ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠪᠣᠣ ᠭᠠᠩ ᠲᠤᠰᠬᠠᠢ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ ᠮᠠᠨ᠎ᠤ ᠬᠤᠳᠠ ᠵᠢᠨ 《ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ》 ᠵᠢᠨ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠪᠠᠶ᠋ᠢᠷᠢᠰᠢᠯ᠎ᠢ ᠲᠡᠭᠦᠯᠳᠡᠷᠵᠢᠭᠦᠯᠦᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ ᠾᠧ ᠬᠠᠢ ᠳ᠋ᠦᠩ ᠣᠷᠣᠯᠴᠠᠵᠠᠢ
ᠨᠡᠶᠢᠲᠡᠯᠡᠭᠰᠡᠨ ᠴᠠᠭ᠄ 2024-11-13


 

   (ᠰᠤᠷᠪᠤᠯᠵᠢᠯᠠᠭᠴᠢ ᠶᠦᠨ ᠵᠢᠩ) 11 ᠳ᠋ᠦ᠍ᠭᠡᠷ ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠤᠲᠠ ᠵᠢᠨ ᠨᠠᠮ᠎ᠤᠨ ᠬᠤᠷᠢᠶ᠎ᠠ ᠵᠢᠨ ᠱᠦᠵᠢ ᠪᠦᠦ ᠭᠠᠩ ᠲᠤᠰᠬᠠᠢ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ᠂ ᠮᠠᠨ᠎ᠤ ᠬᠤᠲᠠ ᠵᠢᠨ 《ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ》 ᠵᠢᠨ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠬᠤᠲᠠ ᠵᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠲᠠ ᠵᠢᠨ ᠳᠠᠷᠤᠭ᠎ᠠ ᠾᠧ ᠬᠠᠢ ᠳ᠋ᠦᠩ ᠣᠷᠣᠯᠴᠠᠵᠠᠢ᠃ ᠬᠤᠯᠪᠤᠭᠳᠠᠯ ᠪᠦᠬᠦᠢ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ᠂ ᠪᠣᠣ ᠭᠠᠩ ᠬᠡᠯᠡᠬᠦ᠎ᠳᠡᠭᠡᠨ᠂ ᠣᠷᠣᠨ᠎ᠤ ᠲᠥᠪ ᠬᠤᠲᠠ ᠵᠢᠨ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠪᠠᠶ᠋ᠢᠷᠢᠰᠢᠯ᠎ᠢ ᠰᠢᠰᠲ᠋ᠧᠮ᠎ᠲᠠᠢ ᠲᠥᠯᠥᠪᠵᠢᠭᠦᠯᠦᠨ ᠠᠬᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠲᠤᠭᠤᠰᠢᠯᠠᠭᠤᠯᠬᠤ᠂ 《ᠬᠤᠶᠠᠷ᠎ᠢ ᠤᠶᠠᠯᠳᠤᠭᠤᠯᠬᠤ》 ᠴᠢᠬᠤᠯᠠ ᠶᠡᠭᠡ ᠨᠤᠲᠠᠯᠠᠯᠲᠠ ᠵᠢ ᠨᠠᠶ᠋ᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠪᠠᠰᠠ ᠴᠤ᠌ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠣᠯ ᠰᠢᠵᠢᠮ᠂ 《ᠤᠮᠠᠷᠠᠲᠤ ᠬᠢᠯᠢ ᠵᠢᠨ ᠰᠣᠶᠣᠯ》᠎ᠤᠨ ᠪᠠᠶ᠋ᠢᠭᠤᠯᠤᠯᠲᠠ ᠵᠢ ᠠᠬᠢᠭᠤᠯᠬᠤ ᠴᠢᠬᠤᠯᠠ ᠭᠠᠷᠳᠠᠴᠠ ᠮᠥᠨ᠃ ᠣᠶ᠋ᠢᠷ᠎ᠠ ᠵᠢᠨ ᠵᠢᠯ᠎ᠳᠤ᠂ ᠮᠠᠨ᠎ᠤ ᠬᠤᠲᠠ ᠲᠡᠤᠬᠡ ᠰᠣᠶᠣᠯ᠎ᠤᠨ ᠡᠬᠢ ᠪᠠᠶᠠᠯᠢᠭ᠂ ᠪᠠᠶ᠋ᠢᠭ᠋ᠠᠯᠢ ᠵᠢᠨ ᠠᠮᠢ ᠠᠬᠤᠶ ᠵᠢᠨ ᠳᠠᠪᠠᠭᠤᠯᠢᠭ ᠪᠠ ᠦᠵᠡᠮᠵᠢ ᠵᠢᠨ ᠣᠷᠣᠨ᠎ᠤ ᠪᠥᠲᠥᠭᠡᠨ ᠪᠠᠶ᠋ᠢᠭᠤᠯᠤᠯᠲᠠ ᠵᠢᠨ ᠰᠠᠭᠤᠷᠢᠨ᠎ᠳᠤ ᠲᠦᠰᠢᠭᠯᠡᠨ᠂ 《ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ》 ᠵᠢᠨ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠪᠠᠶ᠋ᠢᠷᠢᠰᠢᠯ᠎ᠢ ᠪᠣᠶ ᠪᠣᠯᠭ᠋ᠠᠵᠤ᠂ ᠦᠷᠭᠦᠯᠵᠢᠯᠡᠨ ᠬᠦᠴᠦᠯᠡᠵᠦ᠂ ᠤᠳᠠᠭ᠋ᠠᠨ ᠳᠠᠭ᠋ᠠᠭ᠋ᠠᠮᠠᠭ᠋ᠠᠢ ᠴᠢᠷᠮᠠᠶ᠋ᠢᠨ᠂ ᠦᠷᠭᠦᠯᠵᠢᠯᠡᠨ ᠬᠤᠯᠠ ᠵᠢᠨ ᠬᠠᠷᠠᠴᠠ᠂ ᠶᠡᠭᠡ ᠪᠠᠶ᠋ᠢᠷᠢᠰᠢᠯᠲᠠ᠂ ᠭᠦᠨᠵᠡᠭᠡᠶ ᠰᠢᠰᠲ᠋ᠧᠮ ᠵᠶ᠋ᠠᠷ ᠲᠥᠯᠥᠪᠵᠢᠭᠦᠯᠦᠨ ᠠᠬᠢᠭᠤᠯᠬᠤ ᠬᠡᠷᠡᠭᠲᠡᠶ᠃ ᠡᠯ᠎ᠡ ᠲᠦᠷᠦᠯ᠎ᠤᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠰᠠᠶ᠋ᠢᠲᠤᠷ ᠨᠡᠭᠡᠭᠡᠨ ᠠᠰᠢᠭᠯᠠᠵᠤ᠂ 4A᠂ 5A ᠲᠡᠰ᠎ᠤᠨ ᠦᠵᠡᠮᠵᠢ ᠵᠢᠨ ᠣᠷᠣᠨ᠎ᠢ ᠡᠭᠦᠳᠦᠨ ᠪᠠᠶ᠋ᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠳ᠋ᠠ ᠶᠣᠣ ᠵᠡᠷᠭᠡ ᠪᠠᠭᠤᠷᠢ ᠵᠢᠨ ᠴᠡᠴᠡᠷᠯᠢᠭ᠎ᠢ ᠢᠳᠡᠪᠬᠢᠲᠡᠢ ᠭᠤᠶᠤᠴᠢᠯᠠᠨ ᠪᠠᠶ᠋ᠢᠭᠤᠯᠵᠤ᠂ ᠠᠷᠠᠳ᠎ᠲᠤ ᠠᠰᠢᠭᠲᠠᠢ ᠳᠠᠯᠠᠨ ᠬᠠᠷ᠎ᠠ ᠠᠭᠤᠯᠠ ᠵᠢᠨ ᠠᠮᠢ ᠠᠬᠤᠢ ᠵᠢᠨ ᠵᠤᠭ᠋ᠠᠴᠠᠯ᠎ᠢ ᠢᠳᠡᠪᠬᠢᠲᠡᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠬᠠᠩᠭ᠋ᠠᠯᠭ᠎ᠠ ᠵᠢᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠣᠨᠴᠠᠯᠢᠭ᠎ᠢ ᠳᠤᠪᠤᠶ᠋ᠢᠯᠭ᠋ᠠᠵᠤ᠂ ᠦᠨᠳᠦᠷᠯᠢᠭ᠎ᠤᠨ ᠲᠠᠯ᠎ᠠ ᠨᠤᠲᠤᠭ᠂ ᠬᠤᠳᠠ ᠵᠢᠨ ᠦᠵᠡᠮᠵᠢ ᠵᠢᠨ ᠲᠠᠯ᠎ᠠ ᠨᠤᠲᠤᠭ᠂ ᠬᠠᠳᠤᠨ ᠭᠤᠣᠯ ᠤᠷᠳᠤ ᠴᠠᠭ᠋ᠠᠨ ᠬᠡᠷᠡᠮ᠂ ᠬᠤᠳᠠ ᠵᠢᠨ ᠲᠡᠭᠦᠷᠭᠡ ᠵᠢᠨ ᠵᠢᠭᠤᠯᠴᠢᠯᠠᠯ ᠵᠡᠷᠭᠡ ᠤᠨᠴᠠᠯᠢᠬᠳᠤ ᠰᠣᠶᠣᠯ ᠵᠢᠭᠤᠯᠴᠢᠯᠠᠯ᠎ᠢ ᠰᠠᠶ᠋ᠢᠲᠤᠷ ᠬᠢᠵᠦ᠂ ᠲᠦᠷᠦᠯ ᠲᠡᠮᠳᠡᠭ ᠡᠭᠦᠳᠬᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠢ ᠬᠡᠷᠡᠭᠡᠯᠡᠨ ᠦᠵᠡᠮᠵᠢ ᠵᠢᠨ ᠣᠷᠣᠨ᠎ᠤ ᠡᠵᠡᠩᠨᠡᠯᠲᠡ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠦᠵᠡᠮᠵᠢ ᠵᠢᠨ ᠣᠷᠣᠨ᠎ᠤ ᠵᠠᠮ ᠬᠠᠷᠢᠯᠴᠠᠭ᠎ᠠ᠂ ᠲᠡᠷᠭᠡᠨ ᠵᠣᠭᠰᠣᠭ᠋ᠠᠯ ᠵᠡᠷᠭᠡ ᠢᠵᠢ ᠪᠦᠷᠢᠳᠦᠭᠦᠯᠬᠦ ᠠᠵᠢᠯ᠎ᠢ ᠨᠠᠷᠢᠯᠢᠬ᠍ᠵᠢᠭᠤᠯᠤᠨ ᠰᠠᠶ᠋ᠢᠲᠤᠷ ᠬᠢᠬᠦ ᠬᠡᠷᠡᠭᠲᠡᠶ᠃ ᠬᠤᠳᠠ ᠵᠢᠨ ᠬᠡᠪᠴᠢᠶᠡᠨ᠎ᠳᠤ ᠨᠢᠭᠡᠳᠦᠯᠲᠡᠢ ᠲᠥᠯᠥᠪᠵᠢᠭᠦᠯᠬᠦ ᠪᠠ ᠣᠷᠣᠨ ᠪᠦᠰᠡ ᠵᠢᠨ ᠬᠤᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ 《ᠢᠳᠡᠬᠦ᠂ ᠰᠠᠭᠤᠬᠤ᠂ ᠶᠠᠪᠤᠬᠤ᠂ ᠵᠤᠭ᠋ᠠᠴᠠᠬᠤ᠂ ᠬᠤᠳᠠᠯᠳᠤᠨ ᠠᠪᠬᠤ᠂ ᠴᠡᠩᠬᠡᠬᠦ》 ᠰᠣᠶᠣᠯ ᠵᠢᠭᠤᠯᠴᠢᠯᠠᠯ᠎ᠤᠨ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠨᠢᠭᠡ ᠴᠤᠬ᠍ᠴᠠᠵᠢᠭᠤᠯᠤᠨ ᠠᠬᠢᠭᠤᠯᠬᠤ ᠬᠦᠴᠦᠷᠬᠡᠭ ᠶᠡᠭᠡ ᠬᠠᠮᠲᠤᠷᠠᠯ᠎ᠢ ᠪᠣᠢ ᠪᠣᠯᠭ᠋ᠠᠬᠤ ᠬᠡᠷᠡᠭᠲᠡᠢ᠃ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢ ᠲᠥᠰᠦᠪᠯᠡᠨ ᠤᠬᠠᠭᠤᠯᠬᠤ ᠠᠵᠢᠯ᠎ᠢ ᠰᠠᠶ᠋ᠢᠲᠤᠷ ᠠᠳᠬᠤᠵᠤ᠂ ᠡᠯ᠎ᠡ ᠲᠦᠷᠦᠯ᠎ᠤᠨ ᠦᠵᠡᠮᠵᠢ ᠵᠢᠨ ᠣᠷᠣᠨ᠂ ᠰᠣᠶᠣᠯ ᠦᠵᠡᠰᠬᠦᠯᠡᠩ᠎ᠤᠨ ᠣᠷᠳᠣᠨ᠂ ᠤᠨᠴᠠᠯᠢᠬᠳᠤ ᠵᠡᠭᠡᠯᠢ ᠭᠤᠳᠤᠮᠵᠢ᠂ ᠳᠠᠭ᠋ᠠᠯᠳᠤᠯ ᠪᠦᠲᠦᠭᠡᠭᠳᠡᠬᠦᠨ ᠵᠡᠷᠭᠡ ᠵᠢ ᠬᠥᠭᠵᠢᠭᠦᠯᠦᠨ᠂ ᠬᠤᠳᠠ ᠵᠢᠨ ᠠᠷᠠᠳ᠂ ᠵᠤᠭ᠋ᠠᠴᠠᠭᠰᠠᠳ᠎ᠤᠨ ᠮᠡᠳᠡᠷᠡᠮᠵᠢ ᠪᠣᠯᠤᠨ ᠬᠠᠨᠤᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠣᠨ᠎ᠤ ᠲᠥᠪ ᠬᠤᠲᠠ ᠵᠢ ᠦᠨᠡᠨᠬᠦ ᠡᠯ᠎ᠡ ᠭᠠᠵᠠᠷ᠎ᠤᠨ ᠵᠤᠭ᠋ᠠᠴᠠᠭᠰᠠᠳ᠎ᠤᠨ ᠵᠢᠷᠦᠬᠡ ᠰᠡᠳᠬᠢᠯ᠎ᠳᠤ ᠰᠠᠭᠤᠭᠳᠠᠭᠰᠠᠨ ᠵᠢᠭᠤᠯᠴᠢᠯᠠᠯ᠎ᠤᠨ ᠵᠣᠷᠢᠭᠰᠠᠨ ᠭᠠᠵᠠᠷ ᠪᠣᠯᠭ᠋ᠠᠬᠤ ᠬᠡᠷᠡᠭᠲᠡᠢ ᠭᠡᠵᠡᠢ᠃ ᠯᠢᠦ ᠵᠢᠢ ᠶᠢᠩ᠂ ᠸᠠᠩ ᠺᠦᠨ᠂ ᠼᠤᠤ ᡁᠢ᠂ ᠯᠢ ᠰᠢᠶᠣᠣ ᠶᠠᠨ᠂ ᠸᠠᠩ ᠢᠦᠢ ᠲᠢᠶᠠᠨ᠂ ᠵᠤᠤ ᠶᠠᠨ ᠷᠤ᠌ ᠨᠠᠷ ᠣᠷᠣᠯᠴᠠᠪᠠ᠃

 


ᠢᠷᠡᠯᠲᠡ᠄ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠣᠣ ᠭᠠᠩ ᠴᠢᠩ ᠱᠦᠢ ᠾᠧ ᠰᠢᠶᠠᠨ ᠬᠤᠷᠢᠨᠭᠡᠷ ᠰᠢᠶᠠᠨ᠎ᠳᠤ ᠪᠠᠶ᠋ᠢᠴᠠᠭ᠋ᠠᠨ ᠰᠤᠳᠤᠯᠤᠯᠲᠠ ᠬᠢᠬᠦ᠎ᠳᠡᠭᠡᠨ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠶᠡᠭᠡ ᠶᠠᠪᠤᠳᠠᠯ᠎ᠢ ᠤᠷᠳᠤ ᠬᠤᠭᠤᠴᠠᠭ᠎ᠠ᠎ᠪᠠᠷ ᠰᠠᠶ᠋ᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ
ᠬᠥᠬᠡᠬᠤᠲᠠ 《ᠣᠯᠠᠨ ᠤᠯᠤᠰ᠎ᠤᠨ ᠨᠥᠬᠦᠷᠰᠡᠭ ᠬᠤᠲᠠ ᠵᠢᠨ ᠭᠠᠷᠮᠠᠭ᠋ᠠᠶ ᠬᠤᠪᠢ ᠨᠡᠮᠡᠷᠢ ᠦᠵᠡᠭᠦᠯᠦᠭᠰᠡᠨ ᠱᠠᠩᠨᠠᠯ》᠎ᠢ ᠬᠦᠷᠲᠡᠪᠡ
ᠳᠤᠮᠳᠠᠳᠤ ᠤᠯᠤᠰ᠎ᠤᠨ ᠬᠥᠬᠡᠬᠤᠲᠠ ᠮᠣᠩᠭᠤᠯ ᠤᠯᠤᠰ᠎ᠤᠨ ᠤᠯᠠᠭ᠋ᠠᠨᠪᠠᠭ᠋ᠠᠲᠤᠷ ᠬᠤᠲᠠ᠎ᠲᠠᠢ ᠨᠥᠬᠦᠷᠰᠡᠭ ᠬᠠᠷᠢᠯᠴᠠᠭ᠋ᠠᠨ᠎ᠤ ᠦᠯᠢᠭᠡᠷ ᠵᠢᠱ᠌ᠢᠶ᠎ᠡ ᠵᠢᠨ ᠰᠠᠨᠠᠮᠵᠢ ᠪᠢᠴᠢᠭ᠎ᠲᠤ ᠭᠠᠷ᠎ᠤᠨ ᠥᠰᠥᠭ ᠵᠢᠷᠤᠪᠠ
ᠬᠤᠳᠠ ᠵᠢᠨ ᠨᠠᠮ᠎ᠤᠨ ᠬᠤᠷᠢᠶ᠎ᠠ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ ᠤᠷᠤᠨ᠎ᠤ ᠲᠥᠪ ᠬᠤᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠢ ᠪᠥᠬᠦ ᠲᠠᠯ᠎ᠠ᠎ᠪᠠᠷ ᠲᠦᠯᠬᠢᠨ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠵᠢᠴᠢ ᠤᠨᠤᠯ ᠰᠤᠷᠤᠯᠴᠠᠬᠤ ᠭᠤᠣᠯ ᠳᠤᠭᠤᠶ᠋ᠢᠯᠠᠩ (ᠥᠷᠭᠡᠳᠬᠡᠭᠰᠡᠨ)᠎ᠤᠨ 2024 ᠣᠨ᠎ᠤ ᠠᠷᠪᠠᠨ ᠵᠢᠷᠭᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠡᠷᠬᠢᠯᠡᠪᠡ
 
            