ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠬᠥᠬᠡᠬᠤᠲᠠ ᠵᠤᠨ᠎ᠤ ᠤᠯᠠᠷᠢᠯ᠎ᠤᠨ ᠢᠳᠡᠭᠡᠨ ᠤᠮᠳᠠᠭ᠋ᠠᠨ᠎ᠤ ᠠᠵᠤ ᠠᠬᠤᠶ᠋ᠢᠯᠠᠯ᠎ᠤᠨ ᠢᠳᠡᠭᠡᠨ᠎ᠤ ᠠᠮᠤᠷ ᠲᠦᠪᠰᠢᠨ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2024-07-30


   

    ᠣᠶ᠋ᠢᠷ᠎ᠠ᠎ᠳᠤ᠂ ᠬᠥᠬᠡᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠲᠣᠮᠢᠯᠠᠭᠰᠠᠨ ᠬᠤᠪᠢᠶᠠᠷᠢ ᠲᠣᠪᠴᠢᠶ᠎ᠠ ᠵᠢᠨ ᠢᠳᠡᠭᠡᠨ ᠤᠮᠳᠠᠭ᠋ᠠᠨ᠎ᠤ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠋ᠠᠲᠠᠨ᠎ᠢ ᠵᠣᠬᠢᠶᠠᠨ ᠪᠠᠶ᠋ᠢᠭᠤᠯᠵᠤ ᠵᠤᠨ᠎ᠤ ᠤᠯᠠᠷᠢᠯ᠎ᠤᠨ ᠢᠳᠡᠭᠡᠨ ᠤᠮᠳᠠᠭ᠋ᠠᠨ᠎ᠤ ᠠᠵᠤ ᠠᠬᠤᠶ᠋ᠢᠯᠠᠯ᠎ᠤᠨ ᠢᠳᠡᠭᠡᠨ᠎ᠤ ᠠᠮᠤᠷ ᠲᠦᠪᠰᠢᠨ᠎ᠢ ᠠᠬᠢᠭᠤᠯᠬᠤ ᠬᠤᠷᠠᠯ᠎ᠢ ᠬᠤᠷᠠᠯᠳᠤᠭᠤᠯᠵᠤ᠂ ᠲᠠᠷᠠᠭ᠋ᠠᠴᠢ ᠵᠢᠨ ᠱᠠᠲᠤᠨ᠎ᠤ ᠭᠤᠤᠯᠳᠠᠯᠭ᠎ᠠ᠎ᠲᠠᠢ ᠠᠵᠢᠯ᠎ᠳᠤ ᠪᠠᠶ᠋ᠢᠷᠢᠯᠠᠭᠤᠯᠤᠯᠲᠠ ᠬᠢᠪᠠ᠃ ᠬᠤᠷᠠᠯ᠎ᠠᠴᠠ ᠱᠠᠭ᠋ᠠᠷᠳᠠᠭᠰᠠᠨ᠎ᠨᠢ᠂ ᠡᠯ᠎ᠡ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠤᠨ᠎ᠤ ᠤᠯᠠᠷᠢᠯ᠎ᠳᠤ ᠠᠮᠠᠷᠬᠠᠨ ᠡᠭᠦᠰᠳᠡᠭ ᠣᠯᠠᠨ ᠡᠭᠦᠰᠳᠡᠭ ᠢᠳᠡᠭᠡᠨ᠎ᠤ ᠠᠮᠤᠷ ᠲᠦᠪᠰᠢᠨ᠎ᠤ ᠳᠠᠯᠳᠠ ᠬᠡᠮ᠎ᠢ ᠴᠢᠩᠭ᠎ᠠ ᠠᠩᠬᠠᠷᠴᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠭᠤᠤᠯᠳᠠᠯᠭ᠎ᠠ᠎ᠲᠠᠢ ᠣᠷᠣᠨ ᠪᠠᠶ᠋ᠢᠷᠢ᠂ ᠭᠤᠤᠯᠳᠠᠯᠭ᠎ᠠ᠎ᠲᠠᠢ ᠭᠤᠭᠴᠤᠭ᠎ᠠ᠎ᠳᠤ ᠬᠢᠨᠠᠯᠲᠠ ᠲᠠᠯᠪᠢᠬᠤ ᠡᠷᠴᠢᠮ ᠵᠶ᠋ᠠᠨ ᠴᠢᠩᠭ᠋ᠠᠷᠠᠭᠤᠯᠵᠤ᠂ ᠡᠯ᠎ᠡ ᠲᠥᠷᠥᠯ᠎ᠤᠨ ᠢᠳᠡᠭᠡᠨ᠎ᠤ ᠠᠮᠤᠷ ᠲᠦᠪᠰᠢᠨ᠎ᠤ ᠠᠳᠡᠯ ᠭᠠᠷᠬᠤ ᠵᠢ ᠡᠷᠡᠰ ᠰᠡᠷᠭᠡᠶ᠋ᠢᠯᠡᠨ ᠬᠤᠷᠢᠭᠯᠠᠬᠤ ᠬᠡᠷᠡᠭᠲᠡᠶ᠃ ᠨᠢᠭᠡ᠎ᠳᠤ᠂ ᠭᠤᠤᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ᠎ᠢ ᠲᠣᠭᠲᠠᠭ᠋ᠠᠵᠤ᠂ ᠵᠣᠴᠢᠳ᠎ᠤᠨ ᠪᠠᠭᠤᠳᠠᠯ᠂ ᠵᠢᠭᠤᠯᠴᠢᠯᠠᠯ᠎ᠤᠨ ᠦᠵᠡᠮᠵᠢ ᠵᠢᠨ ᠣᠷᠣᠨ ᠵᠢᠴᠢ ᠡᠷᠬᠢᠨ ᠲᠣᠭᠤᠷᠢᠨ᠎ᠤ ᠢᠳᠡᠭᠡᠨ ᠤᠮᠳᠠᠭ᠋ᠠᠨ᠎ᠤ ᠦᠢ᠍ᠯᠡᠴᠢᠯᠡᠭᠡᠨ᠎ᠤ ᠨᠢᠭᠡᠴᠢ᠂ ᠪᠠᠷᠢᠯᠭ᠎ᠠ ᠵᠢᠨ ᠭᠠᠵᠠᠷ᠎ᠤᠨ ᠬᠤᠭᠤᠯᠠᠨ ᠬᠡᠷ᠂ ᠲᠦᠷᠭᠡᠨ᠎ᠤ ᠵᠠᠮ᠎ᠤᠨ ᠦᠢ᠍ᠯᠡᠴᠢᠯᠡᠭᠡᠨ᠎ᠤ ᠲᠣᠭᠤᠷᠢᠭ᠎ᠤᠨ ᠬᠤᠭᠤᠯᠠᠨ ᠬᠡᠷ ᠵᠢᠴᠢ ᠰᠢᠷᠠᠯᠭ᠎ᠠ ᠵᠢᠨ ᠳᠡᠯᠭᠡᠭᠦᠷ ᠵᠡᠷᠭᠡ᠎ᠪᠠᠷ ᠭᠤᠤᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ ᠪᠣᠯᠭ᠋ᠠᠵᠤ᠂ ᠬᠠᠨᠳᠤᠯᠭ᠋ᠠᠲᠤ ᠴᠢᠨᠠᠷᠲᠠᠶ ᠪᠠᠶ᠋ᠢᠴᠠᠭ᠋ᠠᠯᠲᠠ ᠬᠢᠵᠦ᠂ ᠣᠯᠠᠨ ᠲᠦᠮᠡᠨ᠎ᠤ ᠵᠣᠨ᠎ᠤ ᠤᠯᠠᠷᠢᠯ᠎ᠤᠨ ᠢᠳᠡᠭᠡᠨ ᠤᠮᠳᠠᠭ᠋ᠠᠨ᠎ᠤ ᠠᠮᠤᠷ ᠲᠦᠪᠰᠢᠨ᠎ᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ᠎ᠲᠤ᠂ ᠬᠢᠨᠠᠯᠲᠠ ᠬᠠᠮᠢᠶᠠᠷᠤᠯᠲᠠ ᠵᠢᠨ ᠭᠤᠤᠯᠳᠠᠯᠭ᠎ᠠ ᠵᠢ ᠳᠣᠪᠤᠶ᠋ᠢᠯᠭ᠋ᠠᠨ᠂ ᠭᠡᠷᠡᠴᠢ ᠦᠨᠡᠮᠯᠡᠯ ᠵᠥᠪᠰᠢᠶᠡᠷᠡᠯ᠂ ᠠᠵᠢᠯ ᠡᠷᠭᠢᠯᠡᠭᠰᠡᠳ᠎ᠤᠨ ᠡᠷᠡᠭᠦᠯ ᠮᠡᠨᠳᠦ ᠵᠢᠨ ᠬᠠᠮᠢᠶᠠᠷᠤᠯᠲᠠ᠂ ᠪᠠᠷᠠᠭ᠎ᠠ ᠣᠷᠣᠭᠤᠯᠬᠤ ᠵᠢ ᠪᠠᠶ᠋ᠢᠴᠠᠭ᠋ᠠᠨ ᠰᠢᠯᠭ᠋ᠠᠬᠤ᠂ ᠭᠡᠷᠡᠴᠢ ᠪᠠᠷᠢᠮᠲᠠ ᠠᠪᠬᠤ᠂ ᠢᠳᠡᠭᠡᠨ ᠡᠳ᠋ᠰᠢᠭᠦᠯᠦᠨ ᠦᠢ᠍ᠯᠡᠳᠬᠦ᠂ ᠢᠳᠡᠭᠡᠨ ᠤᠮᠳᠠᠭ᠋ᠠᠨ᠎ᠤ ᠬᠡᠷᠡᠭᠰᠡᠯ᠎ᠢ ᠤᠬᠢᠶᠠᠵᠤ ᠠᠷᠢᠭᠤᠳᠬᠠᠬᠤ᠂ ᠣᠷᠴᠢᠨ ᠲᠣᠭᠤᠷᠢᠨ᠎ᠤ ᠡᠷᠡᠭᠦᠯ ᠬᠠᠮᠠᠭ᠋ᠠᠯᠠᠯ᠂ ᠢᠳᠡᠭᠡᠨ᠎ᠤ ᠥᠯᠢᠭᠡᠷ ᠶᠠᠩᠵᠤ ᠦᠯᠡᠳᠡᠭᠡᠬᠦ ᠵᠡᠷᠭᠡ ᠭᠤᠭᠴᠤᠭ᠎ᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠳᠬᠠᠬᠤ ᠬᠡᠷᠡᠭᠲᠡᠢ᠃ ᠭᠤᠷᠪᠠ᠎ᠳᠤ᠂ ᠵᠠᠩᠭᠢᠯᠠᠭ᠎ᠠ᠎ᠲᠠᠢ ᠡᠵᠡᠮᠳᠡᠬᠦ ᠴᠡᠭ᠎ᠢ ᠠᠩᠬᠠᠷᠴᠤ᠂ ᠢᠳᠡᠭᠡᠨ ᠤᠮᠳᠠᠭ᠋ᠠᠨ᠎ᠤ ᠦᠢ᠍ᠯᠡᠴᠢᠯᠡᠭᠡᠨ᠎ᠤ ᠨᠢᠭᠡᠴᠢ ᠵᠢ ᠰᠢᠮᠳᠠᠭᠤᠯᠵᠤ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ᠎ᠢ ᠬᠤᠳᠠᠯᠳᠤᠨ ᠣᠷᠣᠭᠤᠯᠬᠤ᠂ ᠪᠣᠯᠪᠠᠰᠤᠷᠠᠭᠤᠯᠬᠤ᠂ ᠢᠳᠡᠭᠡᠨ ᠤᠮᠳᠠᠭ᠋ᠠᠨ᠎ᠤ ᠬᠡᠷᠡᠭᠰᠡᠯ᠎ᠢ ᠤᠬᠢᠶᠠᠵᠤ ᠠᠷᠢᠭᠤᠳᠬᠠᠬᠤ᠂ ᠣᠷᠴᠢᠨ ᠲᠣᠭᠤᠷᠢᠨ᠎ᠤ ᠠᠷᠢᠭᠤᠨ ᠴᠡᠪᠡᠷ ᠵᠡᠷᠭᠡ ᠭᠤᠭᠴᠤᠭ᠎ᠠ ᠵᠢ ᠴᠢᠩᠭ᠎ᠠ ᠠᠳᠬᠤᠵᠤ᠂ ᠢᠳᠡᠭᠡᠨ᠎ᠤ ᠬᠤᠣᠷᠳᠠᠯ ᠪᠠ ᠢᠳᠡᠭᠡᠨ᠎ᠤ ᠢᠷᠡᠯᠲᠡ ᠵᠢᠨ ᠴᠢᠨᠠᠷᠲᠠᠶ ᠡᠪᠡᠳᠴᠢᠨ ᠡᠮᠭᠡᠭ ᠡᠭᠦᠰᠬᠦ ᠵᠢ ᠰᠡᠷᠭᠡᠶ᠋ᠢᠯᠡᠬᠦ ᠬᠡᠷᠡᠭᠲᠡᠢ᠃ ᠳᠥᠷᠪᠡ᠎ᠳᠤ᠂ ᠣᠯᠠᠨ ᠶᠠᠩᠵᠤ ᠵᠢᠨ ᠤᠬᠠᠭᠤᠯᠬᠤ ᠠᠷᠭ᠎ᠠ ᠮᠠᠶᠢᠭ᠎ᠢ ᠬᠡᠷᠡᠭᠯᠡᠵᠦ᠂ ᠢᠳᠡᠭᠡᠨ᠎ᠤ ᠠᠮᠤᠷ ᠲᠦᠪᠰᠢᠨ᠎ᠤ ᠮᠡᠳᠡᠯᠭᠡ ᠵᠢ ᠶᠡᠬᠡᠪᠡᠷ ᠤᠬᠠᠭᠤᠯᠬᠤ ᠬᠡᠷᠡᠭᠲᠡᠢ᠃ ᠬᠤᠷᠠᠯ᠎ᠠᠴᠠ ᠴᠢᠬᠤᠯᠠᠴᠢᠯᠠᠭᠰᠠᠨ᠎ᠨᠢ᠂ ᠬᠤᠶᠠᠷ ᠲᠤᠰᠬᠠᠶ ᠠᠵᠢᠯᠯᠠᠭ᠎ᠠ (ᠨᠢᠭᠡᠲᠦᠯᠲᠡᠢ ᠬᠤᠭᠤᠯᠠᠯᠬᠤ ᠨᠢᠭᠡᠴᠢ ᠵᠢᠨ ᠢᠳᠡᠭᠡᠨ᠎ᠤ ᠠᠮᠤᠷ ᠲᠦᠪᠰᠢᠨ᠎ᠤ ᠠᠰᠠᠭᠤᠳᠠᠯ᠎ᠤᠨ ᠲᠤᠰᠬᠠᠶ ᠠᠵᠢᠯᠯᠠᠭ᠎ᠠ᠂ ᠳᠤᠮᠳᠠᠳᠤ ᠪᠠᠭ᠎ᠠ ᠰᠤᠷᠭ᠋ᠠᠭᠤᠯᠢ ᠵᠢᠨ ᠬᠦᠷᠢᠶᠡᠨ᠎ᠤ ᠢᠳᠡᠭᠡᠨ᠎ᠤ ᠠᠮᠤᠷ ᠲᠦᠪᠰᠢᠨ᠎ᠤ ᠲᠤᠪᠤᠶ᠋ᠢᠮ᠎ᠠ ᠠᠰᠠᠭᠤᠳᠠᠯ᠎ᠤᠨ ᠲᠤᠰᠬᠠᠶ ᠠᠵᠢᠯᠯᠠᠭ᠎ᠠ) ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠢᠨᠲ᠋ᠧᠷ ᠰᠦᠯᠵᠢᠶ᠎ᠡ + ᠢᠯᠡ ᠲᠣᠭᠤᠭ᠋ᠠᠨ ᠭᠡᠷ》 ᠣᠶᠤᠨᠴᠢ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠤᠨ ᠪᠠᠶ᠋ᠢᠭᠤᠯᠤᠯᠲᠠ ᠪᠠ ᠬᠡᠷᠡᠭᠯᠡᠯᠲᠡ ᠵᠢ ᠦᠷᠭᠦᠯᠵᠢᠯᠡᠨ ᠠᠬᠢᠭᠤᠯᠵᠤ᠂ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠪᠠᠲᠤᠯᠠᠵᠤ᠂ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠤᠨ᠂ ᠬᠠᠮᠲᠤᠷᠠᠭᠰᠠᠨ ᠪᠠᠶ᠋ᠢᠴᠠᠭ᠋ᠠᠯᠲᠠ ᠵᠢ ᠪᠠᠶ᠋ᠢᠩᠭᠤ ᠥᠷᠨᠢᠭᠦᠯᠵᠦ᠂ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠦᠨ᠂ ᠥᠷᠭᠡᠨ ᠣᠯᠠᠨ ᠠᠷᠠᠳ ᠲᠦᠮᠡᠨ᠎ᠤ 《ᠬᠡᠯᠡᠨ ᠳᠡᠭᠡᠷᠡᠬᠢ ᠠᠮᠤᠷ ᠲᠦᠪᠰᠢᠨ》᠎ᠢ ᠰᠠᠬᠢᠨ ᠬᠠᠮᠠᠭ᠋ᠠᠯᠠᠬᠤ ᠬᠡᠷᠡᠭᠲᠡᠶ ᠭᠡᠵᠡᠢ᠃

   

ᠢᠷᠡᠯᠲᠡ᠄ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠴᠡᠯᠡᠭᠡᠷ ᠲᠠᠯ᠎ᠠ ᠣᠯᠠᠨ ᠤᠯᠤᠰ᠎ᠤᠨ ᠠᠮᠢᠲᠠᠨ᠎ᠤ ᠸᠠᠺᠼᠢᠨ᠎ᠤ ᠰᠢᠨ᠎ᠡ ᠵᠢ ᠡᠭᠦᠳᠬᠦ ᠶᠡᠭᠡ ᠬᠤᠷᠠᠯ ᠬᠥᠬᠡᠬᠤᠲᠠ᠎ᠳᠤ ᠡᠬᠢᠯᠡᠪᠡ
ᠪᠤᠤ ᠭᠠᠩ ᠾᠧ ᠬᠠᠶ ᠳ᠋ᠦᠩ ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠮᠦᠽᠧᠶ ᠵᠢᠴᠢ ᠬᠠᠮᠢᠶ᠎ᠠ ᠪᠦᠬᠦᠢ ᠦᠢ᠍ᠯᠡᠳᠬᠦᠨ ᠬᠢᠭᠡᠳ ᠮᠡᠷᠭᠡᠵᠢᠯ᠎ᠤᠨ ᠦᠵᠡᠰᠬᠦᠯᠡᠩ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠢ ᠪᠠᠶ᠋ᠢᠴᠠᠭ᠋ᠠᠨ ᠰᠤᠳᠤᠯᠪᠠ
ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠮᠦᠽᠧᠶ ᠵᠢᠴᠢ ᠬᠤᠯᠪᠣᠭᠳᠠᠯ ᠪᠦᠬᠦᠢ ᠦᠢ᠍ᠯᠡᠳᠬᠦᠨ ᠬᠢᠭᠡᠳ ᠮᠡᠷᠭᠡᠵᠢᠯ᠎ᠤᠨ ᠦᠵᠡᠰᠬᠦᠯᠡᠩ᠎ᠤᠨ ᠴᠤᠭᠯᠠᠭ᠋ᠠᠨ ᠬᠥᠬᠡᠬᠤᠲᠠ᠎ᠳᠤ ᠡᠬᠢᠯᠡᠪᠡ
ᠮᠠᠨ᠎ᠤ ᠬᠤᠲᠠ ᠰᠣᠶᠣᠯ ᠵᠢᠭᠤᠯᠴᠢᠯᠠᠯ ᠬᠤᠳᠠᠯᠳᠤᠭ᠋ᠠᠨ᠎ᠤ ᠠᠭᠤᠰᠤᠯᠴᠠᠨ ᠬᠥᠭᠵᠢᠬᠦ ᠵᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠬᠥᠬᠡᠬᠤᠲᠠ 《ᠮᠠᠨ᠎ᠤ ᠪᠠᠶᠠᠷ᠎ᠤᠨ ᠡᠳᠦᠷ · ᠨᠠᠢ᠍ᠮᠠᠨ ᠰᠠᠷ᠎ᠠ ᠵᠢᠨ ᠲᠡᠷᠭᠡᠯ ᠪᠠᠶᠠᠷ》 ᠭᠤᠤᠯ ᠰᠡᠳᠦᠪᠲᠦ ᠠᠵᠢᠯᠯᠠᠭ᠎ᠠ ᠦᠷᠨᠢᠭᠦᠯᠪᠡ
 
            