(ᠰᠤᠷᠪᠤᠯᠵᠢᠯᠠᠭᠴᠢ ᠶᠦᠨ ᠵᠢᠩ) 9 ᠳ᠋ᠦ᠍ᠭᠡᠷ ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠤᠳᠠ ᠵᠢᠨ ᠨᠠᠮ᠎ᠤᠨ ᠬᠤᠷᠢᠶ᠎ᠠ ᠵᠢᠨ ᠱᠦᠵᠢ ᠪᠦᠦ ᠭᠠᠩ ᠳᠠᠯᠠᠨ ᠬᠠᠷ᠎ᠠ ᠠᠭᠤᠯᠠ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠴᠢ ᠠᠮᠢ ᠠᠬᠤᠢ ᠵᠢᠨ ᠵᠢᠭᠤᠯᠴᠢᠯᠠᠯ᠎ᠤᠨ ᠬᠥᠭᠵᠢᠯᠲᠡ ᠵᠢᠨ ᠪᠠᠶ᠋ᠢᠳᠠᠯ᠎ᠳᠤ ᠪᠠᠶ᠋ᠢᠴᠠᠭ᠋ᠠᠨ ᠰᠤᠳᠤᠯᠤᠯᠲᠠ ᠬᠢᠵᠡᠢ᠃ ᠨᠠᠮᠤᠷ᠎ᠤᠨ ᠳᠠᠯᠠᠨ ᠬᠠᠷ᠎ᠠ ᠠᠭᠤᠯᠠ᠎ᠨᠢ ᠠᠮᠢ ᠠᠬᠤᠢ ᠵᠢᠨ ᠰᠠᠢ᠍ᠬᠠᠨᠢ ᠪᠦᠷᠢᠨ ᠬᠠᠷᠠᠭᠤᠯᠤᠨ᠎ᠠ᠃ ᠪᠣᠣ ᠭᠠᠩ ᠤᠷᠢᠳ ᠬᠤᠵᠢᠳ ᠳᠠᠯᠠᠨ ᠬᠠᠷ᠎ᠠ ᠠᠭᠤᠯᠠ ᠵᠢᠨ ᠬᠤᠸᠠᠩ ᠬᠤᠸᠠ ᠸᠧ ᠫᠦ᠋᠂ ᠨᠠᠭᠤᠷ᠎ᠤᠨ ᠨᠢᠷᠤᠭᠤ᠂ ᠵᠢᠩ ᠡᠯ ᠨᠢᠷᠤᠭᠤ ᠵᠡᠷᠭᠡ ᠥᠨᠳᠦᠷᠯᠢᠭ᠎ᠤᠨ ᠲᠠᠯ᠎ᠠ ᠨᠤᠲᠤᠭ᠎ᠤᠨ ᠵᠦᠯᠭᠡ ᠪᠠ ᠤᠢ ᠰᠢᠭᠤᠢ᠂ ᠨᠤᠭᠤ ᠭᠠᠵᠠᠷ᠎ᠲᠤ ᠬᠦᠷᠴᠦ᠂ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠠᠮᠢ ᠠᠬᠤᠢ ᠵᠢᠨ ᠰᠡᠷᠭᠦᠭᠡᠯᠲᠡ ᠵᠢᠴᠢ ᠠᠮᠢ ᠠᠬᠤᠢ ᠵᠢᠨ ᠵᠢᠭᠤᠯᠴᠢᠯᠠᠯ᠎ᠤᠨ ᠬᠥᠭᠵᠢᠯᠲᠡ ᠵᠢᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠪᠡ᠃ ᠪᠣᠣ ᠭᠠᠩ ᠬᠡᠯᠡᠬᠦ᠎ᠳᠡᠭᠡᠨ᠂ ᠳᠠᠯᠠᠨ ᠬᠠᠷ᠎ᠠ ᠠᠭᠤᠯᠠ᠎ᠨᠢ ᠴᠢᠬᠤᠯᠠ ᠠᠮᠢ ᠠᠬᠤᠢ ᠵᠢᠨ ᠴᠢᠳᠠᠮᠵᠢ᠎ᠲᠠᠢ᠎ᠪᠠᠷ ᠪᠠᠷᠠᠬᠤ ᠦᠭᠡᠢ ᠪᠠᠰᠠ ᠡᠯᠪᠡᠭ ᠪᠠᠶᠠᠯᠢᠭ ᠠᠮᠢ ᠠᠬᠤᠢ ᠵᠢᠨ ᠵᠢᠭᠤᠯᠴᠢᠯᠠᠯ᠎ᠤᠨ ᠡᠬᠢ ᠪᠠᠶᠠᠯᠢᠭ ᠠᠭᠤᠯᠤᠭᠳᠠᠵᠤ ᠪᠠᠶ᠋ᠢᠨ᠎ᠠ᠂ ᠪᠢᠳᠡ ᠬᠤᠪᠢ ᠲᠠᠬᠢᠨ ᠨᠠᠨᠳᠢᠩᠨᠠᠵᠤ᠂ ᠣᠷᠣᠨ᠎ᠤ ᠲᠥᠪ ᠬᠤᠲᠠ ᠵᠢᠨ ᠤᠮᠠᠷᠠᠲᠤ ᠬᠡᠰᠡᠭ᠎ᠤᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠤᠷᠳᠤ ᠬᠤᠭᠤᠴᠠᠭ᠎ᠠ᠎ᠪᠠᠷ ᠰᠠᠶ᠋ᠢᠲᠤᠷ ᠰᠠᠬᠢᠨ ᠬᠠᠮᠠᠭ᠋ᠠᠯᠠᠬᠤ ᠬᠡᠷᠡᠭᠲᠡᠢ᠃ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠢᠮᠠᠭᠲᠠ ᠲᠡᠷᠢᠭᠦᠨ᠎ᠳᠤ ᠲᠠᠯᠪᠢᠵᠤ᠂ ᠰᠢᠰᠲ᠋ᠧᠮ᠎ᠳᠤ ᠦᠵᠡᠯᠲᠡ ᠪᠠ ᠬᠤᠷᠢᠭ᠎ᠠ ᠱᠤᠭᠤᠮ᠎ᠤᠨ ᠰᠡᠳᠬᠢᠬᠦᠢ᠎ᠪᠠᠷ ᠳᠠᠯᠠᠨ ᠬᠠᠷ᠎ᠠ ᠠᠭᠤᠯᠠ ᠵᠢᠨ ᠠᠮᠢ ᠠᠬᠤᠢ ᠵᠢᠨ ᠬᠠᠮᠠᠭ᠋ᠠᠯᠠᠯᠲᠠ ᠪᠠ ᠠᠰᠢᠭᠯᠠᠯᠲᠠ ᠵᠢ ᠠᠬᠢᠭᠤᠯᠬᠤ ᠬᠡᠷᠡᠭᠲᠡᠢ᠃ ᠠᠮᠢ ᠠᠬᠤᠢ᠎ᠪᠠᠷ ᠠᠷᠠᠳ᠎ᠲᠤ ᠠᠰᠢᠭ ᠬᠦᠷᠲᠡᠭᠡᠬᠦ᠂ ᠠᠮᠢ ᠠᠬᠤᠢ᠎ᠪᠠᠷ ᠠᠷᠠᠳ᠎ᠤᠨ ᠲᠥᠯᠥᠭᠡ ᠵᠢᠳᠬᠦᠬᠦ ᠵᠢ ᠪᠠᠷᠢᠮᠲᠠᠯᠠᠵᠤ᠂ ᠪᠠᠶ᠋ᠢᠭ᠋ᠠᠯᠢ ᠵᠢ ᠬᠦᠨᠳᠦᠳᠬᠡᠬᠦ᠂ ᠪᠠᠶ᠋ᠢᠭ᠋ᠠᠯᠢ᠎ᠲᠠᠢ ᠵᠣᠬᠢᠴᠠᠬᠤ᠂ ᠪᠠᠶ᠋ᠢᠭ᠋ᠠᠯᠢ ᠵᠢ ᠬᠠᠮᠠᠭ᠋ᠠᠯᠠᠬᠤ ᠵᠠᠷᠴᠢᠮ ᠳᠣᠣᠷ᠎ᠠ᠂ ᠳᠠᠯᠠᠨ ᠬᠠᠷ᠎ᠠ ᠠᠭᠤᠯᠠ ᠵᠢᠨ ᠬᠥᠬᠡᠬᠤᠲᠠ ᠵᠢᠨ ᠬᠡᠰᠡᠭ᠎ᠤᠨ ᠡᠯ᠎ᠡ ᠦᠵᠡᠮᠵᠢ ᠵᠢᠨ ᠣᠷᠣᠨ ᠵᠢᠴᠢ ᠳᠠᠯᠠᠨ ᠬᠠᠷ᠎ᠠ ᠠᠭᠤᠯᠠ ᠵᠢᠨ ᠡᠮᠦᠨ᠎ᠡ ᠪᠡᠯ᠎ᠤᠨ ᠵᠠᠮ ᠳᠠᠭ᠋ᠠᠤ ᠵᠢᠨ ᠠᠮᠢ ᠠᠬᠤᠢ ᠵᠢᠨ ᠵᠢᠭᠤᠯᠴᠢᠯᠠᠯ ᠪᠣᠯᠤᠨ ᠰᠣᠶᠣᠯ ᠵᠢᠭᠤᠯᠴᠢᠯᠠᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠬᠤᠲᠠ ᠲᠣᠭᠤᠷᠢᠭ᠎ᠤᠨ ᠬᠡᠰᠡᠭ᠂ ᠦᠴᠤᠸᠠᠨ ᠰᠢᠶᠠᠨ᠎ᠤ ᠬᠡᠰᠡᠭ᠂ ᠬᠤᠲᠣᠩ ᠠᠷᠠᠳ᠎ᠤᠨ ᠲᠣᠭᠤᠷᠢᠭ᠎ᠤᠨ ᠬᠡᠰᠡᠭ᠂ ᠲᠦᠮᠡᠳ ᠵᠡᠭᠦᠨ ᠬᠤᠰᠢᠭᠤᠨ᠎ᠤ ᠬᠡᠰᠡᠭ᠎ᠤᠨ ᠬᠤᠯᠪᠣᠭ᠋ᠠᠯᠠᠨ ᠬᠥᠳᠡᠯᠦᠯᠴᠡᠵᠦ ᠬᠥᠭᠵᠢᠬᠦ ᠵᠢ ᠴᠢᠩᠭ᠋ᠠᠳᠬᠠᠵᠤ᠂ ᠳᠠᠯᠠᠨ ᠬᠠᠷ᠎ᠠ ᠠᠭᠤᠯᠠ ᠵᠢᠴᠢ ᠡᠮᠦᠨ᠎ᠡ ᠪᠡᠯ᠎ᠤᠨ ᠡᠯ᠎ᠡ ᠦᠵᠡᠮᠵᠢ ᠵᠢᠨ ᠣᠷᠣᠨ᠎ᠢ ᠬᠤᠯᠪᠣᠵᠤ᠂ ᠥᠪᠡᠷ ᠥᠪᠡᠷ᠎ᠤᠨ ᠦᠵᠡᠮᠵᠢ᠎ᠲᠠᠢ ᠥᠩᠭᠡ ᠦᠵᠡᠮᠵᠢ ᠢᠯᠭ᠋ᠠᠷᠠᠭᠰᠠᠨ ᠵᠢᠭᠤᠯᠴᠢᠯᠠᠯ᠎ᠤᠨ ᠬᠤᠯᠪᠣᠯᠳᠤᠭᠰᠠᠨ ᠰᠢᠨ᠎ᠡ ᠪᠠᠶ᠋ᠢᠷᠢᠰᠢᠯ᠎ᠢ ᠪᠦᠷᠢᠯᠳᠦᠭᠦᠯᠬᠦ ᠬᠡᠷᠡᠭᠲᠡᠢ᠃ ᠠᠮᠢ ᠠᠬᠤᠢ ᠵᠢᠨ ᠳᠠᠪᠠᠭᠤᠯᠢᠭ᠎ᠲᠤ ᠲᠦᠰᠢᠭᠯᠡᠨ᠂ ᠪᠣᠬᠢᠷᠲᠤᠯ ᠥᠬᠡᠶ ᠳᠤᠭᠤᠶ ᠤᠨᠤᠬᠤ᠂ ᠢᠳᠡᠷᠡᠬᠦᠨ ᠠᠯᠬᠤᠭ᠎ᠠ ᠵᠡᠷᠭᠡ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢ ᠨᠠᠷᠢᠨ ᠨᠢᠮᠪᠠᠶ ᠲᠥᠰᠦᠪᠯᠡᠨ᠂ ᠦᠵᠡᠮᠵᠢ ᠵᠢᠨ ᠣᠷᠣᠨ᠎ᠤ ᠦᠢ᠍ᠯᠡᠴᠢᠯᠡᠭᠡ ᠪᠠ ᠬᠠᠮᠢᠶᠠᠷᠤᠯᠲᠠ ᠵᠢᠨ ᠬᠢᠷᠢ ᠲᠦᠪᠰᠢᠨ᠎ᠢ ᠦᠷᠭᠦᠯᠵᠢᠯᠡᠨ ᠰᠢᠯᠢᠳᠡᠭᠵᠢᠭᠦᠯᠵᠦ᠂ ᠬᠤᠲᠠ ᠵᠢᠨ ᠠᠷᠠᠳ ᠪᠠ ᠵᠢᠭᠤᠯᠴᠢᠯᠠᠭᠰᠠᠳ᠎ᠲᠤ ᠨᠡᠩ ᠣᠯᠠᠨ ᠪᠠᠶ᠋ᠢᠭ᠋ᠠᠯᠢ᠎ᠲᠠᠢ ᠣᠶ᠋ᠢᠷᠠᠲᠤᠭᠰᠠᠨ᠂ ᠠᠮᠠᠷᠠᠵᠤ ᠰᠡᠯᠡᠭᠦᠴᠡᠬᠦ ᠰᠠᠶ᠋ᠢᠨ ᠭᠠᠵᠠᠷ ᠬᠠᠩᠭ᠋ᠠᠬᠤ ᠬᠡᠷᠡᠭᠲᠡᠶ ᠭᠡᠪᠡ᠃ ᠬᠤᠲᠠ ᠵᠢᠨ ᠤᠳᠤᠷᠢᠳᠤᠯᠭ᠎ᠠ ᠸᠠᠩ ᠺᠦᠨ᠂ ᠼᠤᠤ ᡁᠢ᠂ ᠲᠠᠯ᠎ᠠ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃