(ᠰᠤᠷᠪᠤᠯᠵᠢᠯᠠᠭᠴᠢ ᠶᠦᠨ ᠵᠢᠩ) 11 ᠳ᠋ᠦ᠍ᠭᠡᠷ ᠰᠠᠷ᠎ᠠ ᠵᠢᠨ 6᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠤᠲᠠ ᠵᠢᠨ ᠨᠠᠮ᠎ᠤᠨ ᠬᠤᠷᠢᠶ᠎ᠠ ᠵᠢᠨ ᠱᠦᠵᠢ ᠪᠦᠦ ᠭᠠᠩ ᠪᠡᠭᠡᠵᠢᠩ᠎ᠳᠤ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠳᠡᠳ᠋ ᠳᠠᠷᠤᠭ᠎ᠠ᠂ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶᠠᠨ ᠳᠠᠷᠤᠭ᠎ᠠ ᠯᠢ ᠴᠢᠶᠦ᠋ᠨ᠎ᠲᠠᠢ ᠵᠣᠯᠭ᠋ᠠᠪᠠ᠃ ᠪᠣᠣ ᠭᠠᠩ ᠬᠤᠳᠠ ᠵᠢᠨ ᠨᠠᠮ᠎ᠤᠨ ᠬᠤᠷᠢᠶ᠎ᠠ᠂ ᠬᠤᠳᠠ ᠵᠢᠨ ᠵᠠᠰᠠᠭ᠎ᠤᠨ ᠣᠷᠳᠣᠨ᠎ᠢ ᠲᠥᠯᠥᠭᠡᠯᠡᠨ ᠰᠣᠶᠣᠯ ᠵᠢᠭᠤᠯᠴᠢᠯᠠᠯ᠎ᠤᠨ ᠶᠠᠮᠤᠨ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠤᠷᠳᠤ ᠬᠤᠭᠤᠴᠠᠭ᠋ᠠᠨ᠎ᠤ ᠲᠤᠷᠰᠢ ᠬᠥᠬᠡᠬᠤᠲᠠ᠎ᠳᠤ ᠦᠵᠡᠭᠦᠯᠦᠭᠰᠡᠨ ᠳᠡᠮᠵᠢᠯᠭᠡ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠡᠷᠡ ᠬᠡᠯᠡᠬᠦ᠎ᠳᠡᠭᠡᠨ᠂ ᠣᠳᠣᠬᠠᠨ᠎ᠳᠤ᠂ ᠬᠥᠬᠡᠬᠤᠲᠠ ᠶᠠᠭ ᠶᠡᠷᠦᠩᠬᠡᠢ ᠱᠦᠵᠢ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠣᠯ ᠰᠢᠵᠢᠮ᠎ᠤᠨ ᠲᠣᠭᠤᠷᠢᠨ᠎ᠳᠤ᠂ ᠤᠯᠤᠰ᠎ᠤᠨ ᠲᠡᠦᠬᠡ ᠰᠣᠶᠣᠯ᠎ᠤᠨ ᠪᠠᠶᠠᠯᠢᠭ ᠰᠠᠭᠤᠷᠢ᠎ᠳᠤ ᠲᠦᠰᠢᠭᠯᠡᠵᠦ᠂ ᠤᠮᠠᠷᠠᠲᠤ ᠬᠢᠯᠢ ᠵᠢᠨ ᠰᠣᠶᠣᠯ᠎ᠤᠨ ᠣᠨᠴᠠᠯᠢᠭ᠎ᠲᠠᠢ ᠮᠦᠽᠧᠢ ᠵᠢᠨ ᠬᠤᠳᠠ᠂ ᠱᠤᠭᠤᠮᠠᠯ᠎ᠤᠨ ᠬᠤᠳᠠ᠂ ᠤᠳᠤ ᠦᠶ᠎ᠡ ᠵᠢᠨ ᠪᠣᠯᠪᠠᠰᠤᠨ᠎ᠤ ᠬᠤᠳᠠ ᠵᠢ ᠪᠦᠬᠦ ᠬᠦᠴᠦᠨ ᠵᠶ᠋ᠠᠷ ᠴᠣᠭᠴᠠᠯᠠᠵᠤ ᠪᠠᠶ᠋ᠢᠨ᠎ᠠ᠃ ᠰᠣᠶᠣᠯ ᠵᠢᠭᠤᠯᠴᠢᠯᠠᠯ᠎ᠤᠨ ᠶᠠᠮᠤᠨ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠥᠩᠭᠡᠷᠡᠭᠰᠡᠨ᠎ᠲᠠᠢ ᠠᠳᠠᠯᠢ᠎ᠪᠠᠷ ᠬᠥᠬᠡᠬᠤᠲᠠ ᠵᠢ ᠳᠡᠮᠵᠢᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ᠂ ᠬᠠᠭᠤᠴᠢ ᠰᠤᠳᠤᠯᠤᠯ ᠠᠭᠤᠳᠠᠯᠤᠨ ᠰᠤᠳᠤᠯᠬᠤ᠂ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠬᠤ᠂ ᠮᠦᠽᠧᠶ ᠵᠢᠨ ᠪᠦᠲᠦᠭᠡᠨ ᠪᠠᠶ᠋ᠢᠭᠤᠯᠤᠯᠲᠠ ᠵᠡᠷᠭᠡ ᠲᠠᠯ᠎ᠠ᠎ᠪᠠᠷ ᠨᠠᠩ ᠣᠯᠠᠨ ᠲᠤᠰᠬᠠᠶ ᠮᠡᠷᠭᠡᠵᠢᠯ᠎ᠤᠨ ᠵᠢᠯᠣᠭᠤᠳᠣᠯᠭ᠎ᠠ ᠪᠠ ᠳᠡᠮᠵᠢᠯᠭᠡ ᠦᠵᠡᠭᠦᠯᠵᠦ᠂ ᠣᠷᠣᠨ᠎ᠤ ᠲᠥᠪ ᠬᠤᠲᠠ ᠵᠢᠨ ᠰᠣᠶᠣᠯ ᠵᠢᠭᠤᠯᠴᠢᠯᠠᠯ ᠠᠭᠤᠰᠤᠯᠴᠠᠨ ᠴᠢᠨᠠᠷ ᠰᠠᠶ᠋ᠢᠲᠠᠶ ᠬᠦᠭᠵᠢᠬᠦ ᠵᠢ ᠠᠬᠢᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ ᠪᠠ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠦᠷ᠎ᠡ ᠪᠦᠲᠦᠭᠡᠯ᠎ᠤᠨ ᠠᠷᠠᠳ ᠣᠯᠠᠨ᠎ᠳᠤ ᠨᠠᠩ ᠶᠡᠭᠡ ᠠᠰᠢᠭ ᠬᠦᠷᠲᠡᠭᠡᠬᠦ ᠵᠢ ᠬᠦᠰᠡᠵᠦ ᠪᠠᠶ᠋ᠢᠨ᠎ᠠ ᠭᠡᠵᠡᠢ᠃ ᠯᠢ ᠴᠢᠶᠦ᠋ᠨ ᠪᠣᠣ ᠭᠠᠩ ᠨᠠᠷ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠵᠦ᠂ ᠤᠢ᠍ᠢ᠍ᠷ᠎ᠠ ᠵᠢᠨ ᠵᠢᠯ᠎ᠠᠴᠠ ᠬᠥᠬᠡᠬᠤᠲᠠ ᠰᠣᠶᠣᠯ᠎ᠤᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠠᠮᠢᠳᠤᠯᠢᠭ ᠵᠶ᠋ᠠᠷ ᠠᠰᠢᠭᠯᠠᠬᠤ ᠪᠠ ᠰᠣᠶᠣᠯ᠎ᠤᠨ ᠦᠵᠡᠰᠬᠦᠯᠡᠩ᠎ᠤᠨ ᠲᠠᠯᠠᠪᠤᠷ᠎ᠤᠨ ᠪᠦᠳᠦᠭᠡᠨ ᠪᠠᠶ᠋ᠢᠭᠤᠯᠤᠯᠲᠠ ᠵᠢᠴᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠠᠯ᠎ᠠ᠎ᠪᠠᠷ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠵᠠᠢ᠃ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠬᠥᠬᠡᠬᠤᠲᠠ ᠵᠢᠨ ᠬᠥᠭᠵᠢᠯᠲᠡ ᠵᠢ ᠢᠳᠡᠪᠬᠢᠲᠡᠶ ᠳᠡᠮᠵᠢᠵᠦ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠬᠢᠷᠢ ᠲᠦᠪᠰᠢᠨ᠎ᠢ ᠳᠡᠭᠡᠭᠰᠢᠯᠡᠭᠦᠯᠬᠦ᠂ ᠬᠠᠭᠤᠴᠢ ᠰᠤᠳᠤᠯᠤᠯ᠎ᠤᠨ ᠴᠡᠴᠡᠷᠯᠢᠭ᠎ᠤᠨ ᠪᠥᠲᠥᠭᠡᠨ ᠪᠠᠶ᠋ᠢᠭᠤᠯᠤᠯᠲᠠ᠂ ᠮᠦᠽᠧᠶ ᠵᠢᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠬᠤ᠂ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠠᠬᠢᠭᠤᠯᠬᠤ ᠵᠡᠷᠭᠡ ᠲᠠᠯ᠎ᠠ᠎ᠪᠠᠷ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠂ ᠦᠨᠳᠦᠰᠦᠲᠡᠨ᠎ᠤ ᠣᠮᠣᠭᠰᠢᠯᠲᠤ ᠰᠡᠳᠬᠢᠯᠭᠡ ᠪᠠ ᠨᠢᠭᠲᠠᠷᠠᠯ᠎ᠤᠨ ᠬᠦᠴᠦᠨ᠎ᠢ ᠨᠡᠮᠡᠭᠳᠡᠭᠦᠯᠬᠦ᠎ᠳᠤ ᠲᠡᠤᠬᠡ ᠵᠢᠨ ᠳᠤᠷᠠᠰᠬᠠᠯᠲᠤ ᠵᠦᠢ᠍ᠯ ᠪᠠ ᠰᠣᠶᠣᠯ᠎ᠤᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠤᠨ᠎ᠠ ᠭᠡᠪᠡ᠃ ᠼᠤᠤ ᡁᠢ ᠣᠷᠣᠯᠴᠠᠪᠠ᠃