ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠪᠤᠤ ᠭᠠᠩ ᠾᠧ ᠬᠠᠶ ᠳ᠋ᠦᠩ ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠮᠦᠽᠧᠶ ᠵᠢᠴᠢ ᠬᠠᠮᠢᠶ᠎ᠠ ᠪᠦᠬᠦᠢ ᠦᠢ᠍ᠯᠡᠳᠬᠦᠨ ᠬᠢᠭᠡᠳ ᠮᠡᠷᠭᠡᠵᠢᠯ᠎ᠤᠨ ᠦᠵᠡᠰᠬᠦᠯᠡᠩ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠢ ᠪᠠᠶ᠋ᠢᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2024-08-23


 

   (ᠰᠤᠷᠪᠤᠯᠵᠢᠯᠠᠭᠴᠢ ᠶᠦᠨ ᠵᠢᠩ) ᠠᠷᠪᠠᠲᠤᠭ᠋ᠠᠷ ᠬᠤᠭᠤᠴᠠᠭ᠋ᠠᠨ᠎ᠤ ᠳᠤᠮᠲᠠᠲᠦ ᠤᠯᠤᠰ᠎ᠤᠨ ᠮᠦᠽᠧᠶ ᠵᠢᠴᠢ ᠬᠠᠮᠢᠶ᠎ᠠ ᠪᠦᠬᠦᠢ ᠦᠢ᠍ᠯᠡᠳᠬᠦᠨ ᠪᠤᠯᠤᠨ ᠮᠡᠷᠬᠡᠵᠢᠯ᠎ᠤᠨ ᠦᠵᠡᠰᠬᠦᠯᠡᠩ᠎ᠤᠨ ᠴᠤᠭᠯᠠᠭ᠋ᠠᠨ (ᠮᠦᠽᠧᠶ ᠵᠢᠨ ᠦᠵᠡᠰᠬᠦᠯᠡᠩ᠎ᠤᠨ ᠴᠤᠭᠯᠠᠭ᠋ᠠᠨ ᠭᠡᠵᠦ ᠳᠦᠭᠦᠮᠴᠢᠯᠠᠨ᠎ᠠ) 8 ᠳ᠋ᠤᠭ᠋ᠠᠷ ᠰᠠᠷ᠎ᠠ ᠵᠢᠨ 23᠎ᠤ ᠡᠳᠦᠷ᠎ᠠᠴᠠ 26᠎ᠤ ᠡᠳᠦᠷ ᠪᠣᠯᠲᠠᠯ᠎ᠠ ᠮᠠᠨ᠎ᠤ ᠬᠤᠲᠠ᠎ᠳᠤ ᠶᠠᠪᠤᠭᠳᠠᠨ᠎ᠠ᠃ 8 ᠳ᠋ᠤᠭ᠋ᠠᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠤᠲᠠ ᠵᠢᠨ ᠨᠠᠮ᠎ᠤᠨ ᠬᠤᠷᠢᠶ᠎ᠠ ᠵᠢᠨ ᠱᠦᠵᠢ ᠪᠦᠦ ᠭᠠᠩ᠂ ᠬᠤᠲᠠ ᠵᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠬᠤᠲᠠ ᠵᠢᠨ ᠳᠠᠷᠤᠭ᠎ᠠ ᠾᠧ ᠬᠠᠢ ᠳ᠋ᠦᠩ ᠬᠥᠬᠡᠬᠤᠲᠠ ᠵᠢᠨ ᠴᠡᠯᠡᠭᠡᠷ ᠲᠠᠯ᠎ᠠ ᠣᠯᠠᠨ ᠤᠯᠤᠰ᠎ᠤᠨ ᠬᠤᠷᠠᠯ ᠦᠵᠡᠰᠬᠦᠯᠡᠩ᠎ᠤᠨ ᠲᠥᠪ᠎ᠲᠤ ᠬᠦᠷᠴᠦ᠂ ᠶᠡᠭᠡ ᠬᠤᠷᠠᠯ᠎ᠤᠨ ᠪᠡᠯᠡᠳᠬᠡᠯ ᠠᠵᠢᠯ ᠵᠡᠷᠭᠡ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠵᠡᠢ᠃ ᠲᠣᠰ ᠬᠤᠭᠤᠴᠠᠭ᠋ᠠᠨ᠎ᠤ ᠮᠦᠽᠧᠶ ᠵᠢᠨ ᠦᠵᠡᠰᠬᠦᠯᠡᠩ᠎ᠤᠨ ᠴᠤᠭᠯᠠᠭ᠋ᠠᠨ᠎ᠳᠤ ᠪᠥᠬᠦ ᠤᠯᠤᠰ᠎ᠤᠨ ᠮᠦᠽᠧᠶ ᠵᠢᠨ ᠬᠥᠭᠵᠢᠯᠲᠡ ᠵᠢᠨ ᠦᠷ᠎ᠡ ᠪᠦᠲᠦᠭᠡᠯ᠎ᠤᠨ ᠦᠵᠡᠭᠦᠯᠭᠡ ᠵᠢᠨ ᠲᠣᠭᠤᠷᠢᠭ᠂ ᠪᠥᠬᠦ ᠤᠯᠤᠰ᠎ᠤᠨ ᠰᠣᠶᠣᠯ ᠦᠵᠡᠰᠬᠦᠯᠡᠩ᠎ᠤᠨ ᠠᠵᠤ ᠠᠬᠤᠶ᠋ᠢᠯᠠᠯ᠎ᠤᠨ ᠬᠥᠭᠵᠢᠯᠲᠡ ᠵᠢᠨ ᠦᠷ᠎ᠡ ᠪᠦᠲᠦᠭᠡᠯ᠎ᠤᠨ ᠦᠵᠡᠭᠦᠯᠭᠡ ᠵᠢᠨ ᠲᠣᠭᠤᠷᠢᠭ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠵᠢᠨ ᠰᠣᠶᠣᠯ ᠦᠵᠡᠰᠬᠦᠯᠡᠩ᠎ᠤᠨ ᠦᠢ᠍ᠯᠡᠰ᠎ᠤᠨ ᠶᠡᠷᠦᠩᠬᠡᠶ᠋ᠢᠯᠡᠭᠰᠡᠨ ᠦᠵᠡᠭᠦᠯᠭᠡ ᠵᠢᠨ ᠲᠣᠭᠤᠷᠢᠭ᠂ ᠮᠦᠽᠧᠶ ᠵᠢᠨ ᠲᠤᠭ᠋ᠠᠴᠢᠯᠠᠨ ᠤᠶᠤᠨᠴᠢᠯᠠᠭᠰᠠᠨ ᠲᠤᠰᠬᠠᠶ ᠰᠡᠳᠦᠪᠲᠦ ᠦᠵᠡᠭᠦᠯᠭᠡ ᠵᠢᠨ ᠲᠣᠭᠤᠷᠢᠭ᠂ ᠰᠣᠶᠣᠯ᠎ᠤᠨ ᠪᠦᠲᠦᠭᠡᠯᠴᠢ ᠪᠦᠲᠦᠭᠡᠭᠳᠡᠬᠦᠨ ᠵᠢᠴᠢ ᠰᠡᠯᠡᠭᠦᠴᠡᠨ ᠬᠥᠳᠡᠯᠦᠯᠴᠡᠬᠦ ᠲᠣᠭᠤᠷᠢᠭ ᠵᠡᠷᠭᠡ ᠲᠠᠪᠤᠨ ᠶᠡᠭᠡ ᠦᠵᠡᠭᠦᠯᠦᠯᠭᠡ ᠵᠢᠨ ᠲᠣᠭᠤᠷᠢᠭ ᠭᠠᠷᠭ᠋ᠠᠪᠠ᠃ ᠪᠣᠣ ᠭᠠᠩ ᠡᠬᠢᠯᠡᠯᠲᠡ ᠵᠢᠨ ᠶᠣᠰᠣᠯᠠᠯ᠎ᠤᠨ ᠪᠡᠯᠡᠳᠬᠡᠯ᠂ ᠦᠵᠡᠭᠦᠯᠭᠡ ᠵᠢᠨ ᠲᠣᠭᠤᠷᠢᠭ᠎ᠤᠨ ᠪᠠᠶ᠋ᠢᠷᠢᠰᠢᠭᠤᠯᠤᠯᠲᠠ᠂ ᠦᠢ᠍ᠯᠡᠴᠢᠯᠡᠭᠡᠨ᠎ᠤ ᠪᠠᠲᠤᠯᠠᠭ᠎ᠠ᠂ ᠢᠵᠢ ᠪᠦᠷᠢᠳᠦᠭᠦᠯᠦᠭᠰᠡᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠵᠡᠷᠭᠡ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠣᠶ᠋ᠢᠯᠠᠭ᠋ᠠᠪᠠ᠃ ᠪᠣᠣ ᠭᠠᠩ ᠬᠡᠯᠡᠬᠦ᠎ᠳᠡᠭᠡᠨ᠂ ᠮᠦᠽᠧᠶ ᠵᠢᠨ ᠦᠵᠡᠰᠬᠦᠯᠡᠩ᠎ᠤᠨ ᠴᠤᠭᠯᠠᠭ᠋ᠠᠨ ᠪᠣᠯ ᠮᠠᠨ᠎ᠤ ᠤᠯᠤᠰ᠎ᠤᠨ ᠰᠣᠶᠣᠯ ᠦᠵᠡᠰᠬᠦᠯᠡᠩ᠎ᠤᠨ ᠡᠲᠡᠭᠡᠳ᠎ᠤᠨ ᠬᠠᠮᠤᠭ᠎ᠤᠨ ᠶᠡᠭᠡ ᠨᠥᠯᠥᠭᠡᠯᠡᠬᠦ ᠬᠦᠴᠦᠨ᠎ᠲᠠᠢ ᠦᠪᠡᠳᠡᠭᠰᠢ ᠴᠤᠭᠯᠠᠭ᠋ᠠᠨ ᠮᠥᠨ᠂ ᠪᠠᠰᠠ ᠴᠤ᠌ ᠠᠽᠢᠶ᠎ᠠ ᠲᠢᠪ᠎ᠤᠨ ᠬᠠᠮᠤᠭ᠎ᠤᠨ ᠶᠡᠭᠡ ᠬᠡᠪᠴᠢᠶᠡᠨ᠎ᠤ ᠮᠦᠽᠧᠢ ᠵᠢᠨ ᠲᠤᠰᠬᠠᠢ ᠮᠡᠷᠭᠡᠵᠢᠯ᠎ᠤᠨ ᠦᠵᠡᠭᠦᠯᠦᠯᠭᠡ ᠵᠢᠨ ᠴᠤᠭᠯᠠᠭ᠋ᠠᠨ ᠮᠥᠨ᠃ ᠡᠨᠡ ᠬᠦ᠌ ᠬᠡᠪᠴᠢᠶ᠎ᠡ᠎ᠪᠠᠷ ᠶᠡᠭᠡ᠂ ᠲᠤᠰᠬᠠᠢ ᠮᠡᠷᠭᠡᠵᠢᠯ᠎ᠤᠨ ᠴᠢᠨᠠᠷ ᠵᠶ᠋ᠠᠷ ᠴᠢᠩᠭ᠎ᠠ᠂ ᠨᠥᠯᠥᠭᠡ ᠳᠤᠰᠬᠠᠯ ᠵᠶ᠋ᠠᠷ ᠥᠷᠭᠡᠨ ᠦᠵᠡᠰᠬᠦᠯᠡᠩ᠎ᠢ ᠳᠠᠭ᠋ᠠᠭ᠋ᠠᠴᠢᠯᠠᠨ ᠡᠷᠬᠢᠯᠡᠬᠦ᠎ᠨᠢ ᠰᠣᠶᠣᠯ ᠦᠵᠡᠰᠬᠦᠯᠡᠩ᠎ᠤᠨ ᠠᠵᠤ ᠦᠢ᠍ᠯᠡᠰ ᠪᠣᠯᠣᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠬᠤ᠂ ᠤᠮᠠᠷᠠᠲᠤ ᠬᠢᠯᠢ ᠵᠢᠨ ᠰᠣᠶᠣᠯ᠎ᠢ ᠤᠯᠠᠮᠵᠢᠯᠠᠨ ᠪᠠᠳᠠᠷᠠᠭᠤᠯᠬᠤ᠂ ᠣᠷᠣᠨ᠎ᠤ ᠲᠥᠪ ᠬᠤᠲᠠ ᠵᠢᠨ ᠭᠦᠨ ᠵᠤᠵᠠᠭ᠋ᠠᠨ ᠲᠡᠤᠬᠡ ᠰᠣᠶᠣᠯ᠎ᠤᠨ ᠠᠭᠤᠯᠤᠭᠳᠠᠬᠤᠨ᠎ᠢ ᠢᠯᠡᠷᠡᠭᠦᠯᠬᠦ᠂ ᠮᠠᠨ᠎ᠤ ᠬᠤᠲᠠ ᠵᠢᠨ ᠮᠦᠽᠧᠶ ᠵᠢᠨ ᠬᠤᠲᠠ ᠵᠢ ᠪᠠᠶ᠋ᠢᠭᠤᠯᠬᠤ ᠵᠢ ᠠᠬᠢᠭᠤᠯᠬᠤ᠎ᠳᠤ ᠴᠥᠮ ᠲᠦᠢ᠍ᠯ᠎ᠤᠨ ᠴᠢᠬᠤᠯᠠ ᠠᠴᠢ ᠬᠤᠯᠪᠣᠭᠳᠠᠯ᠎ᠲᠠᠢ ᠶᠤᠮ᠃ ᠪᠢᠳᠡ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠥᠨᠳᠥᠷ ᠪᠠᠷᠢᠮᠵᠢᠶ᠎ᠠ᠎ᠲᠠᠢ᠂ ᠥᠨᠳᠥᠷ ᠲᠦᠪᠰᠢᠨ ᠵᠶ᠋ᠠᠷ ᠰᠠᠶ᠋ᠢᠲᠤᠷ ᠬᠢᠵᠦ᠂ ᠥᠪᠡᠷᠮᠢᠴᠡ ᠣᠨᠴᠠᠯᠢᠭ᠎ᠲᠠᠢ᠂ ᠴᠢᠨᠠᠷ ᠰᠠᠶ᠋ᠢᠲᠠᠢ ᠰᠣᠶᠣᠯ ᠦᠵᠡᠰᠬᠦᠯᠡᠩ᠎ᠤᠨ ᠦᠪᠡᠳᠡᠭᠰᠢ ᠴᠤᠭᠯᠠᠭ᠋ᠠᠨ᠎ᠢ ᠢᠯᠡᠷᠡᠭᠦᠯᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠣᠯ ᠰᠢᠵᠢᠮ᠎ᠢ ᠦᠵᠡᠰᠬᠦᠯᠡᠩ ᠴᠤᠭᠯᠠᠭ᠋ᠠᠨ ᠡᠷᠬᠢᠯᠡᠬᠦ ᠪᠦᠬᠦ ᠶᠠᠪᠤᠴᠠ ᠵᠢᠨ ᠡᠯ᠎ᠡ ᠲᠠᠯ᠎ᠠ᠎ᠳᠤ ᠲᠤᠭᠤᠰᠢᠯᠠᠭᠤᠯᠵᠤ᠂ ᠤᠯᠠᠨ᠎ᠳᠤ ᠳᠤᠮᠳᠠᠳᠤ ᠵᠢᠨ ᠰᠣᠶᠣᠯ᠎ᠤᠨ ᠤᠯᠠᠨ ᠡᠰᠢᠴᠢᠯᠡᠭᠰᠡᠨ ᠨᠢᠭᠡ ᠴᠣᠭᠴᠠ ᠪᠣᠯᠤᠨ ᠤᠮᠠᠷᠠᠲᠤ ᠬᠢᠯᠢ ᠵᠢᠨ ᠰᠣᠶᠣᠯ᠎ᠤᠨ ᠪᠠᠶᠠᠯᠢᠭ ᠰᠠᠶ᠋ᠢᠬᠠᠨ᠎ᠢ ᠭᠦᠢ᠍ᠴᠡᠳ ᠮᠡᠳᠡᠷᠡᠭᠦᠯᠬᠦ ᠬᠡᠷᠡᠭᠲᠡᠢ᠃ ᠡᠯᠪᠡᠭ ᠪᠠᠶᠠᠯᠢᠭ ᠠᠭᠤᠯᠭ᠎ᠠ᠎ᠲᠠᠢ ᠢᠵᠢ ᠪᠦᠷᠢᠳᠦᠭᠰᠡᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢ ᠰᠠᠶ᠋ᠢᠲᠤᠷ ᠡᠷᠬᠢᠯᠡᠵᠦ᠂ ᠦᠵᠡᠭᠦᠯᠦᠯᠭᠡ ᠵᠢᠨ ᠴᠤᠭᠯᠠᠭ᠋ᠠᠨ᠎ᠤ ᠰᠤᠨᠢᠷᠬᠠᠯᠲᠤ ᠴᠢᠨᠠᠷ᠂ ᠬᠥᠳᠡᠯᠦᠯᠴᠡᠬᠦ ᠴᠢᠨᠠᠷ ᠪᠣᠯᠤᠨ ᠣᠷᠣᠯᠴᠠᠬᠤ ᠰᠡᠳᠬᠢᠯᠭᠡ ᠵᠢ ᠨᠡᠮᠡᠭᠳᠡᠭᠦᠯᠬᠦ ᠬᠡᠷᠡᠭᠲᠡᠢ᠃ ᠬᠥᠬᠡᠬᠤᠲᠠ ᠵᠢᠨ ᠰᠣᠶᠣᠯ ᠦᠵᠡᠰᠬᠦᠯᠡᠩ᠎ᠤᠨ ᠦᠢ᠍ᠯᠡᠰ᠎ᠤᠨ ᠶᠡᠷᠦᠩᠬᠡᠶ᠋ᠢᠯᠡᠭᠰᠡᠨ ᠦᠵᠡᠭᠦᠯᠭᠡ ᠵᠢᠨ ᠲᠣᠭᠤᠷᠢᠭ᠎ᠢ ᠨᠠᠷᠢᠨ ᠨᠢᠮᠪᠠᠢ ᠪᠠᠶ᠋ᠢᠭᠤᠯᠵᠤ᠂ ᠲᠣᠭ᠋ᠠᠴᠢᠯᠠᠭᠰᠠᠨ᠂ ᠮᠡᠳᠡᠭᠡ ᠵᠠᠩᠭᠢᠴᠢᠯᠠᠭᠰᠠᠨ᠂ ᠤᠶᠤᠨᠴᠢᠯᠠᠭᠰᠠᠨ ᠮᠡᠷᠭᠡᠵᠢᠯ᠎ᠤᠨ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠣᠷᠣᠨ᠎ᠤ ᠲᠥᠪ ᠬᠤᠲᠠ ᠵᠢᠨ ᠡᠯᠪᠡᠭ ᠪᠠᠶᠠᠯᠢᠭ ᠰᠣᠶᠣᠯ ᠦᠵᠡᠰᠬᠦᠯᠡᠩ᠎ᠤᠨ ᠡᠬᠢ ᠪᠠᠶᠠᠯᠢᠭ᠎ᠢ ᠭᠦᠢ᠍ᠴᠡᠳ ᠢᠯᠡᠷᠡᠭᠦᠯᠵᠦ᠂ ᠮᠦᠽᠧᠶ ᠵᠢᠨ ᠬᠤᠭᠤᠷᠣᠨᠳᠣᠬᠢ ᠬᠠᠮᠲᠤᠷᠠᠯᠴᠠᠭ᠎ᠠ ᠵᠢ ᠢᠳᠡᠪᠬᠢᠲᠡᠢ ᠥᠷᠨᠢᠭᠦᠯᠵᠦ᠂ ᠨᠡᠶ᠋ᠢᠭᠡᠮ ᠨᠡᠶ᠋ᠢᠲᠡ ᠵᠢᠨ ᠤᠯᠠᠨ ᠲᠡᠰ ᠳᠠᠪᠬᠤᠷᠭ᠎ᠠ ᠵᠢᠨ ᠰᠣᠶᠣᠯ᠎ᠤᠨ ᠬᠡᠷᠡᠭᠴᠡᠭᠡ ᠵᠢ ᠨᠡᠩ ᠰᠠᠶ᠋ᠢᠲᠤᠷ ᠬᠠᠩᠭ᠋ᠠᠬᠤ ᠬᠡᠷᠡᠭᠲᠡᠢ᠃ ᠵᠠᠮ ᠬᠠᠷᠢᠯᠴᠠᠭ᠎ᠠ᠂ ᠢᠳᠡᠭᠡᠨ ᠤᠮᠳᠠᠭ᠋ᠠᠨ᠂ ᠰᠠᠭᠤᠵᠤ ᠬᠤᠨᠤᠬᠤ ᠵᠡᠷᠭᠡ ᠡᠯ᠎ᠡ ᠬᠦᠷᠢᠶᠡᠨ᠎ᠤ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠨᠠᠷᠢᠯᠢᠬ᠍ᠵᠢᠭᠤᠯᠤᠨ ᠰᠠᠶ᠋ᠢᠲᠤᠷ ᠬᠢᠵᠦ᠂ ᠵᠣᠴᠢᠳ᠂ ᠳᠡᠯᠭᠡᠨ ᠦᠵᠡᠭᠦᠯᠬᠦ ᠬᠤᠳᠠᠯᠳᠤᠭ᠋ᠠᠴᠢᠳ᠂ ᠣᠯᠠᠨ ᠲᠦᠮᠡᠨ᠎ᠤ ᠦᠵᠡᠭᠦᠯᠦᠯᠭᠡ ᠴᠤᠭᠯᠠᠭ᠋ᠠᠨ᠎ᠳᠤ ᠤᠷᠤᠯᠴᠠᠬᠤ ᠵᠢ ᠨᠠᠩ ᠰᠢᠯᠤᠭᠤᠬᠠᠨ᠂ ᠨᠠᠩ ᠳᠥᠭᠦᠮ ᠳᠥᠲᠡ ᠪᠣᠯᠭ᠋ᠠᠬᠤ ᠬᠡᠷᠡᠭᠲᠡᠶ ᠭᠡᠵᠡᠢ᠃ ᠬᠤᠲᠠ ᠵᠢᠨ ᠤᠳᠤᠷᠢᠳᠤᠯᠭ᠎ᠠ ᠼᠤᠤ ᡁᠢ᠂ ᠸᠠᠩ ᠢᠦᠢ ᠲᠢᠶᠠᠨ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃

 

ᠢᠷᠡᠯᠲᠡ᠄ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠮᠦᠽᠧᠶ ᠵᠢᠴᠢ ᠬᠤᠯᠪᠣᠭᠳᠠᠯ ᠪᠦᠬᠦᠢ ᠦᠢ᠍ᠯᠡᠳᠬᠦᠨ ᠬᠢᠭᠡᠳ ᠮᠡᠷᠭᠡᠵᠢᠯ᠎ᠤᠨ ᠦᠵᠡᠰᠬᠦᠯᠡᠩ᠎ᠤᠨ ᠴᠤᠭᠯᠠᠭ᠋ᠠᠨ ᠬᠥᠬᠡᠬᠤᠲᠠ᠎ᠳᠤ ᠡᠬᠢᠯᠡᠪᠡ
ᠮᠠᠨ᠎ᠤ ᠬᠤᠲᠠ ᠰᠣᠶᠣᠯ ᠵᠢᠭᠤᠯᠴᠢᠯᠠᠯ ᠬᠤᠳᠠᠯᠳᠤᠭ᠋ᠠᠨ᠎ᠤ ᠠᠭᠤᠰᠤᠯᠴᠠᠨ ᠬᠥᠭᠵᠢᠬᠦ ᠵᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠬᠥᠬᠡᠬᠤᠲᠠ 《ᠮᠠᠨ᠎ᠤ ᠪᠠᠶᠠᠷ᠎ᠤᠨ ᠡᠳᠦᠷ · ᠨᠠᠢ᠍ᠮᠠᠨ ᠰᠠᠷ᠎ᠠ ᠵᠢᠨ ᠲᠡᠷᠭᠡᠯ ᠪᠠᠶᠠᠷ》 ᠭᠤᠤᠯ ᠰᠡᠳᠦᠪᠲᠦ ᠠᠵᠢᠯᠯᠠᠭ᠎ᠠ ᠦᠷᠨᠢᠭᠦᠯᠪᠡ
ᠪᠣᠣ ᠭᠠᠩ ᠳᠠᠯᠠᠨ ᠬᠠᠷ᠎ᠠ ᠠᠭᠤᠯᠠ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠴᠢ ᠠᠮᠢ ᠠᠬᠤᠢ ᠵᠢᠨ ᠵᠢᠭᠤᠯᠴᠢᠯᠠᠯ᠎ᠤᠨ ᠬᠥᠭᠵᠢᠯᠲᠡ ᠵᠢᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ
ᠬᠥᠬᠡᠬᠤᠲᠠ ᠵᠢᠨ ᠠᠩᠬᠠᠳᠠᠭᠴᠢ 《ᠨᠠᠷᠠᠨ ᠬᠤᠸᠠᠷ ᠡᠴᠢᠭᠡ ᠡᠬᠡ ᠦᠷ᠎ᠡ ᠬᠡᠦᠬᠡᠳ᠎ᠤᠨ ᠵᠢᠵᠢᠭ ᠥᠷᠥᠭᠡ》 ᠫᠠᠶ᠋ᠢᠰᠠ ᠰᠡᠬᠦᠪᠡ
 
            