ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠮᠦᠽᠧᠶ ᠵᠢᠴᠢ ᠬᠤᠯᠪᠣᠭᠳᠠᠯ ᠪᠦᠬᠦᠢ ᠦᠢ᠍ᠯᠡᠳᠬᠦᠨ ᠬᠢᠭᠡᠳ ᠮᠡᠷᠭᠡᠵᠢᠯ᠎ᠤᠨ ᠦᠵᠡᠰᠬᠦᠯᠡᠩ᠎ᠤᠨ ᠴᠤᠭᠯᠠᠭ᠋ᠠᠨ ᠬᠥᠬᠡᠬᠤᠲᠠ᠎ᠳᠤ ᠡᠬᠢᠯᠡᠪᠡ
ᠨᠡᠶᠢᠲᠡᠯᠡᠭᠰᠡᠨ ᠴᠠᠭ᠄ 2024-08-26


   

    ᠯᠢ ᠴᠢᠶᠦ᠋ᠨ ᠶᠠᠷᠢᠶ᠎ᠠ ᠲᠠᠯᠪᠢᠵᠤ ᠯᠦᠸᠧ ᠸᠧᠨ ᠯᠢ ᠪᠦᠦ ᠭᠠᠩ ᠶᠠᠩ ᠵᠢᠨ ᠣᠷᠣᠯᠴᠠᠵᠤ ᠯᠢᠦ ᠱᠦ᠍ ᠭᠤᠸᠠᠩ ᠾᠧ ᠬᠠᠢ ᠳ᠋ᠦᠩ ᠪᠠᠶᠠᠷ᠎ᠤᠨ ᠦᠭᠡ ᠬᠡᠯᠡᠪᠡ (ᠰᠣᠷᠪᠤᠯᠵᠢᠯᠠᠭᠴᠢ ᠶᠠᠩ ᠼᠠᠢ ᠰᠢᠶᠠ) 8 ᠳ᠋ᠤᠭ᠋ᠠᠷ ᠰᠠᠷ᠎ᠠ ᠵᠢᠨ 23᠎ᠤ ᠡᠳᠦᠷ ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠮᠦᠽᠸᠢ ᠵᠢᠴᠢ ᠬᠠᠮᠢᠶ᠎ᠠ ᠪᠦᠬᠦᠢ ᠦᠢ᠍ᠯᠡᠳᠬᠦᠨ ᠬᠢᠭᠡᠳ ᠮᠡᠷᠭᠡᠵᠢᠯ᠎ᠤᠨ ᠦᠵᠡᠰᠭᠦᠯᠡᠩ᠎ᠤᠨ ᠴᠤᠭᠯᠠᠭ᠋ᠠᠨ (ᠮᠦᠽᠧᠶ ᠵᠢᠨ ᠦᠵᠡᠰᠬᠦᠯᠡᠩ᠎ᠤᠨ ᠴᠤᠭᠯᠠᠭ᠋ᠠᠨ ᠭᠡᠵᠦ ᠳᠦᠭᠦᠮᠴᠢᠯᠡᠨ᠎ᠡ) ᠬᠥᠬᠡᠬᠤᠲᠠ ᠵᠢᠨ ᠴᠡᠯᠡᠭᠡᠷ ᠲᠠᠯ᠎ᠠ ᠵᠢᠨ ᠣᠯᠠᠨ ᠤᠯᠤᠰ᠎ᠤᠨ ᠬᠤᠷᠠᠯ ᠦᠵᠡᠰᠬᠦᠯᠡᠩ᠎ᠤᠨ ᠲᠥᠪ᠎ᠲᠤ ᠡᠬᠢᠯᠡᠪᠡ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠳᠡᠳ᠋ ᠰᠠᠶ᠋ᠢᠳ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶᠠᠨ᠎ᠤ ᠳᠠᠷᠤᠭ᠎ᠠ ᠯᠢ ᠴᠢᠶᠦ᠋ᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠳᠡᠳ᠋ ᠳᠠᠷᠤᠭ᠎ᠠ ᠯᠦᠸᠧ ᠸᠧᠨ ᠯᠢ᠂ ᠳᠤᠮᠳᠠᠳᠤ ᠤᠯᠤᠰ᠎ᠤᠨ ᠡᠷᠲᠡᠨ᠎ᠤ ᠪᠠᠭᠤᠷᠢ ᠵᠢ ᠬᠠᠮᠠᠭ᠋ᠠᠯᠠᠬᠤ ᠨᠡᠶ᠋ᠢᠭᠡᠮᠯᠢᠭ᠎ᠤᠨ ᠬᠡᠷᠡᠭ ᠡᠷᠬᠢᠯᠡᠭᠴᠢᠳ᠎ᠤᠨ ᠳᠠᠷᠤᠭ᠎ᠠ᠂ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠤᠤᠯ᠎ᠤᠨ ᠳᠡᠳ᠋ ᠳᠠᠷᠤᠭ᠎ᠠ ᠰᠥᠩ ᠰᠢᠨ ᠴᠤᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠤᠲᠠ ᠵᠢᠨ ᠨᠠᠮ᠎ᠤᠨ ᠬᠤᠷᠢᠶ᠎ᠠ ᠵᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠠᠩ ᠵᠢᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠠᠷᠤᠭ᠎ᠠ ᠴᠢᠨ ᠶᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ ᠲᠢᠶᠠᠨ ᠷᠦᠢ ᠬᠤᠸᠠ ᠬᠤᠷᠠᠯ᠎ᠳᠤ ᠣᠷᠣᠯᠴᠠᠵᠠᠶ᠃ ᠳᠤᠮᠳᠠᠳᠤ ᠤᠯᠤᠰ᠎ᠤᠨ ᠮᠦᠽᠧᠢ ᠵᠢᠨ ᠨᠡᠶ᠋ᠢᠭᠡᠮᠯᠢᠭ᠎ᠤᠨ ᠬᠡᠷᠡᠭ ᠡᠷᠬᠢᠯᠡᠭᠴᠢᠳ᠎ᠤᠨ ᠳᠠᠷᠤᠭ᠎ᠠ ᠯᠢᠦ ᠱᠦ᠍ ᠭᠤᠸᠠᠩ᠂ ᠬᠤᠳᠠ ᠵᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠬᠤᠳᠠ ᠵᠢᠨ ᠳᠠᠷᠤᠭ᠎ᠠ ᠾᠧ ᠬᠠᠢ ᠳ᠋ᠦᠩ ᠬᠤᠷᠠᠯ᠎ᠳᠤ ᠣᠷᠣᠯᠴᠠᠵᠤ ᠲᠤᠰ ᠲᠤᠰ ᠪᠠᠶᠠᠷ᠎ᠤᠨ ᠦᠭᠡ ᠬᠡᠯᠡᠪᠡ᠃ ᠳᠤᠮᠳᠠᠳᠤ ᠤᠯᠤᠰ᠎ᠤᠨ ᠮᠦᠽᠧᠶ ᠵᠢᠨ ᠨᠡᠶ᠋ᠢᠭᠡᠮᠯᠢᠭ᠎ᠤᠨ ᠨᠠᠷᠢᠨ ᠪᠢᠴᠢᠭ᠎ᠤᠨ ᠳᠠᠷᠤᠭ᠎ᠠ ᠯᠢ ᠵᠢᠨ ᠭᠤᠸᠠᠩ ᠡᠬᠢᠯᠡᠯᠲᠡ ᠵᠢᠨ ᠶᠣᠰᠣᠯᠠᠯ᠎ᠢ ᠡᠷᠭᠢᠯᠡᠪᠡ᠃ ᠯᠢ ᠴᠢᠶᠦ᠋ᠨ ᠪᠠᠶᠠᠷ᠎ᠤᠨ ᠦᠭᠡ᠎ᠳᠡᠭᠡᠨ ᠢᠯᠡᠳᠭᠡᠭᠰᠡᠨ᠎ᠨᠢ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠠᠴᠠ ᠰᠣᠶᠣᠯ᠎ᠤᠨ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠢ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠬᠢᠵᠡᠢ᠃ ᠰᠢᠨ᠎ᠡ ᠪᠠᠶ᠋ᠢᠳᠠᠯ ᠰᠢᠨ᠎ᠡ ᠡᠭᠦᠷᠭᠡ᠎ᠳᠤ ᠲᠤᠬᠢᠷᠠᠭᠤᠯᠤᠨ᠂ ᠰᠣᠶᠣᠯ ᠦᠵᠡᠰᠬᠦᠯᠡᠩ᠎ᠤᠨ ᠠᠵᠢᠯ᠎ᠳᠤ ᠡᠷᠬᠡᠪᠰᠢ ᠰᠢᠨ᠎ᠡ ᠪᠠᠶ᠋ᠢᠳᠠᠯ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠬᠤ ᠬᠡᠷᠡᠭᠲᠡᠢ᠃ ᠮᠦᠽᠧᠶ ᠵᠢᠨ ᠬᠦᠷᠢᠶᠡᠨ᠎ᠳᠠᠬᠢ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠮᠦᠽᠧᠶ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠪᠠᠷᠢᠮᠵᠢᠶᠠᠵᠢᠭᠰᠠᠨ ᠰᠢᠰᠲ᠋ᠧᠮ᠎ᠢ ᠲᠡᠭᠦᠯᠳᠡᠷᠵᠢᠭᠦᠯᠵᠦ᠂ ᠮᠦᠽᠧᠶ ᠵᠢᠨ ᠰᠢᠰᠲ᠋ᠧᠮᠵᠢ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠮᠦᠽᠧᠶ ᠵᠢᠨ ᠳᠣᠲᠣᠭ᠋ᠠᠳᠤ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ ᠠᠬᠢᠭᠤᠯᠵᠤ᠂ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠶ᠃ ᠴᠢᠨᠠᠷ ᠰᠠᠶ᠋ᠢᠲᠠᠶ ᠰᠣᠶᠣᠯ᠎ᠤᠨ ᠬᠠᠩᠭ᠋ᠠᠯᠭ᠎ᠠ ᠵᠢᠨ ᠴᠢᠳᠠᠪᠤᠷᠢ ᠵᠢ ᠴᠢᠩᠭ᠋ᠠᠳᠬᠠᠵᠤ᠂ ᠮᠦᠽᠧᠶ᠎ᠳᠤ ᠬᠠᠳᠠᠭ᠋ᠠᠯᠠᠵᠤ ᠪᠠᠶ᠋ᠢᠭ᠎ᠠ ᠡᠬᠢ ᠪᠠᠶᠠᠯᠢᠭ᠎ᠢ ᠭᠦᠢ᠍ᠴᠡᠳ ᠠᠰᠢᠭᠯᠠᠵᠤ᠂ ᠴᠢᠬᠤᠯᠠ ᠡᠯᠧᠮᠧᠨ᠋ᠲ᠎ᠤᠨ ᠰᠢᠯᠵᠢᠯᠲᠡ ᠵᠢ ᠢᠳᠡᠪᠬᠢᠲᠡᠶ ᠠᠬᠢᠭᠤᠯᠵᠤ᠂ ᠰᠢᠯᠢᠳᠡᠭ ᠰᠣᠶᠣᠯ᠎ᠤᠨ ᠡᠬᠢ ᠪᠠᠶᠠᠯᠢᠭ᠎ᠢ ᠰᠢᠭᠤᠳ ᠦᠨᠳᠦᠰᠦᠨ ᠱᠠᠲᠤᠨ᠎ᠳᠤ ᠬᠦᠷᠭᠡᠬᠦ ᠵᠢ ᠠᠬᠢᠭᠤᠯᠵᠤ᠂ ᠲᠦᠭᠡᠮᠡᠯ ᠠᠰᠢᠭ ᠬᠦᠷᠲᠡᠭᠡᠬᠦ ᠠᠳᠠᠯᠢ ᠲᠡᠭᠰᠢ ᠮᠦᠽᠧᠶ ᠵᠢᠨ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠲᠠᠰᠤᠷᠠᠯᠲᠠ ᠦᠭᠡᠢ ᠪᠦᠷᠢᠨᠰᠢᠬᠦᠯᠬᠦ ᠬᠡᠷᠡᠭᠲᠡᠶ᠃ ᠮᠦᠽᠧᠶ ᠵᠢᠨ ᠨᠡᠭᠡᠭᠡᠯᠲᠡᠲᠦ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠵᠢ ᠪᠠᠷᠢᠮᠲᠠᠯᠠᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ᠂ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ᠎ᠲᠠᠢ ᠵᠣᠬᠢᠴᠠᠭᠰᠠᠨ ᠮᠦᠽᠧᠶ ᠵᠢᠨ 《ᠠᠮᠢᠳᠤᠷᠠᠯ᠎ᠤᠨ ᠬᠦᠷᠢᠶ᠎ᠡ》 ᠵᠢ ᠪᠠᠶ᠋ᠢᠭᠤᠯᠵᠤ᠂ ᠤᠷᠢᠳᠴᠢᠯᠠᠨ ᠪᠣᠯᠵᠣᠵᠤ ᠲᠣᠭᠤᠷᠢᠨ ᠦᠵᠡᠬᠦ ᠲᠦᠷᠢᠮ᠎ᠢ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ᠎ᠪᠠᠷ ᠬᠡᠷᠡᠭᠵᠢᠭᠦᠯᠵᠦ᠂ ᠨᠡᠶ᠋ᠢᠭᠡᠮ᠎ᠤᠨ ᠬᠦᠴᠦᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠳᠤ ᠣᠷᠣᠯᠴᠠᠬᠤ ᠲᠣᠭᠲᠠᠴᠠ ᠵᠢ ᠪᠦᠷᠢᠨᠰᠢᠭᠦᠯᠵᠦ᠂ ᠠᠳᠠᠯᠢ ᠪᠤᠰᠤ ᠬᠠᠮᠲᠤ ᠤᠯᠠᠨ᠎ᠤ ᠰᠣᠶᠣᠯ᠎ᠤᠨ ᠬᠡᠷᠡᠭᠴᠡᠭᠡ ᠵᠢ ᠨᠠᠩ ᠰᠠᠶ᠋ᠢᠲᠤᠷ ᠬᠠᠩᠭ᠋ᠠᠬᠤ ᠬᠡᠷᠡᠭᠲᠡᠶ᠃ ᠨᠡᠩ ᠥᠷᠭᠡᠨ ᠳᠡᠯᠭᠡᠷ ᠤᠯᠠᠨ ᠤᠯᠤᠰ᠎ᠤᠨ ᠰᠣᠯᠢᠯᠴᠠᠭ᠋ᠠᠨ᠎ᠤ ᠰᠢᠰᠲ᠋ᠧᠮ᠎ᠢ ᠪᠠᠶ᠋ᠢᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠥᠨᠳᠥᠷ ᠲᠦᠪᠰᠢᠨ ᠵᠶ᠋ᠠᠷ 《ᠭᠠᠳᠠᠭᠰᠢ ᠭᠠᠷᠬᠤ》᠂ 《ᠣᠷᠣᠭᠤᠯᠤᠨ ᠠᠪᠴᠢᠷᠠᠬᠤ》 ᠵᠢ ᠠᠬᠢᠭᠤᠯᠵᠤ᠂ ᠳᠤᠮᠳᠠᠳᠤ ᠤᠯᠤᠰ᠎ᠤᠨ ᠦᠯᠢᠭᠡᠷ᠂ ᠤᠯᠠᠨ ᠤᠯᠤᠰ᠎ᠤᠨ ᠢᠯᠡᠳᠭᠡᠮᠵᠢ ᠵᠢᠨ ᠪᠦᠲᠦᠮᠵᠢᠲᠡᠢ ᠠᠷᠭ᠎ᠠ ᠵᠠᠮ᠎ᠢ ᠰᠦᠪᠡᠭᠴᠢᠯᠡᠵᠦ᠂ ᠪᠦᠬᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠦᠢ᠍ᠯᠡᠳᠦᠯᠭᠡᠵᠢᠭᠦᠯᠬᠦ᠎ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃ ᠯᠢᠦ ᠱᠦ᠍ ᠭᠤᠸᠠᠩ᠎ᠠᠴᠠ ᠲᠠᠨᠢᠯᠴᠠᠭᠤᠯᠬᠤ᠎ᠳᠠᠭᠠᠨ᠂ ᠲᠤᠰ ᠬᠤᠭᠤᠴᠠᠭ᠋ᠠᠨ᠎ᠤ ᠮᠦᠽᠧᠶ ᠵᠢᠨ ᠦᠵᠡᠰᠬᠦᠯᠡᠩ᠎ᠤᠨ ᠴᠤᠭᠯᠠᠭ᠋ᠠᠨ᠎ᠨᠢ 《ᠮᠦᠽᠧᠢ ᠵᠢᠨ ᠴᠢᠨᠠᠷ ᠰᠠᠶ᠋ᠢᠲᠠᠢ ᠬᠥᠭᠵᠢᠯᠲᠡ᠄ ᠵᠢᠭ᠋ᠠᠬᠤ ᠪᠠ ᠰᠤᠳᠤᠯᠬᠤ ᠵᠢ ᠵᠡᠷᠭᠡ᠎ᠪᠠᠷ ᠴᠢᠬᠤᠯᠠᠴᠢᠯᠠᠵᠤ᠂ ᠲᠤᠭ᠋ᠠᠴᠢᠯᠠᠯᠲᠠ ᠪᠠ ᠪᠤᠲᠠᠲᠠᠢ ᠵᠢ ᠠᠭᠤᠰᠤᠯᠴᠠᠭᠤᠯᠬᠤ》᠎ᠪᠠᠷ ᠭᠤᠣᠯ ᠰᠡᠳᠦᠪ ᠪᠣᠯᠭ᠋ᠠᠭᠰᠠᠨ ᠪᠥᠭᠡᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠬᠤ᠂ ᠲᠣᠭ᠋ᠠᠴᠢᠯᠠᠭᠰᠠᠨ ᠮᠡᠷᠭᠡᠵᠢᠯ᠎ᠤᠨ ᠬᠡᠷᠡᠭᠯᠡᠯᠲᠡ ᠪᠣᠯᠤᠨ ᠮᠦᠽᠧᠢ ᠵᠢᠨ ᠰᠤᠳᠤᠯᠤᠨ ᠰᠤᠷᠤᠯᠴᠠᠬᠤ ᠭᠤᠷᠪᠠᠨ ᠲᠤᠰᠬᠠᠢ ᠰᠡᠳᠦᠪ᠎ᠢ ᠴᠢᠬᠤᠯᠠᠴᠢᠯᠠᠵᠤ᠂ ᠮᠡᠳᠡᠭᠡ ᠵᠠᠩᠭᠢ ᠵᠢᠨ ᠮᠡᠷᠭᠡᠵᠢᠯ᠎ᠤᠨ ᠦᠳᠲᠡᠷ ᠲᠦᠷᠭᠡᠨ ᠬᠥᠭᠵᠢᠯᠲᠡ ᠪᠣᠯᠤᠨ ᠮᠦᠽᠧᠢ ᠵᠢᠨ ᠰᠤᠷᠭ᠋ᠠᠨ ᠬᠥᠮᠦᠵᠢᠯ ᠪᠣᠯᠤᠨ ᠰᠤᠳᠤᠯᠭ᠋ᠠᠨ᠎ᠤ ᠭᠤᠣᠯ ᠴᠢᠳᠠᠮᠵᠢ᠎ᠳᠤ ᠬᠠᠳᠤᠭᠤᠯᠤᠨ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠠᠴᠠ ᠨᠠᠭ᠋ᠠᠰᠢᠬᠢ ᠮᠦᠽᠧᠢ ᠵᠢᠨ ᠠᠵᠢᠯ ᠲᠦᠷᠦᠯ᠎ᠤᠨ ᠰᠢᠨ᠎ᠡ ᠬᠠᠨᠳᠤᠰᠢ᠂ ᠰᠢᠨ᠎ᠡ ᠣᠶ᠋ᠢᠯᠠᠭ᠋ᠠᠭᠳᠠᠬᠤᠨ᠂ ᠰᠢᠨ᠎ᠡ ᠪᠦᠲᠦᠭᠡᠯᠴᠢ ᠰᠡᠳᠬᠢᠴᠡ᠂ ᠰᠢᠨ᠎ᠡ ᠮᠡᠷᠭᠡᠵᠢᠯ᠂ ᠰᠢᠨ᠎ᠡ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠰᠢᠰᠲ᠋ᠧᠮ᠎ᠲᠠᠢ ᠢᠯᠡᠷᠡᠭᠦᠯᠵᠡᠢ ᠭᠡᠵᠡᠢ᠃ ᠾᠧ ᠬᠠᠢ ᠳ᠋ᠦᠩ ᠢᠯᠡᠷᠬᠡᠶ᠋ᠢᠯᠡᠬᠦ᠎ᠳᠡᠭᠡᠨ᠂ ᠬᠥᠬᠡᠬᠤᠲᠠ ᠵᠢᠨ᠎ᠬᠢᠨ ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠠᠯᠢ ᠣᠯᠠᠨ ᠳᠡᠯᠭᠡᠨ ᠦᠵᠡᠭᠦᠯᠬᠦ ᠠᠵᠢᠯᠯᠠᠭ᠎ᠠ ᠵᠢ ᠠᠮᠵᠢᠯᠲᠠ᠎ᠲᠠᠢ ᠡᠷᠬᠢᠯᠡᠵᠦ᠂ ᠮᠦᠽᠧᠢ᠎ᠪᠠᠷ ᠲᠤᠭᠤᠷᠢᠬᠤ᠎ᠨᠢ ᠨᠢᠭᠡᠨᠲᠡ ᠥᠷᠭᠡᠨ ᠣᠯᠠᠨ᠎ᠤ ᠬᠥᠬᠡᠬᠤᠲᠠ᠎ᠳᠤ ᠵᠢᠭᠤᠯᠴᠢᠯᠠᠬᠤ 《ᠰᠢᠨ᠎ᠡ ᠰᠣᠩᠭᠤᠯᠲᠠ》᠂ 《ᠰᠢᠨ᠎ᠡ ᠤᠷᠤᠰᠬᠠᠯ》 ᠪᠣᠯᠵᠠᠢ᠃ ᠲᠤᠰ ᠬᠤᠭᠤᠴᠠᠭ᠋ᠠᠨ᠎ᠤ ᠮᠦᠽᠧᠢ ᠵᠢᠨ ᠦᠵᠡᠰᠬᠦᠯᠡᠩ᠎ᠤᠨ ᠴᠤᠭᠯᠠᠭ᠋ᠠᠨ ᠵᠶ᠋ᠠᠷ ᠳᠠᠮᠵᠢᠨ᠂ ᠦᠵᠡᠯ ᠰᠠᠨᠠᠭ᠋ᠠᠨ᠎ᠤ ᠣᠴᠢ ᠵᠢ ᠴᠠᠬᠢᠯᠠᠭᠤᠯᠵᠦ᠂ ᠦᠢ᠍ᠯᠡ ᠠᠵᠢᠯᠯᠠᠭ᠎ᠠ ᠵᠢᠨ ᠬᠠᠮᠲᠤ ᠵᠢᠨ ᠲᠠᠨᠢᠯᠲᠠ ᠵᠢ ᠬᠠᠶ᠋ᠢᠨ ᠰᠦᠪᠡᠭᠴᠢᠯᠡᠵᠦ᠂ ᠪᠠᠰᠠ ᠥᠷᠭᠡᠨ ᠤᠯᠠᠨ᠎ᠳᠤ ᠮᠦᠽᠧᠢ ᠵᠢ ᠨᠡᠩ ᠢᠯᠡᠭᠦᠦ ᠣᠶ᠋ᠢᠯᠠᠭ᠋ᠠᠭᠤᠯᠵᠤ᠂ ᠮᠦᠽᠧᠢ᠎ᠳᠤ ᠦᠨᠡᠨ ᠰᠡᠳᠬᠢᠯ᠎ᠠᠴᠠ᠎ᠪᠠᠨ ᠬᠠᠶ᠋ᠢᠷᠠᠲᠠᠢ ᠪᠤᠯᠬᠤ᠎ᠨᠢ ᠯᠠᠪᠲᠠᠢ ᠭᠡᠵᠦ ᠢᠲᠡᠭᠡᠵᠦ ᠪᠠᠶ᠋ᠢᠨ᠎ᠠ ᠭᠡᠪᠡ᠃ ᠣᠶ᠋ᠢᠯᠠᠭ᠋ᠠᠭᠰᠠᠨ ᠵᠶ᠋ᠠᠷ᠂ ᠲᠣᠰ ᠬᠤᠭᠤᠴᠠᠭ᠋ᠠᠨ᠎ᠤ ᠮᠦᠽᠧᠢ ᠵᠢᠨ ᠦᠵᠡᠰᠬᠦᠯᠡᠩ᠎ᠤᠨ ᠴᠤᠭᠯᠠᠭ᠋ᠠᠨ᠎ᠤ ᠦᠵᠡᠰᠬᠦᠯᠡᠩ᠎ᠤᠨ ᠲᠠᠯᠠᠪᠠᠶ᠎ᠨᠢ 50000 ᠲᠡᠭᠰᠢ ᠳᠥᠷᠪᠡᠯᠵᠢᠨ ᠮᠧᠳ᠋ᠷ᠎ᠢ ᠳᠠᠪᠠᠵᠤ᠂ ᠭᠤᠷᠪᠠᠨ ᠭᠤᠤᠯ ᠰᠡᠳᠦᠪᠲᠦ ᠦᠵᠡᠰᠬᠦᠯᠡᠩ᠎ᠤᠨ ᠣᠷᠳᠣᠨ ᠪᠠ 《ᠮᠦᠽᠧᠶ ᠦᠨᠡᠬᠡᠷ ᠭᠠᠶ᠋ᠢᠬᠠᠮᠰᠢᠭᠲᠠᠢ》 ᠪᠠᠭ᠋ᠠᠴᠤᠳ ᠬᠡᠦᠬᠡᠳ᠎ᠤᠨ ᠵᠢᠭ᠋ᠠᠨ ᠰᠤᠳᠤᠯᠬᠤ ᠠᠵᠢᠯᠯᠠᠭ᠎ᠠ ᠵᠢᠨ ᠪᠡᠶᠡᠴᠢᠯᠡᠨ ᠣᠶ᠋ᠢᠯᠠᠭ᠋ᠠᠬᠤ ᠲᠣᠭᠤᠷᠢᠭ᠂ ᠮᠦᠽᠧᠶ ᠵᠢᠨ ᠲᠤᠭ᠋ᠠᠴᠢᠯᠠᠨ ᠤᠶᠤᠨᠴᠢᠯᠠᠭᠰᠠᠨ ᠲᠤᠰᠬᠠᠶ ᠰᠡᠳᠦᠪᠲᠦ ᠦᠵᠡᠭᠦᠯᠭᠡ ᠵᠢᠨ ᠲᠣᠭᠤᠷᠢᠭ᠂ ᠠᠮᠠᠷᠠᠬᠤ ᠲᠣᠭᠤᠷᠢᠭ᠂ ᠣᠯᠠᠨ ᠴᠢᠳᠠᠮᠵᠢᠲᠤ ᠬᠤᠷᠠᠯ᠎ᠤᠨ ᠲᠢᠩᠬᠢᠮ ᠵᠡᠷᠭᠡ ᠬᠤᠪᠢᠶᠠᠷᠢ ᠲᠣᠭᠤᠷᠢᠭ᠎ᠢ ᠲᠣᠬᠢᠷᠠᠭᠤᠯᠪᠠ᠃ 394 ᠮᠦᠽᠧᠢ᠂ 158 ᠠᠵᠤ ᠠᠬᠤᠶ᠋ᠢᠯᠠᠯ ᠦᠵᠡᠰᠬᠦᠯᠡᠩ᠎ᠳᠤ ᠣᠷᠣᠯᠴᠠᠭᠰᠠᠨ ᠪᠠᠶ᠋ᠢᠨ᠎ᠠ᠃ ᠮᠦᠽᠧᠢ ᠵᠢᠨ ᠦᠵᠡᠰᠬᠦᠯᠡᠩ᠎ᠤᠨ ᠴᠤᠭᠯᠠᠭ᠋ᠠᠨ᠎ᠤ ᠬᠤᠭᠤᠴᠠᠭ᠋ᠠᠨ᠎ᠳᠤ᠂ 1 ᠲᠠᠯᠠᠪᠤᠷ ᠭᠤᠤᠯ ᠶᠠᠷᠢᠶᠠᠨ᠎ᠤ ᠲᠠᠪᠴᠠᠩ᠂ 8 ᠲᠠᠯᠠᠪᠤᠷ ᠡᠷᠳᠡᠮ ᠰᠢᠨᠵᠢᠯᠡᠭᠡᠨ᠎ᠤ ᠬᠤᠷᠠᠯ᠂ 3 ᠲᠠᠯᠠᠪᠤᠷ ᠲᠤᠰᠬᠠᠶ ᠰᠡᠳᠦᠪᠲᠦ ᠣᠯᠠᠨ ᠨᠡᠶ᠋ᠢᠲᠡ ᠵᠢᠨ ᠲᠠᠶ᠋ᠢᠯᠤᠮᠵᠢ ᠵᠢᠴᠢ ᠨᠢᠭᠡ ᠪᠦᠯᠦᠭ ᠪᠠᠭ᠋ᠠᠴᠤᠳ ᠬᠡᠤᠬᠡᠳ ᠪᠠ ᠦᠵᠡᠭᠴᠢᠳ᠎ᠲᠤ ᠬᠠᠨᠳᠤᠭᠤᠯᠤᠭᠰᠠᠨ ᠣᠯᠠᠨ ᠨᠡᠶ᠋ᠢᠲᠡ ᠵᠢᠨ ᠠᠵᠢᠯᠯᠠᠭ᠎ᠠ ᠵᠢ ᠡᠷᠭᠢᠯᠡᠨ᠎ᠡ᠃ ᠬᠤᠲᠠ ᠵᠢᠨ ᠤᠳᠤᠷᠢᠳᠤᠯᠭ᠎ᠠ ᠸᠠᠩ ᠺᠦᠨ᠂ ᠼᠤᠤ ᡁᠢ᠂ ᠸᠠᠩ ᠢᠦᠶ ᠲᠢᠶᠠᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃

 

ᠢᠷᠡᠯᠲᠡ᠄ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠬᠤᠲᠠ ᠰᠣᠶᠣᠯ ᠵᠢᠭᠤᠯᠴᠢᠯᠠᠯ ᠬᠤᠳᠠᠯᠳᠤᠭ᠋ᠠᠨ᠎ᠤ ᠠᠭᠤᠰᠤᠯᠴᠠᠨ ᠬᠥᠭᠵᠢᠬᠦ ᠵᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠬᠥᠬᠡᠬᠤᠲᠠ 《ᠮᠠᠨ᠎ᠤ ᠪᠠᠶᠠᠷ᠎ᠤᠨ ᠡᠳᠦᠷ · ᠨᠠᠢ᠍ᠮᠠᠨ ᠰᠠᠷ᠎ᠠ ᠵᠢᠨ ᠲᠡᠷᠭᠡᠯ ᠪᠠᠶᠠᠷ》 ᠭᠤᠤᠯ ᠰᠡᠳᠦᠪᠲᠦ ᠠᠵᠢᠯᠯᠠᠭ᠎ᠠ ᠦᠷᠨᠢᠭᠦᠯᠪᠡ
ᠪᠣᠣ ᠭᠠᠩ ᠳᠠᠯᠠᠨ ᠬᠠᠷ᠎ᠠ ᠠᠭᠤᠯᠠ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠴᠢ ᠠᠮᠢ ᠠᠬᠤᠢ ᠵᠢᠨ ᠵᠢᠭᠤᠯᠴᠢᠯᠠᠯ᠎ᠤᠨ ᠬᠥᠭᠵᠢᠯᠲᠡ ᠵᠢᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ
ᠬᠥᠬᠡᠬᠤᠲᠠ ᠵᠢᠨ ᠠᠩᠬᠠᠳᠠᠭᠴᠢ 《ᠨᠠᠷᠠᠨ ᠬᠤᠸᠠᠷ ᠡᠴᠢᠭᠡ ᠡᠬᠡ ᠦᠷ᠎ᠡ ᠬᠡᠦᠬᠡᠳ᠎ᠤᠨ ᠵᠢᠵᠢᠭ ᠥᠷᠥᠭᠡ》 ᠫᠠᠶ᠋ᠢᠰᠠ ᠰᠡᠬᠦᠪᠡ
ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠬᠥᠬᠡᠬᠤᠲᠠ 365.82 ᠲᠦᠮᠡᠨ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠢ ᠬᠦᠯᠢᠶᠡᠨ ᠠᠪᠤᠪᠠ
 
            