ᠾᠧ ᠬᠠᠢ ᠳ᠋ᠦᠩ ᠣᠷᠣᠯᠴᠠᠵᠠᠢ (ᠰᠤᠷᠪᠤᠯᠵᠢᠯᠠᠭᠴᠢ ᠭᠧᠩ ᠰᠢᠨ) 6 ᠳ᠋ᠤᠭ᠋ᠠᠷ ᠰᠠᠷ᠎ᠠ ᠵᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠤᠲᠠ ᠵᠢᠨ ᠨᠠᠮ᠎ᠤᠨ ᠬᠤᠷᠢᠶ᠎ᠠ ᠵᠢᠨ ᠱᠦᠵᠢ ᠪᠦᠦ ᠭᠠᠩ ᠲᠤᠰᠬᠠᠢ ᠰᠡᠳᠦᠪᠲᠦ ᠬᠤᠷᠠᠯ᠎ᠢ ᠡᠷᠬᠢᠯᠡᠨ ᠬᠤᠷᠠᠯᠳᠤᠭᠤᠯᠵᠤ᠂ ᠮᠠᠨ᠎ᠤ ᠬᠤᠲᠠ ᠵᠢᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ ᠵᠢᠨ ᠲᠥᠰᠥᠯ᠎ᠢ ᠰᠤᠳᠤᠯᠵᠤ᠂ ᠬᠠᠮᠢᠶ᠎ᠠ ᠪᠦᠬᠦᠢ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃ ᠪᠣᠣ ᠭᠠᠩ ᠬᠡᠯᠡᠬᠦ᠎ᠳᠡᠭᠡᠨ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ ᠪᠣᠯ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠴᠢᠨᠠᠷ ᠰᠠᠶ᠋ᠢᠲᠠᠢ ᠠᠮᠢᠳᠤᠷᠠᠯ᠎ᠢ ᠡᠭᠦᠳᠬᠦ ᠴᠢᠬᠤᠯᠠ ᠬᠥᠳᠡᠯᠭᠡᠭᠦᠷ ᠮᠥᠨ᠃ ᠬᠥᠬᠡᠬᠤᠲᠠ ᠵᠢᠨ ᠲᠡᠦᠬᠡ ᠰᠣᠶᠣᠯ᠎ᠤᠨ ᠰᠤᠳᠠᠰᠤ ᠥᠨᠢ ᠤᠳᠠᠭ᠋ᠠᠨ᠂ ᠵᠢᠭᠤᠯᠴᠢᠯᠠᠯ᠎ᠤᠨ ᠡᠬᠢ ᠪᠠᠶᠠᠯᠢᠭ ᠡᠯᠪᠡᠭ ᠪᠠᠶ᠋ᠢᠵᠤ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠬᠥᠭᠵᠢᠭᠦᠯᠬᠦ᠎ᠳᠤ ᠳᠠᠪᠠᠭᠤᠯᠢᠭ᠎ᠲᠠᠢ᠂ ᠳᠠᠯᠳᠠ ᠬᠦᠴᠦᠨ᠎ᠲᠠᠢ᠂ ᠠᠯᠤᠰ ᠢᠷᠡᠭᠡᠳᠦᠶ᠎ᠲᠠᠢ ᠶᠤᠮ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠶᠡᠷᠦᠩᠬᠡᠢ ᠱᠦᠵᠢ ᠰᠢ ᠵᠢᠨ ᠫᠢᠩ᠎ᠤᠨ ᠰᠣᠶᠣᠯ ᠪᠣᠯᠣᠨ ᠵᠢᠭᠤᠯᠴᠢᠯᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠤᠣᠯ ᠰᠢᠵᠢᠮ ᠪᠣᠯᠭ᠋ᠠᠵᠤ᠂ 《ᠤᠮᠠᠷᠠᠲᠤ ᠬᠢᠯᠢ ᠵᠢᠨ ᠰᠣᠶᠣᠯ》᠎ᠤᠨ ᠪᠦᠲᠦᠭᠡᠨ ᠪᠠᠶ᠋ᠢᠭᠤᠯᠤᠯᠲᠠ᠎ᠲᠠᠢ ᠤᠶᠠᠯᠳᠤᠭᠤᠯᠵᠤ᠂ ᠪᠦᠬᠦᠯᠢ ᠴᠣᠭᠴᠠ᠎ᠪᠠᠷ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠪᠠᠶ᠋ᠢᠷᠢᠰᠢᠭᠤᠯᠵᠤ᠂ ᠣᠷᠣᠨ᠎ᠤ ᠲᠥᠪ ᠬᠤᠲᠠ ᠵᠢᠨ ᠣᠨᠴᠠᠯᠢᠭ᠎ᠢ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠭᠡᠭᠡᠨ ᠬᠥᠭᠵᠢᠭᠦᠯᠦᠯᠲᠡ᠎ᠳᠤ ᠨᠡᠩ ᠰᠠᠶ᠋ᠢᠲᠤᠷ ᠠᠭᠤᠰᠤᠯᠴᠠᠭᠤᠯᠵᠤ᠂ ᠣᠷᠣᠨ ᠪᠦᠰᠡ ᠵᠢᠨ ᠰᠡᠯᠡᠭᠦᠴᠡᠯ ᠠᠮᠠᠷᠠᠯᠲᠠ ᠵᠢᠨ ᠲᠥᠪ ᠪᠣᠯᠣᠨ ᠡᠬᠡ ᠤᠯᠤᠰ᠎ᠤᠨ ᠤᠮᠠᠷᠠᠲᠤ ᠬᠢᠯᠢ ᠵᠢᠨ ᠴᠢᠬᠤᠯᠠ ᠵᠢᠭᠤᠯᠴᠢᠯᠠᠯ᠎ᠤᠨ ᠲᠥᠪᠯᠡᠷᠡᠭᠦᠯᠦᠨ ᠲᠠᠷᠬᠠᠭ᠋ᠠᠬᠤ ᠭᠠᠵᠠᠷ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ ᠭᠡᠵᠡᠢ᠃ 《ᠨᠢᠭᠡ ᠬᠤᠩᠬᠢᠯ · ᠬᠤᠶᠠᠷ ᠲᠡᠩᠭᠡᠯᠢᠭ · ᠭᠤᠷᠪᠠᠨ ᠪᠦᠰᠡ》 ᠵᠢᠨ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠪᠠᠶ᠋ᠢᠷᠢᠰᠢᠯ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ 4A ᠲᠠᠰ᠂ 5A ᠲᠠᠰ᠎ᠤᠨ ᠦᠵᠡᠮᠵᠢ ᠵᠢᠨ ᠣᠷᠣᠨ᠎ᠢ ᠡᠭᠦᠳᠦᠨ ᠪᠠᠶ᠋ᠢᠭᠤᠯᠬᠤ ᠵᠢ ᠪᠥᠬᠦ ᠬᠦᠴᠦᠨ ᠵᠶ᠋ᠠᠷ ᠵᠶ᠋ᠠᠨ ᠳᠥᠯᠭᠢᠨ ᠠᠬᠢᠭᠤᠯᠵᠤ᠂ 《ᠬᠥᠬᠡᠬᠤᠲᠠ ᠵᠢᠨ ᠠᠷᠪᠠᠨ ᠵᠢᠷᠭᠤᠭ᠋ᠠᠨ ᠦᠵᠡᠮᠵᠢ》 ᠵᠢᠨ ᠨᠠᠷᠠᠲᠤ ᠲᠡᠮᠳᠡᠭᠲᠦ ᠵᠢ ᠪᠣᠶ ᠪᠣᠯᠭ᠋ᠠᠵᠤ᠂ ᠥᠨᠳᠦᠷᠯᠢᠭ᠎ᠤᠨ ᠲᠠᠯ᠎ᠠ ᠨᠤᠲᠤᠭ᠂ ᠬᠠᠲᠤᠨ ᠭᠤᠤᠯ ᠣᠷᠳᠣ ᠴᠠᠭ᠋ᠠᠨ ᠬᠡᠷᠡᠮ᠂ ᠬᠠᠭᠤᠴᠢ ᠰᠤᠳᠤᠯᠤᠯ ᠡᠷᠲᠡᠨ᠎ᠤ ᠪᠠᠭᠤᠷᠢ᠂ ᠠᠵᠤ ᠦᠢ᠍ᠯᠡᠳᠪᠦᠷᠢ ᠵᠢᠨ ᠰᠤᠳᠤᠯᠤᠨ ᠰᠤᠷᠤᠯᠴᠠᠬᠤ᠂ ᠬᠤᠪᠢᠰᠬᠠᠯ᠎ᠤᠨ ᠬᠥᠮᠦᠵᠢᠯ᠂ ᠡᠪᠦᠯ᠎ᠤᠨ ᠤᠯᠠᠷᠢᠯ᠎ᠤᠨ ᠮᠥᠰᠥ ᠴᠠᠰᠤ ᠵᠡᠷᠭᠡ ᠭᠤᠤᠯ ᠰᠡᠳᠦᠪ᠎ᠤᠨ ᠲᠣᠭᠤᠷᠢᠨ᠎ᠳᠤ ᠨᠠᠩ ᠣᠯᠠᠨ ᠭᠦᠨᠵᠢᠭᠡᠢ ᠵᠢᠭᠤᠯᠴᠢᠯᠠᠯ᠂ ᠪᠡᠶᠡᠴᠢᠯᠡᠨ ᠣᠶ᠋ᠢᠯᠠᠭ᠋ᠠᠬᠤ ᠵᠢᠭᠤᠯᠴᠢᠯᠠᠯ ᠭᠠᠷᠭ᠋ᠠᠵᠤ᠂ ᠴᠢᠨᠠᠷ ᠰᠠᠶ᠋ᠢᠲᠠᠶ ᠦᠵᠡᠮᠵᠢ ᠵᠢᠨ ᠣᠷᠣᠨ᠎ᠢ ᠴᠡᠭ᠎ᠢ ᠬᠡᠯᠬᠢᠨ ᠱᠤᠭᠤᠮ ᠪᠣᠯᠭ᠋ᠠᠵᠤ᠂ ᠱᠤᠭᠤᠮ᠎ᠢ ᠬᠤᠯᠪᠣᠨ ᠬᠠᠪᠲᠠᠭ᠋ᠠᠢ ᠪᠤᠯᠭ᠋ᠠᠬᠤ ᠬᠡᠷᠡᠭᠲᠡᠶ᠃ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠰᠢᠨ᠎ᠡ ᠬᠠᠨᠳᠤᠰᠢ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠨᠡᠩ ᠤᠯᠠᠨ ᠰᠦᠯᠵᠢᠶᠡᠨ᠎ᠤ ᠰᠤᠳᠤᠨ ᠴᠡᠭ᠎ᠢ ᠡᠭᠦᠳᠴᠦ᠂ ᠴᠢᠨᠠᠷ ᠰᠠᠶ᠋ᠢᠲᠠᠢ ᠲᠣᠭᠯᠠᠯᠲᠠ ᠵᠢᠨ ᠠᠵᠢᠯᠯᠠᠭ᠎ᠠ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠵᠡᠷᠭᠡ ᠵᠢ ᠢᠳᠡᠪᠬᠢᠲᠡᠢ ᠣᠷᠣᠭᠤᠯᠤᠨ ᠠᠪᠴᠢᠷᠠᠵᠤ᠂ ᠵᠤᠭ᠋ᠠᠴᠠᠯ᠎ᠤᠨ ᠦᠢ᠍ᠯᠡᠰ᠎ᠤᠨ ᠬᠡᠯᠪᠡᠷᠢ ᠵᠢ ᠦᠨᠡᠨ ᠬᠦ᠌ ᠪᠠᠶᠠᠯᠢᠭᠵᠢᠭᠤᠯᠬᠤ ᠬᠡᠷᠡᠭᠲᠡᠢ᠃ ᠢᠵᠢ ᠪᠦᠷᠢᠳᠦᠭᠦᠯᠬᠦ ᠦᠢ᠍ᠯᠡᠴᠢᠯᠡᠭᠡ ᠵᠢ ᠲᠡᠭᠦᠯᠳᠡᠷᠵᠢᠭᠦᠯᠵᠦ᠂ ᠵᠢᠭᠤᠯᠴᠢᠯᠠᠯ᠎ᠤᠨ ᠬᠥᠲᠥᠴᠢ᠂ ᠲᠠᠶ᠋ᠢᠯᠪᠤᠷᠢᠯᠠᠭᠴᠢ ᠵᠢᠨ ᠲᠤᠰᠬᠠᠢ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠵᠦ᠂ ᠠᠶ᠋ᠢᠯ ᠪᠠᠭᠤᠴᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ ᠵᠤᠭ᠋ᠠᠴᠠᠨ ᠲᠣᠭᠤᠷᠢᠬᠤ ᠬᠤᠳᠠᠯᠳᠤᠨ ᠠᠪᠬᠤ ᠵᠤᠭ᠎ᠠ ᠴᠡᠩᠭᠡᠯ ᠵᠡᠷᠭᠡ ᠡᠯᠧᠮᠧᠨ᠋ᠲ᠎ᠤᠨ ᠬᠠᠩᠭ᠋ᠠᠯᠭ᠎ᠠ ᠵᠢ ᠪᠦᠬᠦ ᠲᠠᠯ᠎ᠠ᠎ᠪᠠᠷ ᠲᠡᠰ ᠳᠡᠪᠰᠢᠭᠦᠯᠬᠦ ᠵᠢ ᠠᠬᠢᠭᠤᠯᠬᠤ ᠬᠡᠷᠡᠭᠲᠡᠢ᠃ ᠵᠢᠭᠤᠯᠴᠢᠯᠠᠯ᠎ᠤᠨ ᠤᠬᠠᠭᠤᠯᠭ᠎ᠠ ᠲᠠᠨᠢᠯᠴᠠᠭᠤᠯᠭ᠎ᠠ ᠵᠢ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠵᠢᠭᠤᠯᠴᠢᠯᠠᠭᠰᠠᠳ᠎ᠤᠨ ᠪᠡᠶᠡᠴᠢᠯᠡᠨ ᠣᠶ᠋ᠢᠯᠠᠭ᠋ᠠᠬᠤ ᠲᠥᠷᠥᠭᠳᠡᠯ ᠪᠣᠯᠣᠨ ᠬᠠᠨᠤᠮᠵᠢ ᠵᠢᠨ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠡᠢ᠃ ᠬᠤᠲᠠ ᠵᠢᠨ ᠤᠳᠤᠷᠢᠳᠤᠯᠭ᠎ᠠ ᠾᠧ ᠬᠠᠢ ᠳ᠋ᠦᠩ᠂ ᠯᠢ ᠰᠢᠶᠣᠣ ᠶᠠᠨ᠂ ᠸᠠᠩ ᠢᠦᠢ ᠲᠢᠶᠠᠨ᠂ ᠼᠤᠤ ᡁᠢ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠣᠷᠣᠯᠴᠠᠵᠠᠢ᠃