ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠬᠤᠲᠠ ᠵᠢᠨ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠬᠤᠯᠪᠣᠭᠳᠠᠯ ᠪᠥᠬᠦᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ 《ᠵᠢᠷᠭᠤᠭ᠋ᠠᠨ ᠣᠷᠣᠨ ᠪᠦᠰᠡ ᠵᠢᠨ ᠲᠥᠪ》᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠵᠡᠷᠭᠡ ᠠᠵᠢᠯ᠎ᠢ ᠰᠤᠳᠤᠯᠤᠨ ᠪᠠᠶ᠋ᠢᠷᠢᠯᠠᠭᠤᠯᠪᠠ
ᠨᠡᠶᠢᠲᠡᠯᠡᠭᠰᠡᠨ ᠴᠠᠭ᠄ 2024-12-12


   

    ᠪᠣᠣ ᠭᠠᠩ ᠬᠤᠷᠠᠯ ᠡᠷᠬᠢᠯᠡᠪᠡ (ᠰᠤᠷᠪᠤᠯᠵᠢᠯᠠᠭᠴᠢ ᠶᠦᠨ ᠵᠢᠩ) 12 ᠳ᠋ᠤᠭ᠋ᠠᠷ ᠰᠠᠷ᠎ᠠ ᠵᠢᠨ 9᠎ᠤ ᠡᠳᠦᠷ᠂ ᠬᠤᠲᠠ ᠵᠢᠨ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠬᠤᠯᠪᠣᠭᠳᠠᠯ ᠪᠥᠬᠦᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠮᠠᠨ᠎ᠤ ᠬᠤᠲᠠ ᠵᠢᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠤᠳᠠ ᠵᠢᠨ ᠨᠠᠮ᠎ᠤᠨ ᠬᠤᠷᠢᠶ᠎ᠠ ᠵᠢᠨ ᠱᠦᠵᠢ ᠪᠦᠦ ᠭᠠᠩ ᠬᠤᠷᠠᠯ᠎ᠢ ᠡᠷᠬᠢᠯᠡᠪᠡ᠃ ᠬᠤᠷᠠᠯ᠎ᠠᠴᠠ ᠴᠢᠬᠤᠯᠠᠴᠢᠯᠠᠭᠰᠠᠨ᠎ᠨᠢ᠂ ᠶᠡᠷᠦᠩᠬᠡᠢ ᠱᠦᠵᠢ ᠰᠢ ᠵᠢᠨ ᠫᠢᠩ᠎ᠤᠨ ᠳᠥᠷᠪᠡᠳᠦᠭᠡᠷ ᠤᠳᠠᠭ᠎ᠠ ᠵᠢᠨ 《ᠨᠢᠭᠡ ᠪᠦᠰᠡ ᠨᠢᠭᠡ ᠵᠠᠮ》᠎ᠤᠨ ᠪᠦᠳᠦᠬᠡᠨ ᠪᠠᠶ᠋ᠢᠭᠤᠯᠤᠯᠲᠠ ᠵᠢᠨ ᠠᠵᠢᠯ᠎ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠵᠢ ᠪᠠᠶ᠋ᠢᠭᠤᠯᠬᠤ》 ᠴᠢᠬᠤᠯᠠ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠵᠢᠨ ᠲᠣᠭᠤᠷᠢᠨ᠎ᠳᠤ᠂ 《ᠭᠤᠷᠪᠠᠨ ᠣᠷᠣᠨ ᠭᠤᠷᠪᠠᠨ ᠭᠠᠷᠠᠮ ᠨᠠᠢ᠍ᠮᠠᠨ ᠲᠠᠯᠠᠪᠤᠷ》᠎ᠤᠨ ᠪᠦᠳᠦᠬᠡᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ 《ᠵᠢᠷᠭᠤᠭ᠋ᠠᠨ ᠶᠡᠭᠡ ᠠᠵᠤ ᠦᠢ᠍ᠯᠡᠰ᠎ᠤᠨ ᠪᠥᠭᠡᠮᠨᠡᠷᠡᠯ》᠎ᠤᠨ ᠭᠠᠳᠠᠭ᠋ᠠᠳᠤ ᠠᠷᠠᠯᠵᠢᠶᠠᠨ᠎ᠤ ᠳᠠᠯᠳᠠ ᠬᠦᠴᠦᠨ᠎ᠢ ᠭᠦᠢ᠍ᠴᠡᠳ ᠠᠭᠤᠳᠠᠯᠵᠤ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠋ᠠᠨ᠎ᠤ ᠭᠠᠳᠠᠭ᠋ᠠᠳᠤ ᠠᠷᠠᠯᠵᠢᠶᠠᠨ᠎ᠤ ᠶᠡᠷᠦᠩᠬᠡᠶ᠋ᠢᠯᠡᠭᠰᠡᠨ ᠠᠵᠤ ᠠᠬᠤᠶ᠋ᠢᠯᠠᠯ᠎ᠤᠨ ᠪᠤᠶ᠋ᠢᠵᠢᠯᠲᠠ ᠵᠢ ᠴᠢᠩᠭ᠋ᠠᠳᠬᠠᠵᠤ᠂ ᠡᠯ᠎ᠡ ᠬᠦᠷᠢᠶᠡᠨ᠎ᠤ ᠭᠠᠳᠠᠭ᠋ᠠᠳᠤ ᠶᠠᠪᠤᠯᠴᠠᠭ᠎ᠠ ᠰᠣᠯᠢᠯᠴᠠᠭ᠎ᠠ ᠵᠢ ᠭᠦᠨᠵᠡᠭᠡᠶ᠋ᠢᠷᠡᠭᠦᠯᠵᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠬᠡᠨ ᠪᠠᠶ᠋ᠢᠭᠤᠯᠬᠤ ᠴᠢᠨᠠᠷ ᠰᠠᠶ᠋ᠢᠲᠠᠢ ᠬᠥᠭᠵᠢᠯᠲᠡ᠎ᠳᠤ ᠨᠡᠩ ᠰᠠᠶ᠋ᠢᠲᠤᠷ ᠦᠢ᠍ᠯᠡᠴᠢᠯᠡᠬᠦ ᠪᠠ ᠠᠭᠤᠰᠤᠯᠴᠠᠬᠤ ᠬᠡᠷᠡᠭᠲᠡᠢ ᠭᠡᠵᠡᠢ᠃ ᠬᠤᠷᠠᠯ᠎ᠠᠴᠠ ᠮᠠᠨ᠎ᠤ ᠬᠤᠲᠠ ᠵᠢᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠡᠯᠡᠳᠬᠡᠯ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠥᠯᠥᠪᠵᠢᠭᠦᠯᠭᠡ᠎ᠳᠡᠭᠡᠨ ᠲᠡᠷᠡ ᠶᠣᠰᠣᠭ᠋ᠠᠷ᠎ᠨᠢ ᠨᠠᠶ᠋ᠢᠳᠠᠪᠤᠷᠢᠵᠢᠭᠤᠯᠵᠤ᠂ ᠪᠠᠷᠠᠭ᠋ᠠᠯᠬᠢᠯᠠᠯᠲᠤ ᠴᠢᠨᠠᠷ᠎ᠲᠠᠢ᠂ ᠶᠡᠭᠡ ᠪᠠᠶ᠋ᠢᠷᠢᠰᠢᠯᠲᠠ ᠪᠦᠬᠦᠢ᠂ ᠥᠨᠳᠥᠷ ᠡᠬᠢᠯᠡᠯᠲᠡ᠎ᠠᠴᠠ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠬᠡᠷᠡᠭᠲᠡᠶ᠃ ᠠᠵᠤ ᠦᠢ᠍ᠯᠡᠰ᠎ᠤᠨ ᠬᠥᠭᠵᠢᠯᠲᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠂ ᠭᠠᠳᠠᠭ᠋ᠠᠳᠤ ᠨᠡᠭᠡᠭᠡᠯᠲᠡ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠰᠠᠭᠤᠷᠢ ᠲᠥᠬᠦᠭᠡᠷᠦᠮᠵᠢ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠯᠤᠰ ᠬᠡᠳᠤ ᠵᠢᠨ ᠬᠥᠭᠵᠢᠯᠲᠡ ᠵᠢᠨ ᠬᠡᠷᠡᠭᠴᠡᠭᠡ᠎ᠳᠤ ᠠᠰᠢᠭᠲᠠᠢ ᠨᠢᠭᠡ ᠪᠦᠯᠦᠭ ᠭᠤᠣᠯᠳᠠᠯᠭ᠎ᠠ᠎ᠲᠠᠢ ᠠᠵᠢᠯ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ 《ᠶᠡᠭᠡ ᠲᠠᠯ᠎ᠠ》᠎ᠳᠤ ᠣᠷᠣᠭᠤᠯᠬᠤ ᠵᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠪᠣᠳᠠᠲᠠᠢ ᠵᠢ ᠡᠷᠬᠢᠮᠯᠡᠨ ᠲᠤᠰᠠᠲᠠᠢ ᠪᠠᠶ᠋ᠢᠬᠤ ᠵᠢ ᠪᠠᠷᠢᠮᠲᠠᠯᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠣᠷᠣᠨ᠎ᠤ ᠲᠥᠪ ᠬᠤᠲᠠ ᠵᠢᠨ ᠢᠷᠡᠭᠡᠳᠦᠢ ᠵᠢᠨ ᠲᠠᠪᠤᠨ ᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠥᠲᠥᠯᠥᠨ ᠳᠠᠭ᠋ᠠᠭᠤᠯᠬᠤ ᠴᠢᠨᠠᠷᠲᠠᠢ ᠪᠢᠴᠢᠭ ᠮᠠᠲ᠋ᠧᠷᠢᠶᠠᠯ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ᠎ᠠᠴᠠ ᠮᠠᠨ᠎ᠤ ᠬᠤᠳᠠ ᠵᠢᠨ 《ᠵᠢᠷᠭᠤᠭ᠋ᠠᠨ ᠣᠷᠣᠨ ᠪᠦᠰᠡ ᠵᠢᠨ ᠲᠥᠪ》᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠡᠨᠡ ᠪᠣᠯ ᠣᠷᠣᠨ᠎ᠤ ᠲᠥᠪ ᠬᠤᠳᠠ ᠵᠢᠨ ᠳᠠᠭ᠋ᠠᠭ᠋ᠠᠴᠠ ᠵᠢ ᠳᠡᠭᠡᠭᠰᠢᠯᠡᠭᠦᠯᠬᠦ᠂ ᠣᠳᠣᠬᠢᠴᠢᠯᠠᠭᠰᠠᠨ ᠣᠷᠣᠨ ᠪᠦᠰᠡ ᠵᠢᠨ ᠲᠥᠪ ᠬᠤᠳᠠ ᠵᠢ ᠪᠦᠳᠦᠭᠡᠨ ᠪᠠᠶ᠋ᠢᠭᠤᠯᠬᠤ ᠴᠢᠬᠤᠯᠠ ᠭᠠᠷᠳᠠᠴᠠ ᠪᠣᠯᠤᠨ᠎ᠠ᠃ ᠣᠷᠣᠨ ᠪᠦᠰᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠥᠬᠦ ᠬᠦᠴᠦᠨ ᠵᠶ᠋ᠠᠷ ᠵᠶ᠋ᠠᠨ ᠴᠣᠭᠴᠠᠯᠠᠵᠤ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠨᠢᠭᠡ ᠴᠤᠭᠴᠠᠵᠢᠭᠤᠯᠬᠤ ᠥᠭᠡᠷᠡᠴᠢᠯᠡᠯᠲᠡ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠯᠠᠪᠳᠠᠭᠤᠨ ᠪᠠᠲᠤᠲᠠᠶ ᠠᠬᠢᠭᠤᠯᠵᠤ᠂ ᠰᠦ ᠵᠢᠨ ᠦᠢ᠍ᠯᠡᠰ᠂ ᠡᠪᠡᠰᠦᠨ᠎ᠤ ᠦᠢ᠍ᠯᠡᠰ ᠵᠡᠷᠭᠡ ᠰᠢᠨ᠎ᠡ ᠵᠢ ᠡᠭᠦᠳᠬᠦ ᠲᠥᠪ᠎ᠤᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠢᠭᠡ ᠪᠦᠯᠦᠭ ᠭᠤᠤᠯᠯᠠᠬᠤ ᠥᠷᠢᠰᠦᠯᠳᠦᠬᠦ ᠬᠦᠴᠦᠨ᠎ᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠶ᠋ᠢᠯᠠᠯ᠎ᠢ ᠪᠤᠶ᠋ᠢᠵᠢᠭᠤᠯᠵᠤ᠂ ᠤᠯᠤᠰ᠎ᠤᠨ ᠮᠡᠳᠡᠯᠭᠡ ᠵᠢᠨ ᠥᠮᠴᠢᠯᠡᠬᠦ ᠡᠷᠬᠡ᠎ᠪᠠᠷ ᠬᠤᠲᠠ᠎ᠪᠠᠨ ᠬᠦᠴᠦᠷᠬᠡᠭᠵᠢᠭᠦᠯᠦᠨ ᠪᠥᠲᠥᠭᠡᠨ ᠪᠠᠶ᠋ᠢᠭᠤᠯᠬᠤ ᠵᠢᠱ᠌ᠢᠶ᠎ᠡ ᠦᠵᠡᠭᠦᠯᠬᠦ ᠬᠤᠲᠠ ᠵᠢ ᠢᠳᠡᠪᠬᠢᠲᠡᠶ ᠡᠭᠦᠳᠦᠨ ᠪᠠᠶ᠋ᠢᠭᠤᠯᠬᠤ ᠬᠡᠷᠡᠭᠲᠡᠶ᠃ ᠣᠷᠣᠨ ᠪᠦᠰᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠲᠥᠪ᠎ᠢ ᠪᠥᠬᠦ ᠬᠦᠴᠦᠨ ᠵᠶ᠋ᠠᠷ ᠪᠠᠶ᠋ᠢᠭᠤᠯᠵᠤ᠂ ᠤᠮᠠᠷᠠᠲᠤ ᠣᠷᠣᠨ᠎ᠤ ᠴᠢᠬᠤᠯᠠ ᠲᠥᠪ ᠬᠤᠲᠠ ᠪᠠ ᠪᠥᠬᠦ ᠤᠯᠤᠰ᠎ᠤᠨ ᠴᠢᠨᠠᠷᠲᠠᠶ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠬᠦᠢ᠍ᠰᠦ ᠬᠤᠲᠠ ᠵᠢᠨ ᠪᠠᠶ᠋ᠢᠷᠢ ᠲᠣᠭᠲᠠᠭ᠋ᠠᠯᠲᠠ ᠵᠢᠨ ᠲᠣᠭᠤᠷᠢᠨ᠎ᠳᠤ᠂ ᠱᠧᠩ ᠯᠧ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠎ᠤᠨ ᠲᠥᠷᠥᠯ ᠵᠦᠢ᠍ᠯ ᠵᠡᠷᠭᠡ ᠵᠠᠮ ᠬᠠᠷᠢᠯᠴᠠᠭ᠋ᠠᠨ᠎ᠤ ᠰᠠᠭᠤᠷᠢ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠳᠤᠮᠳᠠᠳᠤ ᠧᠦ᠋ᠷᠣᠫᠠ ᠳᠤᠮᠳᠠᠳᠤ ᠠᠽᠢᠶ᠎ᠠ ᠵᠢᠨ ᠵᠢᠰᠢᠶᠡᠨ᠎ᠤ ᠭᠠᠯᠲᠤ ᠲᠡᠷᠭᠡ ᠵᠢᠨ ᠶᠠᠰᠤ ᠴᠢᠨᠠᠷ ᠪᠠ ᠪᠠᠭᠲᠠᠭ᠋ᠠᠮᠵᠢ ᠵᠢ ᠶᠡᠭᠡ᠎ᠪᠠᠷ ᠳᠡᠭᠡᠭᠰᠢᠯᠡᠭᠦᠯᠵᠦ᠂ ᠪᠠᠷᠠᠭ᠋ᠠᠨ᠎ᠤ ᠭᠦᠢ᠍ᠯᠭᠡᠭᠡᠨ᠎ᠤ ᠲᠥᠪ᠎ᠤᠨ ᠪᠥᠲᠥᠭᠡᠨ ᠪᠠᠶ᠋ᠢᠭᠤᠯᠤᠯᠲᠠ ᠪᠠ ᠬᠠᠩᠭ᠋ᠠᠯᠭ᠎ᠠ ᠵᠢᠨ ᠬᠡᠯᠬᠢᠶ᠎ᠡ ᠵᠢᠨ ᠠᠵᠤ ᠠᠬᠤᠶ᠋ᠢᠯᠠᠯ᠎ᠢ ᠦᠷᠭᠦᠯᠵᠢᠯᠡᠨ ᠣᠷᠣᠭᠤᠯᠤᠨ ᠠᠪᠴᠢᠷᠠᠵᠤ᠂ ᠨᠡᠶ᠋ᠢᠭᠡᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠬᠤ ᠬᠡᠷᠡᠭᠲᠡᠶ᠃ ᠣᠷᠣᠨ ᠪᠦᠰᠡ ᠵᠢᠨ ᠣᠲᠣ ᠦᠶ᠎ᠡ ᠵᠢᠨ ᠬᠡᠷᠡᠭᠯᠡᠭᠡᠨ᠎ᠤ ᠲᠥᠪ᠎ᠢ ᠪᠥᠬᠦ ᠬᠦᠴᠦᠨ ᠵᠶ᠋ᠠᠷ ᠵᠶ᠋ᠠᠨ ᠪᠠᠶ᠋ᠢᠭᠤᠯᠵᠤ᠂ ᠬᠤᠳᠠᠯᠳᠤᠭ᠋ᠠᠨ᠎ᠤ ᠲᠣᠭᠤᠷᠢᠭ᠎ᠤᠨ ᠶᠠᠰᠤ ᠴᠢᠨᠠᠷ᠎ᠢ ᠤᠯᠠᠮ ᠨᠢᠭᠡ ᠠᠯᠬᠤᠮ ᠥᠭᠡᠷᠡᠴᠢᠯᠡᠨ ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ᠂ ᠬᠦᠢ᠍ᠳᠡᠨ ᠬᠡᠯᠬᠢᠶᠡᠲᠦ ᠡᠯᠧᠺᠳ᠋ᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠵᠢ ᠬᠥᠭᠵᠢᠭᠦᠯᠵᠦ᠂ ᠤᠨᠴᠠᠯᠢᠬᠳᠤ ᠠᠷᠠᠯᠵᠢᠶ᠎ᠠ ᠬᠤᠳᠠᠯᠳᠤᠭ᠋ᠠᠨ᠎ᠤ ᠰᠢᠨ᠎ᠡ ᠪᠠᠶ᠋ᠢᠳᠠᠯ᠎ᠢ ᠪᠠᠶ᠋ᠢᠭᠤᠯᠬᠤ ᠬᠡᠷᠡᠭᠲᠡᠶ᠃ ᠰᠣᠶᠣᠯ ᠵᠢᠭᠤᠯᠴᠢᠯᠠᠯ ᠬᠤᠳᠠᠯᠳᠤᠭ᠋ᠠᠨ᠎ᠤ ᠠᠭᠤᠰᠤᠯᠴᠠᠨ ᠬᠥᠭᠵᠢᠬᠦ ᠵᠢ ᠶᠡᠬᠡᠪᠡᠷ ᠠᠬᠢᠭᠤᠯᠵᠤ᠂ ᠬᠡᠷᠡᠭᠯᠡᠭᠡᠨ᠎ᠤ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠪᠠᠳᠠᠷᠠᠭᠤᠯᠬᠤ ᠬᠡᠷᠡᠭᠲᠡᠢ᠃ ᠰᠢᠨ᠎ᠡ ᠵᠢᠯ᠂ ᠴᠠᠭ᠋ᠠᠨ ᠰᠠᠷ᠎ᠠ ᠵᠡᠷᠭᠡ ᠬᠡᠷᠡᠭᠯᠡᠭᠡᠨ᠎ᠤ ᠬᠠᠯᠠᠮᠰᠢᠯ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠯ᠎ᠡ ᠲᠦᠷᠦᠯ᠎ᠤᠨ ᠪᠣᠷᠣᠯᠠᠭᠤᠯᠭ᠎ᠠ ᠵᠢ ᠠᠬᠢᠭᠤᠯᠬᠤ ᠠᠵᠢᠯᠯᠠᠭ᠎ᠠ ᠵᠢ ᠢᠳᠡᠪᠬᠢᠲᠡᠢ ᠲᠥᠯᠥᠪᠵᠢᠭᠦᠯᠵᠦ᠂ ᠬᠡᠷᠡᠭᠯᠡᠭᠡᠨ᠎ᠤ ᠳᠠᠯᠳᠠ ᠬᠦᠴᠦᠨ᠎ᠢ ᠨᠡᠩ ᠰᠠᠶ᠋ᠢᠲᠤᠷ ᠬᠦᠭᠵᠢᠭᠡᠬᠦ ᠬᠡᠷᠡᠭᠲᠡᠢ᠃ ᠣᠷᠣᠨ ᠪᠦᠰᠡ ᠵᠢᠨ ᠰᠡᠯᠡᠭᠦᠴᠡᠯ ᠠᠮᠠᠷᠠᠯᠲᠠ ᠵᠢᠨ ᠲᠥᠪ᠎ᠢ ᠪᠥᠬᠦ ᠬᠦᠴᠦᠨ ᠵᠶ᠋ᠠᠷ ᠵᠶ᠋ᠠᠨ ᠪᠠᠶ᠋ᠢᠭᠤᠯᠵᠤ᠂ 《ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ》 ᠵᠢᠨ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠪᠠᠶ᠋ᠢᠷᠢᠰᠢᠭᠤᠯᠤᠯᠲᠠ ᠶᠣᠰᠣᠭ᠋ᠠᠷ᠂ ᠵᠢᠭᠤᠯᠴᠢᠯᠠᠯ᠎ᠤᠨ ᠡᠵᠡᠩᠨᠡᠯᠲᠡ ᠵᠢᠨ ᠬᠡᠯᠪᠡᠷᠢ ᠵᠢ ᠲᠠᠰᠤᠷᠠᠯᠲᠠ ᠥᠬᠡᠶ ᠪᠠᠶᠠᠯᠢᠭᠵᠢᠭᠤᠯᠵᠤ᠂ 4A᠂ 5A ᠲᠠᠰ᠎ᠤᠨ ᠦᠵᠡᠮᠵᠢ ᠵᠢᠨ ᠣᠷᠣᠨ᠎ᠢ ᠡᠭᠦᠳᠦᠨ ᠪᠠᠶ᠋ᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠲᠣᠭᠯᠠᠯᠲᠠ ᠵᠢᠨ ᠠᠵᠤ ᠠᠬᠤᠶ᠂ ᠡᠪᠦᠯ᠎ᠤᠨ ᠤᠯᠠᠷᠢᠯ᠎ᠤᠨ ᠮᠥᠰᠥ ᠴᠠᠰᠤᠨ᠎ᠤ ᠵᠢᠭᠤᠯᠴᠢᠯᠠᠯ᠎ᠢ ᠰᠠᠶ᠋ᠢᠲᠤᠷ ᠬᠢᠵᠦ᠂ ᠪᠥᠬᠦ ᠣᠷᠣᠨ ᠪᠦᠰᠡ ᠪᠥᠬᠦ ᠤᠯᠠᠷᠢᠯ᠎ᠤᠨ ᠵᠢᠭᠤᠯᠴᠢᠯᠠᠯ᠎ᠢ ᠶᠡᠭᠡ᠎ᠪᠠᠷ ᠬᠥᠭᠵᠢᠭᠦᠯᠬᠦ ᠬᠡᠷᠡᠭᠲᠡᠶ᠃ ᠣᠷᠣᠨ ᠪᠦᠰᠡ ᠵᠢᠨ ᠰᠤᠷᠭ᠋ᠠᠨ ᠬᠥᠮᠦᠵᠢᠯ ᠡᠮᠴᠢᠯᠡᠭᠡᠨ᠎ᠤ ᠲᠥᠪ᠎ᠢ ᠪᠥᠬᠦ ᠬᠦᠴᠦᠨ ᠵᠶ᠋ᠠᠷ ᠪᠠᠶ᠋ᠢᠭᠤᠯᠵᠤ᠂ ᠰᠤᠷᠭ᠋ᠠᠨ ᠬᠥᠮᠦᠵᠢᠯ᠎ᠤᠨ ᠪᠠᠶ᠋ᠢᠷᠢᠰᠢᠭᠤᠯᠤᠯᠲᠠ ᠵᠢ ᠦᠷᠭᠦᠯᠵᠢᠯᠡᠨ ᠰᠢᠯᠢᠳᠡᠭᠵᠢᠭᠦᠯᠵᠦ᠂ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠨᠢᠭᠡ ᠪᠦᠯᠦᠭ ᠵᠢᠱ᠌ᠢᠶ᠎ᠡ ᠦᠵᠡᠭᠦᠯᠬᠦ ᠴᠢᠨᠠᠷ ᠰᠠᠶ᠋ᠢᠲᠠᠶ ᠰᠤᠷᠭ᠋ᠠᠭᠤᠯᠢ ᠪᠠᠶ᠋ᠢᠭᠤᠯᠵᠤ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠶ᠃ ᠴᠢᠨᠠᠷ ᠰᠠᠶ᠋ᠢᠲᠠᠢ ᠡᠮᠴᠢᠯᠡᠭᠡᠨ᠎ᠤ ᠡᠬᠢ ᠪᠠᠶᠠᠯᠢᠭ᠎ᠢ ᠵᠦᠢ ᠵᠣᠬᠢᠰᠲᠠᠢ ᠪᠠᠶ᠋ᠢᠷᠢᠰᠢᠭᠤᠯᠵᠤ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠥᠭᠡᠷᠡᠴᠢᠯᠡᠯᠲᠡ ᠪᠣᠯᠤᠨ ᠴᠢᠨᠠᠷ ᠰᠠᠶ᠋ᠢᠲᠠᠢ ᠬᠥᠭᠵᠢᠯᠲᠡ ᠵᠢ ᠭᠦᠨᠵᠡᠭᠡᠢ ᠠᠬᠢᠭᠤᠯᠬᠤ ᠬᠡᠷᠡᠭᠲᠡᠢ᠃ ᠣᠷᠣᠨ ᠪᠦᠰᠡ ᠵᠢᠨ ᠪᠣᠬᠢᠷᠳᠤᠯ ᠦᠭᠡᠢ ᠮᠥᠩᠭᠦᠨ ᠭᠦᠢ᠍ᠯᠭᠡᠭᠡᠨ᠎ᠤ ᠲᠥᠪ᠎ᠢ ᠪᠥᠬᠦ ᠬᠦᠴᠦᠨ ᠵᠶ᠋ᠠᠷ ᠪᠠᠶ᠋ᠢᠭᠤᠯᠵᠤ᠂ ᠮᠥᠩᠭᠦᠨ ᠭᠦᠢ᠍ᠯᠭᠡᠭᠡᠨ᠎ᠤ ᠠᠮᠢᠵᠢᠷᠠᠯ᠎ᠤᠨ ᠬᠦᠴᠦᠨ ᠵᠢ ᠰᠠᠶ᠋ᠢᠲᠤᠷ ᠠᠰᠢᠭᠯᠠᠵᠤ᠂ ᠮᠥᠩᠭᠦᠨ ᠭᠦᠢ᠍ᠯᠭᠡᠭᠡᠨ᠎ᠤ ᠪᠣᠳᠠᠲᠤ ᠴᠣᠭᠴᠠ ᠵᠢᠨ ᠠᠵᠤ ᠠᠬᠤᠢ ᠵᠢᠨ ᠬᠥᠭᠵᠢᠯᠲᠡ᠂ ᠴᠢᠬᠤᠯᠠ ᠶᠡᠭᠡ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠂ ᠠᠷᠠᠳ᠎ᠤᠨ ᠠᠮᠢᠳᠤᠷᠠᠯ᠎ᠤᠨ ᠢᠨᠵᠧᠨᠧᠷᠢᠩ ᠵᠡᠷᠭᠡ ᠲᠠᠯ᠎ᠠ ᠵᠢᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠤᠷᠢᠨᠭᠡᠷ ᠮᠥᠩᠭᠦᠨ ᠭᠦᠢ᠍ᠯᠭᠡᠭᠡᠨ᠎ᠤ ᠲᠤᠭ᠎ᠠ ᠪᠠᠷᠢᠮᠲᠠ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠮᠥᠩᠭᠦᠨ ᠭᠦᠢ᠍ᠯᠭᠡᠭᠡᠨ᠎ᠤ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠵᠠᠢ᠃ ᠬᠤᠷᠠᠯ᠎ᠠᠴᠠ ᠮᠠᠨ᠎ᠤ ᠬᠤᠲᠠ ᠵᠢᠨ ᠬᠤᠲᠠ ᠵᠢᠨ ᠶᠡᠭᠡ ᠲᠠᠷᠢᠬᠢᠨ᠎ᠤ ᠡᠵᠡᠩᠨᠡᠯᠲᠡ ᠬᠠᠮᠢᠶᠠᠷᠤᠯᠲᠠ ᠪᠠ ᠰᠠᠯᠠᠭ᠎ᠠ ᠮᠥᠴᠢᠷ᠎ᠤᠨ ᠲᠤᠭ᠎ᠠ ᠪᠠᠷᠢᠮᠲᠠ ᠵᠢ ᠬᠡᠷᠡᠭᠯᠡᠭᠰᠡᠨ ᠪᠠᠶ᠋ᠢᠳᠠᠯ᠎ᠢ ᠰᠣᠨᠣᠰᠴᠤ᠂ ᠲᠤᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠪᠠ ᠵᠠᠳᠠᠯᠤᠨ ᠠᠰᠢᠭᠯᠠᠬᠤ ᠵᠢ ᠪᠥᠬᠦ ᠲᠠᠯ᠎ᠠ᠎ᠪᠠᠷ ᠠᠬᠢᠭᠤᠯᠵᠤ᠂ ᠨᠠᠩ ᠣᠯᠠᠨ ᠬᠡᠷᠡᠭᠯᠡᠭᠡᠨ᠎ᠤ ᠠᠬᠤᠢ ᠵᠢ ᠨᠡᠭᠡᠭᠡᠵᠦ᠂ ᠲᠤᠭ᠎ᠠ ᠪᠠᠷᠢᠮᠲᠠ ᠵᠢᠨ ᠰᠠᠭᠤᠷᠢ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠠᠬᠤᠶ ᠵᠢᠨ ᠬᠥᠭᠵᠢᠯᠲᠡ᠂ ᠬᠤᠲᠠ ᠵᠢᠨ ᠵᠠᠰᠠᠯᠲᠠ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

   


ᠢᠷᠡᠯᠲᠡ᠄ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠤᠭᠤᠲᠤ ᠬᠤᠲᠠ ᠵᠢᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠶ᠋ᠢᠴᠢᠯᠠᠯᠲᠠ ᠵᠢᠨ ᠮᠦᠽᠧᠢ
ᠬᠥᠬᠡᠬᠤᠲᠠ ᠵᠢᠨ᠎ᠬᠢᠨ 《ᠱᠣᠣᠮᠠᠢ +》 ᠠᠮᠲᠠᠲᠤ ᠢᠳᠡᠭᠡᠨ᠎ᠤ ᠰᠣᠶᠣᠯ ᠵᠢᠭᠤᠯᠴᠢᠯᠠᠯ᠎ᠤᠨ IP ᠵᠢ ᠠᠮᠵᠢᠯᠲᠠ᠎ᠲᠠᠢ ᠡᠭᠦᠳᠴᠦ ᠱᠣᠣᠮᠠᠢ ᠵᠢᠨ ᠠᠮᠲᠠᠲᠤ ᠢᠳᠡᠭᠡᠨ᠎ᠤ ᠨᠠᠷᠠᠲᠤ ᠲᠡᠮᠳᠡᠭ᠎ᠢ 《ᠢᠳᠡᠭᠡᠨ ᠤᠮᠳᠠᠭ᠋ᠠᠨ᠎ᠤ ᠬᠦᠷᠢᠶᠡᠨ ᠠᠯᠳᠠᠷ ᠴᠣᠤ᠎ᠲᠠᠢ ᠪᠣᠯᠭ᠋ᠠᠬᠤ》 ᠵᠢ ᠠᠬᠢᠭᠤᠯᠵᠤ ᠪᠣᠢ
ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ ᠲᠦᠷᠪᠡᠨ ᠬᠤᠳᠠ ᠵᠢᠨ 120 ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠵᠢᠯᠤᠭᠤᠳᠬᠤ ᠲᠥᠪ ᠬᠠᠮᠲᠤᠷᠠᠨ ᠡᠮᠨᠡᠯᠭᠡ ᠵᠢᠨ ᠬᠤᠷᠢᠶᠠᠨ᠎ᠠᠴᠠ ᠭᠠᠳᠠᠨᠠᠬᠢ ᠲᠦᠷᠭᠡᠨ ᠠᠪᠤᠷᠠᠯᠳᠠ ᠵᠢ ᠨᠢᠭᠡ ᠴᠣᠭᠴᠠᠵᠢᠭᠤᠯᠬᠤ ᠪᠦᠲᠦᠭᠡᠨ ᠪᠠᠶ᠋ᠢᠭᠤᠯᠤᠯᠲᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ᠎ᠤᠨ ᠪᠢᠴᠢᠭ᠎ᠲᠤ ᠭᠠᠷ᠎ᠤᠨ ᠥᠰᠥᠭ ᠵᠢᠷᠤᠪᠠ
ᠬᠥᠬᠡᠬᠤᠲᠠ ᠵᠢᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠵᠢᠭᠡᠯᠡᠯᠭᠡ ᠵᠡᠷᠭᠡ ᠡᠯ᠎ᠡ ᠵᠦᠢ᠍ᠯ᠎ᠤᠨ ᠲᠤᠬᠠᠶ᠋ᠢᠯᠠᠭᠰᠠᠨ ᠠᠵᠢᠯ᠎ᠤᠳ ᠠᠷᠠᠳ᠎ᠲᠤ ᠳᠥᠭᠦᠮᠯᠡᠬᠦ ᠰᠢᠨ᠎ᠡ ᠵᠠᠭᠪᠤᠷ᠎ᠢ ᠡᠬᠢᠯᠡᠭᠦᠯᠪᠡ
ᠤᠯᠠᠭ᠋ᠠᠨᠬᠠᠳᠠ ᠬᠤᠲᠠ᠎ᠳᠤ ᠥᠪᠡᠷᠲᠡᠭᠡᠨ ᠵᠠᠰᠠᠬᠤ ᠣᠷᠣᠨ᠎ᠤ ᠴᠢᠬᠤᠯᠠ ᠨᠤᠭᠤ ᠭᠠᠵᠠᠷ ᠨᠢᠭᠡ ᠨᠡᠮᠡᠭᠳᠡᠪᠡ
 
            