ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠬᠥᠬᠡᠬᠤᠲᠠ 《ᠣᠯᠠᠨ ᠤᠯᠤᠰ᠎ᠤᠨ ᠨᠥᠬᠦᠷᠰᠡᠭ ᠬᠤᠲᠠ ᠵᠢᠨ ᠭᠠᠷᠮᠠᠭ᠋ᠠᠶ ᠬᠤᠪᠢ ᠨᠡᠮᠡᠷᠢ ᠦᠵᠡᠭᠦᠯᠦᠭᠰᠡᠨ ᠱᠠᠩᠨᠠᠯ》᠎ᠢ ᠬᠦᠷᠲᠡᠪᠡ
ᠨᠡᠶᠢᠲᠡᠯᠡᠭᠰᠡᠨ ᠴᠠᠭ᠄ 2024-11-20


 

   (ᠰᠤᠷᠪᠤᠯᠵᠢᠯᠠᠭᠴᠢ ᠶᠠᠩ ᠼᠠᠢ ᠰᠢᠶᠠ) 11 ᠳ᠋ᠦ᠍ᠭᠡᠷ ᠰᠠᠷ᠎ᠠ ᠵᠢᠨ 18᠎ᠠᠴᠠ 19᠎ᠤ ᠡᠳᠦᠷ᠂ ᠳᠤᠮᠳᠠᠳᠤ ᠤᠯᠤᠰ᠎ᠤᠨ ᠤᠯᠠᠨ ᠤᠯᠤᠰ᠎ᠤᠨ ᠨᠥᠬᠦᠷᠰᠡᠭ ᠬᠤᠳᠠ ᠵᠢᠨ ᠶᠡᠭᠡ ᠬᠤᠷᠠᠯ ᠶᠦᠨᠨᠠᠨ ᠮᠤᠵᠢ ᠵᠢᠨ ᠺᠦᠨᠮᠢᠩ ᠬᠤᠳᠠ᠎ᠳᠤ ᠬᠤᠷᠠᠯᠳᠤᠵᠤ᠂ ᠶᠡᠭᠡ ᠬᠤᠷᠠᠯ᠎ᠠᠴᠠ ᠤᠯᠠᠨ ᠤᠯᠤᠰ᠎ᠤᠨ ᠨᠥᠬᠦᠷᠰᠡᠭ ᠬᠤᠳᠠ ᠵᠢᠨ ᠠᠵᠢᠯ᠎ᠢ ᠭᠢᠯᠠᠷᠠᠭᠤᠯᠤᠮ᠎ᠠ ᠥᠷᠨᠢᠭᠦᠯᠦᠭᠰᠡᠨ ᠮᠤᠵᠢ ᠬᠤᠳᠠ ᠵᠢ ᠬᠥᠬᠢᠭᠦᠯᠦᠨ ᠰᠠᠶ᠋ᠢᠰᠢᠶᠠᠪᠠ᠃ ᠬᠥᠬᠡᠬᠤᠲᠠ 《ᠣᠯᠠᠨ ᠤᠯᠤᠰ᠎ᠤᠨ ᠨᠥᠬᠦᠷᠰᠡᠭ ᠬᠤᠲᠠ ᠵᠢᠨ ᠭᠠᠷᠮᠠᠭ᠋ᠠᠶ ᠬᠤᠪᠢ ᠨᠡᠮᠡᠷᠢ ᠦᠵᠡᠭᠦᠯᠦᠭᠰᠡᠨ ᠱᠠᠩᠨᠠᠯ》᠎ᠢ ᠬᠦᠷᠲᠡᠵᠡᠢ᠂ ᠲᠣᠰ ᠱᠠᠩᠨᠠᠯ᠎ᠨᠢ ᠣᠯᠠᠨ ᠤᠯᠤᠰ᠎ᠤᠨ ᠨᠥᠬᠦᠷᠰᠡᠭ ᠬᠤᠲᠠ ᠵᠢᠨ ᠠᠵᠢᠯ᠎ᠤᠨ ᠬᠠᠮᠤᠭ᠎ᠤᠨ ᠳᠡᠭᠡᠳᠦ ᠱᠠᠩᠨᠠᠯ ᠪᠣᠯᠣᠨ᠎ᠠ᠂ ᠪᠥᠬᠦ ᠤᠯᠤᠰ᠎ᠲᠤ ᠨᠡᠶ᠋ᠢᠲᠡ 10 ᠬᠤᠲᠠ ᠲᠤᠰ ᠱᠠᠩᠨᠠᠯ᠎ᠢ ᠬᠦᠷᠲᠡᠪᠡ᠃ ᠲᠣᠰ ᠤᠳᠠᠭ᠋ᠠᠨ᠎ᠤ ᠱᠠᠩᠨᠠᠯ᠎ᠨᠢ ᠬᠥᠬᠡᠬᠤᠲᠠ ᠵᠢᠨ ᠤᠯᠤᠰ᠎ᠤᠨ ᠶᠡᠷᠦᠩᠬᠡᠶ ᠭᠠᠳᠠᠭ᠋ᠠᠳᠤ ᠬᠠᠷᠢᠯᠴᠠᠭ᠎ᠠ᠎ᠳᠤ ᠦᠵᠡᠭᠦᠯᠦᠭᠰᠡᠨ ᠬᠤᠪᠢ ᠨᠡᠮᠡᠷᠢ ᠵᠢ ᠭᠦᠢ᠍ᠴᠡᠳ ᠨᠤᠲᠠᠯᠠᠭᠰᠠᠨ ᠶᠠᠪᠤᠳᠠᠯ ᠪᠣᠯᠤᠨ᠎ᠠ᠃ 1987 ᠣᠨ᠎ᠠᠴᠠ ᠣᠲᠣ ᠪᠣᠯᠲᠠᠯ᠎ᠠ᠂ ᠬᠥᠬᠡᠬᠤᠲᠠ ᠨᠢᠭᠡᠨᠲᠡ ᠶᠠᠫᠣᠨ᠎ᠤ ᠭᠠᠩᠴᠢ ᠬᠤᠲᠠ᠂ ᠮᠣᠩᠭᠤᠯ ᠤᠯᠤᠰ᠎ᠤᠨ ᠤᠯᠠᠭ᠋ᠠᠨᠪᠠᠭ᠋ᠠᠲᠤᠷ ᠬᠤᠲᠠ᠂ ᠠᠮᠧᠷᠢᠺᠠ ᠵᠢᠨ ᠯᠤᠰ ᠠᠩᠵᠧᠯᠧᠰ ᠵᠢᠶᠦ᠋ᠨ ᠵᠡᠷᠭᠡ ᠭᠠᠳᠠᠭ᠋ᠠᠳᠤ ᠵᠢᠨ 8 ᠬᠤᠲᠠ᠎ᠯᠤᠭ᠎ᠠ ᠨᠥᠬᠦᠷᠰᠡᠭ ᠬᠤᠲᠠ ᠵᠢᠨ ᠬᠠᠷᠢᠴᠠᠭ᠎ᠠ ᠪᠠᠶ᠋ᠢᠭᠤᠯᠤᠭᠰᠠᠨ ᠪᠦᠭᠡᠳ 20 ᠭᠠᠷᠤᠶ ᠭᠠᠳᠠᠭ᠋ᠠᠳᠤ ᠵᠢᠨ ᠬᠤᠲᠠ᠎ᠲᠠᠢ ᠲᠣᠭᠲᠠᠭᠤᠨ ᠰᠣᠯᠢᠯᠴᠠᠭ᠎ᠠ ᠬᠠᠮᠲᠤᠷᠠᠯᠴᠠᠭ᠋ᠠᠨ᠎ᠤ ᠬᠠᠷᠢᠴᠠᠭ᠎ᠠ ᠪᠠᠶ᠋ᠢᠭᠤᠯᠤᠭᠰᠠᠨ ᠪᠠᠶ᠋ᠢᠨ᠎ᠠ᠃ ᠣᠶ᠋ᠢᠷ᠎ᠠ ᠵᠢᠨ ᠵᠢᠯ᠎ᠳᠤ᠂ ᠬᠥᠬᠡᠬᠤᠲᠠ ᠭᠠᠳᠠᠭ᠋ᠠᠳᠤ ᠬᠠᠷᠢᠯᠴᠠᠭ᠋ᠠᠨ᠎ᠳᠤ ᠰᠢᠭᠤᠷᠬᠠᠶ ᠤᠷᠤᠭᠰᠢᠯᠠᠨ᠂ ᠴᠢᠳᠠᠮᠠᠭ᠋ᠠᠶ ᠬᠢᠵᠦ ᠴᠢᠳᠠᠮᠠᠭ᠋ᠠᠶ ᠪᠦᠲᠦᠭᠡᠵᠦ᠂ ᠨᠥᠬᠦᠷᠰᠡᠭ ᠬᠤᠲᠠ ᠵᠢᠨ ᠪᠠᠶ᠋ᠢᠷᠢᠰᠢᠭᠤᠯᠤᠯᠲᠠ ᠦᠷᠭᠦᠯᠵᠢᠯᠡᠨ ᠰᠢᠯᠢᠳᠡᠭᠵᠢᠵᠦ᠂ ᠰᠣᠯᠢᠯᠴᠠᠭ᠋ᠠᠨ᠎ᠤ ᠠᠷᠭ᠎ᠠ ᠵᠠᠮ ᠪᠥᠬᠦ ᠲᠠᠯ᠎ᠠ᠎ᠪᠠᠷ ᠥᠷᠭᠡᠳᠴᠦ᠂ ᠬᠠᠮᠲᠤᠷᠠᠯᠴᠠᠭ᠋ᠠᠨ᠎ᠤ ᠲᠠᠪᠴᠠᠩ ᠲᠠᠰᠤᠷᠠᠯᠲᠠ ᠥᠬᠡᠶ ᠳᠡᠭᠡᠭᠰᠢᠯᠡᠵᠦ᠂ ᠤᠯᠤᠰ᠎ᠤᠨ ᠶᠡᠷᠦᠩᠬᠡᠶ ᠭᠠᠳᠠᠭ᠋ᠠᠳᠤ ᠬᠠᠷᠢᠯᠴᠠᠭ᠎ᠠ ᠪᠠ ᠣᠷᠣᠨ᠎ᠤ ᠲᠥᠪ ᠬᠤᠲᠠ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠦᠢ᠍ᠯᠡᠴᠢᠯᠡᠨ ᠢᠳᠡᠪᠬᠢᠲᠡᠶ ᠦᠷ᠎ᠡ ᠪᠦᠲᠦᠮᠵᠢ ᠤᠯᠪᠠ᠃ ᠬᠥᠬᠡᠬᠤᠲᠠ ᠨᠥᠬᠦᠷᠰᠡᠭ ᠬᠤᠲᠠ ᠵᠢᠨ ᠠᠷᠠᠳ᠎ᠤᠨ ᠬᠤᠭᠤᠷᠣᠨᠳᠣᠬᠢ ᠨᠥᠬᠦᠷᠰᠡᠭ ᠶᠠᠪᠤᠯᠴᠠᠭ᠎ᠠ ᠵᠢᠨ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠤᠯᠠᠨ ᠤᠯᠤᠰ᠎ᠤᠨ ᠨᠥᠬᠦᠷᠰᠡᠭ ᠬᠤᠳᠠ᠎ᠯᠤᠭ᠎ᠠ ᠭᠤᠣᠯᠳᠠᠯᠭ᠎ᠠ᠎ᠲᠠᠢ ᠰᠣᠯᠢᠯᠴᠠᠭ᠋ᠠᠨ᠎ᠤ ᠠᠵᠢᠯᠯᠠᠭ᠎ᠠ ᠵᠠᠭᠤ ᠭᠠᠷᠤᠢ ᠤᠳᠠᠭ᠎ᠠ ᠥᠷᠨᠢᠭᠦᠯᠵᠦ᠂ ᠨᠥᠬᠦᠷᠰᠡᠭ ᠬᠤᠳᠠ ᠵᠢᠨ ᠬᠤᠭᠤᠷᠣᠨᠳᠣᠬᠢ ᠵᠠᠰᠠᠭ᠎ᠤᠨ ᠣᠷᠳᠣᠨ᠎ᠤ ᠬᠠᠷᠢᠯᠴᠠᠨ ᠠᠶ᠋ᠢᠯᠴᠢᠯᠠᠬᠤ ᠪᠦᠯᠬᠦᠮ ᠮᠢᠩᠭ᠎ᠠ ᠭᠠᠷᠤᠢ ᠬᠥᠮᠦᠨ ᠤᠳᠠᠭ᠎ᠠ᠎ᠳᠤ ᠬᠦᠷᠴᠦ᠂ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠰᠢᠯ ᠵᠡᠷᠭᠡ ᠬᠦᠷᠢᠶᠡᠨ᠎ᠤ ᠨᠥᠬᠦᠷᠰᠡᠭ ᠬᠠᠮᠲᠤᠷᠠᠯᠴᠠᠭ᠋ᠠᠨ᠎ᠤ ᠰᠠᠨᠠᠮᠵᠢ ᠪᠢᠴᠢᠭ᠂ ᠬᠡᠯᠡᠯᠴᠡᠭᠡᠷ ᠪᠢᠴᠢᠭ 50 ᠭᠠᠷᠤᠢ ᠬᠤᠪᠢ ᠲᠣᠭᠲᠠᠭᠰᠠᠨ ᠪᠦᠭᠡᠳ ᠲᠤᠮᠤ ᠬᠡᠯᠪᠡᠷᠢ ᠵᠢᠨ ᠤᠯᠠᠨ ᠤᠯᠤᠰ᠎ᠤᠨ ᠦᠵᠡᠰᠬᠦᠯᠡᠩ ᠵᠢᠴᠢ ᠶᠠᠷᠢᠶᠠᠨ᠎ᠤ ᠲᠠᠪᠴᠠᠩ ᠵᠡᠷᠭᠡ ᠠᠵᠢᠯᠯᠠᠭ᠋ᠠᠨ᠎ᠳᠤ ᠭᠠᠷ᠎ᠤᠨ ᠦᠰᠦᠭ ᠵᠢᠷᠤᠵᠤ᠂ ᠤᠯᠠᠨ ᠤᠯᠤᠰ᠎ᠤᠨ ᠨᠥᠬᠦᠷᠰᠡᠭ ᠬᠤᠳᠠ ᠵᠢᠨ ᠠᠵᠤ ᠠᠬᠤᠢ ᠠᠷᠠᠯᠵᠢᠶ᠎ᠠ᠂ ᠰᠣᠶᠣᠯ ᠵᠢᠭᠤᠯᠴᠢᠯᠠᠯ᠂ ᠡᠮ ᠡᠮᠨᠡᠯᠭᠡ᠂ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠡᠷᠭᠡ ᠬᠦᠷᠢᠶᠡᠨ᠎ᠤ ᠬᠠᠮᠲᠤᠷᠠᠯᠴᠠᠭ᠋ᠠᠨ᠎ᠤ ᠳᠠᠯᠳᠠ ᠬᠦᠴᠦᠨ᠎ᠢ ᠠᠭᠤᠳᠠᠯᠵᠤ᠂ ᠨᠥᠬᠦᠷᠰᠡᠭ ᠬᠤᠳᠠ ᠵᠢᠨ ᠰᠣᠯᠢᠯᠴᠠᠭ᠋ᠠᠨ᠎ᠤ ᠲᠡᠰ ᠳᠠᠪᠬᠤᠷᠭ᠎ᠠ ᠵᠢ ᠳᠡᠭᠡᠭᠰᠢᠯᠡᠭᠦᠯᠵᠦ᠂ ᠨᠥᠬᠦᠷᠰᠡᠭ ᠬᠤᠳᠠ ᠵᠢᠨ ᠶᠠᠪᠤᠯᠴᠠᠭ᠎ᠠ ᠵᠢᠨ ᠭᠦᠨᠵᠡᠭᠡᠶ᠋ᠢᠷᠡᠨ ᠪᠣᠳᠠᠲᠠᠶ᠋ᠢᠵᠢᠬᠤ ᠵᠢ ᠠᠬᠢᠭᠤᠯᠪᠠ᠃ ᠤᠯᠠᠨ ᠵᠢᠯ᠎ᠤᠨ ᠲᠤᠷᠰᠢ᠂ ᠬᠥᠬᠡᠬᠤᠲᠠ ᠪᠣᠯᠤᠨ ᠡᠯ᠎ᠡ ᠨᠥᠬᠦᠷᠰᠡᠭ ᠬᠤᠳᠠ ᠵᠢᠨ᠎ᠬᠢᠨ ᠰᠣᠶᠣᠯ ᠢᠷᠭᠡᠨᠰᠢᠯ᠎ᠤᠨ ᠬᠦᠷᠢᠶᠡᠨ᠎ᠤ ᠨᠥᠬᠦᠷᠰᠡᠭ ᠰᠣᠯᠢᠯᠴᠠᠭ᠎ᠠ ᠵᠢ ᠢᠳᠡᠪᠬᠢᠲᠡᠢ ᠥᠷᠨᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠵᠠᠯᠠᠭᠤᠴᠤᠳ ᠪᠠᠭ᠋ᠠᠴᠤᠳ᠎ᠢ ᠬᠠᠷᠢᠯᠴᠠᠨ ᠲᠣᠮᠢᠯᠠᠵᠤ ᠨᠥᠬᠦᠷᠰᠡᠭ ᠰᠣᠯᠢᠯᠴᠠᠭ᠎ᠠ ᠬᠢᠬᠦ ᠪᠦᠯᠬᠦᠮ ᠳᠤᠭᠤᠶ᠋ᠢᠯᠠᠩ᠎ᠨᠢ ᠵᠠᠭᠤ ᠰᠢᠬᠠᠮ ᠪᠦᠯᠦᠭ ᠮᠢᠩᠭ᠎ᠠ ᠭᠠᠷᠤᠶ ᠬᠥᠮᠦᠨ ᠤᠳᠠᠭ᠎ᠠ ᠬᠦᠷᠴᠦ᠂ 《ᠬᠥᠬᠡᠬᠤᠲᠠ ᠵᠢᠨ ᠣᠯᠠᠨ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠨᠥᠬᠦᠷᠰᠡᠭ ᠬᠠᠷᠢᠯᠴᠠᠭ᠎ᠠ》 ᠵᠢᠨ ᠨᠡᠷᠡᠲᠦ ᠲᠡᠮᠳᠡᠭ᠎ᠢ ᠡᠭᠦᠳᠴᠦ᠂ ᠨᠥᠬᠦᠷᠰᠡᠭ ᠬᠤᠲᠠ ᠵᠢᠨ ᠵᠠᠯᠠᠭᠤᠴᠤᠳ ᠪᠠᠭ᠋ᠠᠴᠤᠳ᠎ᠢ ᠬᠦᠬᠡᠬᠤᠲᠠ᠎ᠳᠤ ᠤᠷᠢᠵᠤ ᠡᠯ᠎ᠡ ᠭᠠᠵᠠᠷ᠎ᠤᠨ ᠬᠡᠦᠬᠡᠳ ᠪᠠᠭ᠋ᠠᠴᠤᠳ ᠬᠠᠷᠢᠯᠴᠠᠨ ᠲᠠᠨᠢᠯᠴᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠣᠶ᠋ᠢᠯᠭ᠋ᠠᠵᠤ᠂ ᠣᠷᠣᠨ᠎ᠤ ᠲᠥᠪ ᠬᠤᠲᠠ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠎ᠢ ᠮᠡᠳᠡᠷᠡᠪᠡ᠃ ᠮᠠᠨ᠎ᠤ ᠬᠤᠲᠠ ᠵᠢᠨ ᠳᠤᠮᠳᠠᠳᠤ ᠰᠤᠷᠭ᠋ᠠᠭᠤᠯᠢ ᠬᠢᠭᠡᠳ ᠮᠣᠩᠭᠤᠯ ᠤᠯᠤᠰ᠎ᠤᠨ ᠤᠯᠠᠭ᠋ᠠᠨᠪᠠᠭ᠋ᠠᠲᠤᠷ ᠬᠤᠲᠠ᠂ ᠣᠷᠣᠰ᠎ᠤᠨ ᠫᠧᠯᠮ ᠬᠤᠲᠠ᠂ ᠬᠠᠩᠭ᠋ᠠᠷᠢ ᠵᠢᠨ ᠳ᠋ᠧᠪᠦᠯᠧᠰᠡᠨ ᠬᠤᠲᠠ ᠵᠢᠨ ᠳᠤᠮᠳᠠᠳᠤ ᠰᠤᠷᠭ᠋ᠠᠭᠤᠯᠢ᠎ᠨᠤᠭᠤᠳ᠎ᠲᠠᠢ ᠲᠣᠰ ᠲᠣᠰ ᠰᠤᠷᠭ᠋ᠠᠭᠤᠯᠢ ᠵᠢᠨ ᠬᠤᠭᠤᠷᠣᠨᠳᠣᠬᠢ ᠨᠥᠬᠦᠷᠰᠡᠭ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠬᠤ ᠵᠢ ᠢᠳᠡᠪᠬᠢᠲᠡᠢ ᠠᠬᠢᠭᠤᠯᠵᠤ᠂ ᠳᠤᠮᠳᠠᠳᠤ ᠵᠢᠨ ᠰᠣᠶᠣᠯ᠎ᠢ ᠤᠯᠠᠮᠵᠢᠯᠠᠵᠤ᠂ ᠨᠥᠬᠦᠷᠯᠡᠯ᠎ᠢ ᠵᠤᠵᠠᠭ᠋ᠠᠳᠬᠠᠵᠠᠢ᠃ ᠳᠤᠮᠳᠠᠳᠤ ᠮᠣᠩᠭᠤᠯ᠎ᠤᠨ ᠬᠠᠮᠲᠤᠪᠠᠷ ᠪᠠᠶ᠋ᠢᠭᠤᠯᠬᠤ ᠠᠺᠠᠳᠧᠮᠢᠴᠢ ᠵᠢᠨ ᠲᠤᠰᠬᠠᠶ ᠮᠡᠷᠭᠡᠵᠢᠯᠲᠡᠨ᠎ᠤ ᠠᠵᠢᠯ᠎ᠤᠨ ᠥᠷᠲᠡᠭᠡ ᠵᠡᠷᠭᠡ ᠲᠥᠷᠥᠯ ᠵᠦᠢ᠍ᠯ᠎ᠢ ᠠᠰᠢᠭᠯᠠᠨ᠂ ᠮᠠᠨ᠎ᠤ ᠬᠤᠲᠠ ᠵᠢᠨ ᠮᠤᠩᠭᠤᠯ ᠡᠮ ᠡᠮᠨᠡᠯᠭᠡ ᠵᠢᠨ ᠬᠦᠭᠵᠢᠬᠦ ᠵᠢ ᠳᠡᠮᠵᠢᠪᠡ᠃ ᠮᠠᠨ᠎ᠤ ᠬᠤᠲᠠ ᠪᠠ ᠮᠣᠩᠭᠤᠯ ᠤᠯᠤᠰ᠂ ᠹᠢᠨᠯᠠᠨᠳ᠋ ᠵᠡᠷᠭᠡ ᠭᠠᠵᠠᠷ᠎ᠲᠠᠢ ᠴᠡᠴᠡᠷᠯᠢᠭ᠎ᠤᠨ ᠨᠣᠭᠤᠭ᠋ᠠᠷᠠᠭᠤᠯᠤᠯᠲᠠ᠂ ᠦᠨᠳᠦᠰᠦᠨ ᠱᠠᠲᠤᠨ᠎ᠤ ᠵᠠᠰᠠᠯᠲᠠ᠂ ᠠᠵᠢᠯ ᠮᠡᠷᠭᠡᠵᠢᠯ᠎ᠤᠨ ᠪᠣᠯᠪᠠᠰᠤᠷᠠᠯ᠂ ᠨᠠᠰᠤᠲᠠᠶ᠋ᠢᠴᠤᠳ᠎ᠤᠨ ᠶᠡᠭᠡ ᠰᠤᠷᠭ᠋ᠠᠭᠤᠯᠢ᠂ ᠬᠡᠤᠬᠡᠳ᠎ᠤᠨ ᠰᠤᠷᠭ᠋ᠠᠨ ᠬᠥᠮᠦᠵᠢᠯ ᠵᠡᠷᠭᠡ ᠬᠦᠷᠢᠶᠡᠨ᠎ᠳᠠᠬᠢ ᠰᠤᠷᠪᠤᠯᠵᠢᠯᠠᠭ᠎ᠠ ᠪᠠ ᠰᠣᠯᠢᠯᠴᠠᠭ᠎ᠠ ᠵᠢ ᠥᠷᠨᠢᠭᠦᠯᠵᠦ᠂ ᠬᠠᠮᠲᠤᠷᠠᠯᠴᠠᠭ᠋ᠠᠨ᠎ᠤ ᠣᠷᠣᠨ ᠵᠠᠶ ᠵᠢ ᠲᠠᠰᠤᠷᠠᠯᠲᠠ ᠦᠭᠡᠢ ᠦᠷᠭᠡᠳᠭᠡᠪᠡ᠃



ᠢᠷᠡᠯᠲᠡ᠄ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠬᠥᠬᠡᠬᠤᠲᠠ ᠮᠣᠩᠭᠤᠯ ᠤᠯᠤᠰ᠎ᠤᠨ ᠤᠯᠠᠭ᠋ᠠᠨᠪᠠᠭ᠋ᠠᠲᠤᠷ ᠬᠤᠲᠠ᠎ᠲᠠᠢ ᠨᠥᠬᠦᠷᠰᠡᠭ ᠬᠠᠷᠢᠯᠴᠠᠭ᠋ᠠᠨ᠎ᠤ ᠦᠯᠢᠭᠡᠷ ᠵᠢᠱ᠌ᠢᠶ᠎ᠡ ᠵᠢᠨ ᠰᠠᠨᠠᠮᠵᠢ ᠪᠢᠴᠢᠭ᠎ᠲᠤ ᠭᠠᠷ᠎ᠤᠨ ᠥᠰᠥᠭ ᠵᠢᠷᠤᠪᠠ
ᠬᠤᠳᠠ ᠵᠢᠨ ᠨᠠᠮ᠎ᠤᠨ ᠬᠤᠷᠢᠶ᠎ᠠ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ ᠤᠷᠤᠨ᠎ᠤ ᠲᠥᠪ ᠬᠤᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠢ ᠪᠥᠬᠦ ᠲᠠᠯ᠎ᠠ᠎ᠪᠠᠷ ᠲᠦᠯᠬᠢᠨ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠵᠢᠴᠢ ᠤᠨᠤᠯ ᠰᠤᠷᠤᠯᠴᠠᠬᠤ ᠭᠤᠣᠯ ᠳᠤᠭᠤᠶ᠋ᠢᠯᠠᠩ (ᠥᠷᠭᠡᠳᠬᠡᠭᠰᠡᠨ)᠎ᠤᠨ 2024 ᠣᠨ᠎ᠤ ᠠᠷᠪᠠᠨ ᠵᠢᠷᠭᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠡᠷᠬᠢᠯᠡᠪᠡ
ᠬᠤᠲᠠ ᠵᠢᠨ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠬᠤᠯᠪᠣᠭᠳᠠᠯ ᠪᠥᠬᠦᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ 《ᠵᠢᠷᠭᠤᠭ᠋ᠠᠨ ᠣᠷᠣᠨ ᠪᠦᠰᠡ ᠵᠢᠨ ᠲᠥᠪ》᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠵᠡᠷᠭᠡ ᠠᠵᠢᠯ᠎ᠢ ᠰᠤᠳᠤᠯᠤᠨ ᠪᠠᠶ᠋ᠢᠷᠢᠯᠠᠭᠤᠯᠪᠠ
ᠪᠤᠭᠤᠲᠤ ᠬᠤᠲᠠ ᠵᠢᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠶ᠋ᠢᠴᠢᠯᠠᠯᠲᠠ ᠵᠢᠨ ᠮᠦᠽᠧᠢ
 
            