(ᠰᠤᠷᠪᠤᠯᠵᠢᠯᠠᠭᠴᠢ ᠯᠢᠶᠠᠩ ᠵᠢᠩ ᠱᠥ᠍) ᠤᠶ᠋ᠢᠷ᠎ᠠ ᠵᠢᠨ ᠡᠳᠦᠷ᠂ ᠬᠥᠬᠡᠬᠤᠲᠠ ᠵᠢᠨ ᠠᠩᠬᠠᠳᠠᠭᠴᠢ 《ᠨᠠᠷᠠᠨ ᠬᠤᠸᠠᠷ ᠡᠴᠢᠭᠡ ᠡᠬᠡ ᠦᠷ᠎ᠡ ᠬᠡᠦᠬᠡᠳ᠎ᠤᠨ ᠵᠢᠵᠢᠭ ᠥᠷᠥᠭᠡ》 ᠬᠥᠬᠡᠬᠤᠲᠠ ᠵᠢᠨ ᠡᠬᠡ ᠨᠢᠯᠬᠠᠰ᠎ᠤᠨ ᠡᠷᠡᠭᠦᠯᠵᠢᠯ᠎ᠤᠨ ᠡᠮᠨᠡᠯᠭᠡ ᠵᠢᠨ ᠬᠤᠷᠢᠶ᠎ᠠ ᠵᠢᠨ ᠬᠡᠦᠬᠡᠳ᠎ᠤᠨ ᠡᠮᠦᠨ᠎ᠡ ᠬᠤᠭᠤᠴᠠᠭ᠋ᠠᠨ᠎ᠤ ᠬᠥᠭᠵᠢᠯᠲᠡ ᠵᠢᠨ ᠰᠠᠭᠤᠷᠢᠨ ᠭᠠᠵᠠᠷ᠎ᠲᠤ ᠫᠠᠶ᠋ᠢᠰᠠ ᠰᠡᠭᠦᠪᠡ᠃ ᠣᠶ᠋ᠢᠯᠠᠭ᠋ᠠᠭᠰᠠᠨ ᠵᠶ᠋ᠠᠷ᠂ 《ᠨᠡᠷᠡᠨ ᠬᠤᠸᠠᠷ ᠡᠴᠢᠭᠡ ᠡᠬᠡ ᠦᠷ᠎ᠡ ᠬᠡᠤᠬᠡᠳ᠎ᠤᠨ ᠵᠢᠵᠢᠭ ᠥᠷᠥᠭᠡ》 ᠵᠢ ᠠᠮᠵᠢᠯᠲᠠ᠎ᠲᠠᠢ ᠨᠠᠶ᠋ᠢᠳᠠᠪᠤᠷᠢᠵᠢᠭᠤᠯᠤᠭᠰᠠᠨ᠎ᠨᠢ ᠲᠤᠰᠬᠠᠶ ᠮᠡᠷᠭᠡᠵᠢᠯ᠎ᠤᠨ ᠬᠠᠯᠠᠭᠤᠮᠰᠤᠭ ᠦᠢ᠍ᠯᠡᠴᠢᠯᠡᠭᠡᠨ᠎ᠤ ᠣᠷᠴᠢᠨ ᠲᠣᠭᠤᠷᠢᠨ ᠵᠶ᠋ᠠᠷ ᠳᠠᠮᠵᠢᠭᠤᠯᠤᠨ᠂ 0 — 3 ᠨᠠᠰᠤᠨ᠎ᠤ ᠨᠢᠯᠬ᠎ᠠ ᠬᠡᠤᠬᠡᠳ ᠵᠢᠴᠢ ᠲᠡᠭᠦᠨ᠎ᠤ ᠬᠡᠷ ᠪᠦᠯᠢ᠎ᠳᠤ ᠰᠤᠷᠤᠯᠴᠠᠬᠤ᠂ ᠰᠣᠯᠢᠯᠴᠠᠬᠤ᠂ ᠦᠰᠦᠨ ᠪᠤᠶ᠋ᠢᠵᠢᠬᠤ ᠲᠠᠪᠴᠠᠩ᠎ᠢ ᠪᠣᠶ ᠪᠣᠯᠭ᠋ᠠᠵᠤ᠂ ᠦᠷᠡᠵᠢᠯ᠎ᠤᠨ ᠨᠥᠬᠦᠷᠰᠡᠭ ᠣᠷᠴᠢᠨ ᠲᠣᠭᠤᠷᠢᠨ᠎ᠢ ᠪᠠᠶ᠋ᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠬᠤ ᠪᠦᠭᠡᠳ ᠨᠢᠯᠬᠠᠰ᠎ᠢ ᠪᠤᠶ᠋ᠢᠵᠢᠭᠤᠯᠬᠤ ᠵᠢ ᠴᠢᠨᠠᠷ ᠰᠠᠶ᠋ᠢᠲᠠᠢ ᠪᠡᠶᠡᠯᠡᠭᠦᠯᠬᠦ ᠵᠢᠨ ᠪᠣᠳᠠᠲᠠᠶ ᠦᠢ᠍ᠯᠡᠳᠦᠯᠭᠡ ᠮᠥᠨ᠃ ᠲᠠᠷᠠᠭ᠋ᠠᠴᠢ ᠵᠢᠨ ᠠᠯᠬᠤᠮ᠎ᠳᠤ᠂ ᠬᠥᠬᠡᠬᠤᠲᠠ 《ᠨᠡᠷᠡᠨ ᠬᠤᠸᠠᠷ ᠡᠴᠢᠭᠡ ᠡᠬᠡ ᠦᠷ᠎ᠡ ᠬᠡᠤᠬᠡᠳ᠎ᠤᠨ ᠵᠢᠵᠢᠭ ᠦᠷᠦᠭᠡ》᠎ᠪᠠᠷ ᠠᠴᠢᠶᠠᠯᠠᠪᠤᠷᠢ ᠪᠣᠯᠭ᠋ᠠᠵᠤ᠂ ᠦᠷᠡᠵᠢᠯ᠎ᠤᠨ ᠨᠥᠬᠦᠷᠰᠡᠭ ᠤᠬᠠᠭᠤᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠲᠦᠷᠦᠯ ᠵᠦᠢ᠍ᠯ᠎ᠢ ᠬᠡᠷᠡᠭᠵᠢᠭᠦᠯᠬᠦ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ ᠲᠤᠰ ᠪᠡᠶ᠎ᠡ ᠵᠢᠨ ᠳᠠᠪᠠᠭᠤᠯᠢᠭ ᠵᠶ᠋ᠠᠨ ᠭᠦᠢ᠍ᠴᠡᠳ ᠠᠰᠢᠭᠯᠠᠨ ᠡᠬᠢ ᠪᠠᠶᠠᠯᠢᠭ᠎ᠢ ᠨᠡᠶ᠋ᠢᠳᠬᠡᠵᠦ᠂ 《ᠪᠠᠭ᠎ᠠ ᠲᠠᠪᠴᠠᠩ᠂ ᠶᠡᠭᠡ ᠵᠢᠳᠬᠦᠯ》᠎ᠤᠨ ᠦᠢ᠍ᠯᠡᠳᠦᠯ᠎ᠢ ᠪᠠᠳᠠᠷᠠᠭᠤᠯᠵᠤ᠂ ᠨᠢᠯᠬ᠎ᠠ ᠬᠡᠦᠬᠡᠳ᠎ᠤᠨ ᠭᠡᠷ ᠪᠦᠯᠢ ᠵᠢᠨ ᠡᠷᠡᠭᠦᠯ ᠵᠶ᠋ᠠᠷ ᠪᠤᠶ᠋ᠢᠵᠢᠭᠤᠯᠬᠤ ᠲᠦᠪᠰᠢᠨ᠎ᠢ ᠳᠡᠭᠡᠭᠰᠢᠯᠡᠭᠦᠯᠵᠦ᠂ ᠬᠥᠮᠦᠨ ᠠᠮᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠢᠳᠡᠪᠬᠢᠲᠡᠢ ᠠᠬᠢᠭᠤᠯᠤᠨ᠎ᠠ᠃