠴᠢᠨ ᠲᠣᠭᠤᠷᠢᠨ᠎ᠢ ᠪᠦᠬᠦ ᠲᠠᠯ᠎ᠠ᠎ᠪᠠᠷ ᠪᠤᠢ ᠪᠣᠯᠭ᠋ᠠᠵᠤ᠂ ᠠᠵᠤ ᠠᠬᠤᠶ᠋ᠢᠯᠠᠯ᠂ ᠠᠵᠢᠯ ᠲᠦᠷᠦᠯ᠎ᠤᠨ ᠨᠡᠶ᠋ᠢᠭᠡᠮᠯᠢᠭ᠎ᠤᠨ ᠬᠤᠯᠪᠣᠭ᠋ᠠᠯᠠᠨ ᠬᠠᠮᠲᠤᠷᠠᠯᠴᠠᠬᠤ ᠵᠢ ᠠᠬᠢᠭᠤᠯᠵᠤ᠂ ᠨᠡᠩ ᠤᠯᠠᠨ ᠰᠣᠶᠣᠯ ᠵᠢᠭᠤᠯᠴᠢᠯᠠᠯ ᠬᠤᠳᠠᠯᠳᠤᠭ᠋ᠠᠨ᠎ᠤ ᠠᠵᠤ ᠦᠢ᠍ᠯᠡᠰ᠎ᠤᠨ ᠬᠡᠯᠬᠢᠶ᠎ᠡ ᠵᠢᠨ ᠭᠤᠣᠯᠳᠠᠯᠭ᠎ᠠ᠎ᠲᠠᠢ ᠲᠦᠷᠦᠯ ᠵᠦᠢ᠍ᠯ᠎ᠢ ᠣᠷᠣᠭᠤᠯᠤᠨ ᠠᠪᠴᠢᠷᠠᠵᠤ ᠤᠷᠤᠨ᠎ᠤ ᠲᠥᠪ ᠬᠤᠲᠠ᠎ᠳᠤ ᠲᠥᠪᠯᠡᠷᠡᠭᠦᠯᠬᠦ ᠬᠡᠷᠡᠭᠲᠡᠢ᠃ ᠰᠣᠶᠣᠯ ᠵᠢᠭᠤᠯᠴᠢᠯᠠᠯ ᠬᠤᠳᠠᠯᠳᠤᠭ᠋ᠠᠨ᠎ᠤ ᠠᠭᠤᠰᠤᠯᠴᠠᠨ ᠬᠥᠭᠵᠢᠬᠦ ᠵᠢ ᠳᠡᠮᠵᠢᠬᠦ ᠰᠠᠨᠠᠯ᠎ᠢ ᠲᠦᠷᠭᠡᠨ ᠨᠡᠶ᠋ᠢᠲᠡᠯᠡᠵᠦ᠂ ᠠᠵᠤ ᠠᠬᠤᠶ᠋ᠢᠯᠠᠯ᠎ᠤᠨ ᠪᠤᠵᠠᠭ᠋ᠠᠶ᠋ᠢᠷᠠᠨ ᠬᠦᠴᠦᠷᠬᠡᠭᠵᠢᠬᠦ ᠵᠢ ᠦᠨᠡᠨᠬᠦ ᠳᠡᠮᠵᠢᠵᠦ᠂ ᠵᠠᠬ᠎ᠠ ᠳᠡᠯᠭᠡᠭᠦᠷ᠎ᠢ ᠬᠥᠭᠵᠢᠭᠦᠯᠦᠨ᠂ ᠠᠵᠤ ᠠᠬᠤᠶ᠋ᠢᠯᠠᠯ᠎ᠢ ᠪᠠᠶᠠᠵᠢᠭᠤᠯᠵᠤ᠂ ᠠᠷᠠᠳ ᠢᠷᠭᠡᠳ᠎ᠤᠨ ᠣᠷᠣᠯᠭ᠎ᠠ ᠵᠢ ᠨᠡᠮᠡᠭᠳᠡᠭᠦᠯᠵᠦ᠂ ᠬᠤᠳᠠ ᠵᠢᠨ 《ᠠᠮᠢᠳᠤᠷᠠᠯ᠎ᠤᠨ ᠠᠭᠤᠷ ᠠᠮᠢᠰᠬᠤᠯ》᠎ᠢ ᠤᠯᠠᠮ᠎ᠠᠴᠠ ᠤᠯᠠᠮ ᠦᠳᠬᠡᠷᠡᠭᠦᠯᠬᠦ ᠵᠢ ᠳᠡᠮᠵᠢᠬᠦ ᠬᠡᠷᠡᠭᠲᠡᠢ ᠭᠡᠵᠡᠢ᠃ ᠬᠤᠳᠠ ᠵᠢᠨ ᠤᠳᠤᠷᠢᠳᠤᠯᠭ᠎ᠠ ᠯᠢᠦ ᠵᠢᠢ ᠶᠢᠩ᠂ ᠸᠠᠩ ᠺᠦᠨ᠂ ᠼᠤᠤ ᡁᠢ᠂ ᠸᠠᠩ ᠢᠦᠢ ᠲᠢᠶᠠᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠭᠠᠵᠠᠷ ᠣᠷᠣᠨ᠎ᠤ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃

 


ᠢᠷᠡᠯᠲᠡ᠄ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠥᠬᠡᠬᠤᠲᠠ 《ᠮᠠᠨ᠎ᠤ ᠪᠠᠶᠠᠷ᠎ᠤᠨ ᠡᠳᠦᠷ · ᠨᠠᠢ᠍ᠮᠠᠨ ᠰᠠᠷ᠎ᠠ ᠵᠢᠨ ᠲᠡᠷᠭᠡᠯ ᠪᠠᠶᠠᠷ》 ᠭᠤᠤᠯ ᠰᠡᠳᠦᠪᠲᠦ ᠠᠵᠢᠯᠯᠠᠭ᠎ᠠ ᠦᠷᠨᠢᠭᠦᠯᠪᠡ
ᠪᠣᠣ ᠭᠠᠩ ᠳᠠᠯᠠᠨ ᠬᠠᠷ᠎ᠠ ᠠᠭᠤᠯᠠ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠴᠢ ᠠᠮᠢ ᠠᠬᠤᠢ ᠵᠢᠨ ᠵᠢᠭᠤᠯᠴᠢᠯᠠᠯ᠎ᠤᠨ ᠬᠥᠭᠵᠢᠯᠲᠡ ᠵᠢᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ
ᠬᠥᠬᠡᠬᠤᠲᠠ ᠵᠢᠨ ᠠᠩᠬᠠᠳᠠᠭᠴᠢ 《ᠨᠠᠷᠠᠨ ᠬᠤᠸᠠᠷ ᠡᠴᠢᠭᠡ ᠡᠬᠡ ᠦᠷ᠎ᠡ ᠬᠡᠦᠬᠡᠳ᠎ᠤᠨ ᠵᠢᠵᠢᠭ ᠥᠷᠥᠭᠡ》 ᠫᠠᠶ᠋ᠢᠰᠠ ᠰᠡᠬᠦᠪᠡ
ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠬᠥᠬᠡᠬᠤᠲᠠ 365.82 ᠲᠦᠮᠡᠨ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠢ ᠬᠦᠯᠢᠶᠡᠨ ᠠᠪᠤᠪᠠ
ᠪᠣᠣ ᠭᠠᠩ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠳᠡᠳ᠋ ᠳᠠᠷᠤᠭ᠎ᠠ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶᠠᠨ ᠳᠠᠷᠤᠭ᠎ᠠ ᠯᠢ ᠴᠢᠶᠦ᠋ᠨ᠎ᠲᠠᠢ ᠵᠣᠯᠭ᠋ᠠᠪᠠ
 
            