ᠪᠣᠣ ᠭᠠᠩ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠵᠦ ᠾᠧ ᠬᠠᠢ ᠳ᠋ᠦᠩ ᠯᠢ ᠵᠢᠶᠦ᠋ᠩ ᠼᠦᠢ ᠵᠧᠨ ᠦ᠋ ᠣᠷᠣᠯᠴᠠᠪᠠ (ᠰᠤᠷᠪᠤᠯᠵᠢᠯᠠᠭᠴᠢ ᠶᠦᠨ ᠵᠢᠩ ᠭᠧᠩ ᠰᠢᠨ) 12 ᠳ᠋ᠤᠭ᠋ᠠᠷ ᠰᠠᠷ᠎ᠠ ᠵᠢᠨ 7᠎ᠠᠴᠠ 8᠎ᠤ ᠡᠳᠦᠷ ᠪᠣᠯᠲᠠᠯ᠎ᠠ᠂ ᠬᠤᠲᠠ ᠵᠢᠨ ᠨᠠᠮ᠎ᠤᠨ ᠬᠤᠷᠢᠶ᠎ᠠ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠣᠷᠣᠨ᠎ᠤ ᠲᠥᠪ ᠬᠤᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠢ ᠪᠥᠬᠦ ᠲᠠᠯ᠎ᠠ᠎ᠪᠠᠷ ᠲᠦᠯᠬᠢᠨ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠵᠢᠴᠢ ᠣᠨᠣᠯ ᠰᠤᠷᠤᠯᠴᠠᠬᠤ ᠭᠤᠣᠯ ᠳᠤᠭᠤᠶ᠋ᠢᠯᠠᠩ (ᠥᠷᠭᠡᠳᠬᠡᠭᠰᠡᠨ) 2024 ᠣᠨ᠎ᠤ ᠠᠷᠪᠠᠨ ᠵᠢᠷᠭᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠤᠳᠠ ᠵᠢᠨ ᠨᠠᠮ᠎ᠤᠨ ᠬᠤᠷᠢᠶ᠎ᠠ ᠵᠢᠨ ᠱᠦᠵᠢ ᠪᠦᠦ ᠭᠠᠩ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃ ᠪᠣᠣ ᠭᠠᠩ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠳᠠᠷᠠᠭ᠋ᠠᠬᠢ ᠠᠯᠢ ᠤᠯᠠᠨ ᠴᠢᠬᠤᠯᠠ ᠶᠠᠷᠢᠶᠠᠨ᠎ᠤ ᠵᠣᠷᠢᠭ ᠰᠠᠨᠠᠭ᠋ᠠᠨ᠎ᠤ ᠭᠤᠣᠯ ᠠᠭᠤᠯᠭ᠎ᠠ ᠵᠢ ᠰᠢᠰᠲ᠋ᠧᠮ᠎ᠲᠠᠢ ᠡᠮᠬᠢᠯᠡᠵᠦ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠬᠤ᠂ ᠰᠢᠨ᠎ᠡ ᠬᠡᠯᠪᠡᠷᠢ ᠵᠢᠨ ᠬᠤᠳᠠ ᠪᠠᠯᠭ᠋ᠠᠰᠤᠵᠢᠯᠳᠠ ᠵᠢ ᠠᠬᠢᠭᠤᠯᠬᠤ᠂ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ᠂ ᠳᠣᠲᠣᠭ᠋ᠠᠳᠤ ᠭᠠᠳᠠᠭ᠋ᠠᠳᠤ ᠵᠢᠨ ᠨᠡᠬᠡᠬᠡᠯᠳᠡ ᠵᠢ ᠦᠷᠭᠡᠳᠭᠡᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ᠂ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠡᠷᠭᠡ ᠠᠷᠪᠠᠨ ᠲᠠᠯ᠎ᠠ ᠵᠢᠨ ᠲᠣᠭᠤᠷᠢᠨ᠎ᠳᠤ᠂ ᠤᠯᠠᠨ᠎ᠢ ᠳᠠᠭ᠋ᠠᠭᠤᠯᠤᠨ ᠶᠡᠷᠦᠩᠬᠡᠢ ᠱᠦᠵᠢ ᠰᠢ ᠵᠢᠨ ᠫᠢᠩ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠪᠠᠶ᠋ᠢᠷᠢᠯᠠᠭᠤᠯᠤᠯᠲᠠ ᠵᠢ ᠦᠷᠭᠦᠯᠵᠢᠯᠡᠨ ᠪᠤᠲᠠᠲᠠᠶ᠋ᠢᠵᠢᠭᠤᠯᠤᠨ ᠨᠠᠶ᠋ᠢᠳᠠᠪᠤᠷᠢᠵᠢᠭᠤᠯᠵᠤ ᠵᠢ ᠠᠬᠢᠭᠤᠯᠵᠤ᠂ 《ᠬᠤᠶᠠᠷ᠎ᠢ ᠲᠤᠭᠲᠠᠭ᠋ᠠᠭᠰᠠᠨ》᠎ᠢ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠪᠣᠳᠠᠲᠤ ᠠᠵᠢᠯᠯᠠᠭ᠎ᠠ ᠳᠡᠭᠡᠷ᠎ᠡ᠎ᠪᠠᠨ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃ ᠪᠣᠣ ᠭᠠᠩ ᠪᠠᠰᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠰᠡᠳᠬᠢᠴᠡ ᠠᠷᠭ᠎ᠠ ᠬᠡᠮᠵᠢᠶ᠎ᠡ ᠵᠢ ᠡᠮᠬᠢᠯᠡᠵᠦ ᠬᠤᠷᠢᠶᠠᠩᠭᠤᠶ᠋ᠢᠯᠠᠪᠠ᠃ ᠲᠡᠷᠡ ᠬᠡᠯᠡᠬᠦ᠎ᠳᠡᠭᠡᠨ᠂ ᠣᠶ᠋ᠢᠷ᠎ᠠ ᠵᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠳᠤ ᠣᠯᠭᠤᠭᠰᠠᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠪᠠᠲᠤ ᠡᠵᠡᠮᠳᠡᠵᠦ᠂ ᠠᠯᠢ ᠣᠯᠠᠨ ᠥᠪᠥᠷ ᠮᠣᠩᠭᠤᠯ᠎ᠤᠨ ᠠᠯᠤᠰ ᠬᠡᠲᠦ ᠵᠢᠨ ᠬᠥᠭᠵᠢᠯᠲᠡ᠎ᠳᠤ ᠬᠤᠯᠪᠣᠭᠳᠠᠬᠤ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠵᠢ ᠭᠦᠨᠵᠡᠭᠡᠶ ᠲᠥᠯᠥᠪᠵᠢᠭᠦᠯᠬᠦ ᠵᠢᠨ ᠬᠠᠮᠲᠤ ᠡᠷᠴᠢᠮᠲᠡᠢ ᠠᠬᠢᠭᠤᠯᠵᠤ᠂ ᠭᠤᠤᠯᠳᠠᠭᠤ 《ᠨᠢᠭᠡ ᠭᠤᠤᠯ ᠱᠤᠭᠤᠮ》᠎ᠳᠤ ᠠᠩᠬᠠᠷᠤᠯ ᠵᠶ᠋ᠠᠨ ᠲᠥᠪᠯᠡᠷᠡᠭᠦᠯᠦᠨ᠂ 《ᠬᠤᠶᠠᠷ ᠶᠡᠭᠡ ᠶᠠᠪᠤᠳᠠᠯ》᠎ᠢ ᠲᠣᠳᠣᠷᠬᠠᠶ᠋ᠢᠯᠠᠵᠤ᠂ ᠠᠵᠤ ᠠᠬᠤᠶ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ᠎ᠤᠨ ᠤᠬᠠᠮᠰᠠᠷ ᠵᠶ᠋ᠠᠨ ᠳᠡᠭᠡᠭᠰᠢᠯᠡᠭᠦᠯᠵᠦ᠂ 《ᠲᠠᠪᠤ ᠵᠢ ᠲᠦᠢ᠍ᠯᠪᠤᠷᠢᠲᠠᠢ ᠪᠠᠶ᠋ᠢᠴᠠᠭ᠋ᠠᠬᠤ》 ᠵᠢ ᠥᠷᠨᠢᠭᠦᠯᠵᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠵᠦ᠂ 《ᠳᠤᠯᠤᠭ᠎ᠠ ᠵᠢ ᠲᠠᠶᠠᠭᠳᠠᠬᠤ》 ᠵᠢ ᠳᠤᠷᠠᠳᠴᠤ᠂ 《ᠤᠮᠠᠷᠠᠲᠤ ᠬᠢᠯᠢ ᠵᠢᠨ ᠰᠣᠶᠣᠯ》᠎ᠤᠨ ᠨᠠᠷᠠᠲᠤ ᠲᠡᠮᠳᠡᠭ᠎ᠢ ᠡᠭᠦᠳᠴᠦ᠂ 《ᠲᠥᠪ ᠬᠤᠲᠠ ᠵᠢ ᠬᠦᠴᠦᠷᠬᠡᠭᠵᠢᠭᠦᠯᠬᠦ》 ᠢᠨᠵᠧᠨᠧᠷᠢᠩ᠎ᠢ ᠬᠡᠷᠡᠭᠵᠢᠭᠦᠯᠵᠦ᠂ ᠵᠥᠪ ᠲᠠᠯ᠎ᠠ ᠵᠢᠨ ᠳᠦᠷᠢ ᠲᠥᠷᠬᠦ ᠵᠢ ᠢᠳᠡᠪᠬᠢᠲᠡᠶ ᠪᠣᠶ ᠪᠣᠯᠭ᠋ᠠᠬᠤ ᠵᠡᠷᠭᠡ ᠠᠷᠪᠠᠨ ᠲᠠᠯ᠎ᠠ᠎ᠳᠤ ᠪᠢᠳᠡ ᠡᠷᠬᠡᠪᠰᠢ ᠲᠡᠷᠡ ᠶᠣᠰᠣᠭ᠋ᠠᠷ᠎ᠨᠢ ᠰᠠᠶ᠋ᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ 《ᠰᠢᠨ᠎ᠡ ᠵᠠᠮ ᠨᠡᠭᠡᠭᠡᠵᠦ᠂ ᠳᠤᠮᠳᠠᠳᠤ ᠤᠷᠤᠰᠬᠠᠯ᠎ᠳᠤ ᠣᠷᠣᠬᠤ》᠎ᠳᠤ ᠨᠠᠩ ᠣᠯᠠᠨ ᠤᠷᠤᠨ᠎ᠤ ᠲᠥᠪ ᠬᠤᠲᠠ ᠵᠢᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠡᠶ᠃ ᠪᠣᠣ ᠭᠠᠩ ᠬᠡᠯᠡᠬᠦ᠎ᠳᠡᠭᠡᠨ᠂ ᠬᠤᠳᠠ ᠵᠢᠨ ᠠᠷᠪᠠᠨ ᠭᠤᠷᠪᠠᠳᠤᠭ᠋ᠠᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠠᠴᠠ ᠨᠠᠭ᠋ᠠᠰᠢ᠂ ᠪᠦᠬᠦ ᠬᠤᠳᠠ᠎ᠪᠠᠷ ᠵᠶ᠋ᠠᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠵᠣᠷᠢᠭᠲᠠᠢ᠎ᠪᠠᠷ ᠥᠭᠡᠷᠡᠴᠢᠯᠡᠯᠲᠡ ᠬᠢᠵᠦ᠂ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠣᠷᠣᠨ᠎ᠤ ᠲᠥᠪ ᠬᠤᠲᠠ ᠵᠢᠨ ᠠᠯᠤᠰ ᠬᠡᠳᠤ ᠵᠢᠨ ᠬᠥᠭᠵᠢᠯᠲᠡ ᠵᠢ ᠬᠢᠵᠠᠭ᠋ᠠᠷᠯᠠᠵᠤ ᠪᠠᠶ᠋ᠢᠭ᠎ᠠ ᠠᠯᠢ ᠤᠯᠠᠨ ᠲᠤᠪᠤᠶ᠋ᠢᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠪᠡ᠃ ᠨᠢᠭᠡ᠎ᠳᠤ᠂ ᠬᠠᠷᠠᠯᠲᠠ ᠵᠢᠨ ᠪᠠᠶ᠋ᠢᠷᠢ ᠲᠣᠭᠲᠠᠭ᠋ᠠᠯᠲᠠ ᠵᠢᠨ ᠠᠰᠠᠭᠤᠳᠠᠯ᠎ᠢ ᠰᠢᠢ᠍ᠳᠪᠦᠷᠢᠯᠡᠵᠦ᠂ 《ᠭᠤᠷᠪᠠᠨ ᠬᠤᠲᠠ》 ᠵᠢ ᠴᠢᠷᠮᠠᠶ᠋ᠢᠨ ᠡᠭᠦᠳᠬᠦ᠂ 《ᠵᠢᠷᠭᠤᠭ᠋ᠠᠨ ᠶᠡᠭᠡ ᠠᠵᠤ ᠦᠢ᠍ᠯᠡᠰ᠎ᠤᠨ ᠪᠥᠭᠡᠮᠨᠡᠷᠡᠯ》᠎ᠢ ᠪᠤᠶ᠋ᠢᠵᠢᠭᠤᠯᠬᠤ᠂ 《ᠳᠥᠷᠪᠡᠨ ᠶᠡᠭᠡ ᠠᠵᠤ ᠠᠬᠤᠶ ᠵᠢᠨ ᠴᠠᠭ᠋ᠠᠷᠢᠭ》᠎ᠢ ᠠᠬᠢᠭᠤᠯᠤᠨ ᠠᠭᠤᠰᠤᠯᠴᠠᠭᠤᠯᠬᠤ᠂ 《ᠲᠠᠪᠤᠨ ᠲᠣᠬᠢᠷᠠᠮᠵᠢᠲᠠᠶ》 ᠬᠤᠲᠠ ᠵᠢ ᠪᠥᠲᠥᠭᠡᠨ ᠪᠠᠶ᠋ᠢᠭᠤᠯᠬᠤ᠂ 《ᠵᠢᠷᠭᠤᠭ᠋ᠠᠨ ᠣᠷᠣᠨ ᠪᠦᠰᠡ ᠵᠢᠨ ᠲᠥᠪ》᠎ᠢ ᠴᠣᠭᠴᠠᠯᠠᠬᠤ ᠶᠡᠷᠦᠩᠬᠡᠶ ᠰᠡᠳᠬᠢᠮᠵᠢ ᠵᠢ ᠲᠣᠳᠣᠷᠬᠠᠶ ᠲᠣᠭᠲᠠᠭ᠋ᠠᠪᠠ᠃ ᠬᠤᠶᠠᠷ᠎ᠲᠤ᠂ ᠲᠥᠯᠥᠪᠵᠢᠭᠦᠯᠭᠡ ᠵᠢᠨ ᠪᠠᠶ᠋ᠢᠷᠢᠰᠢᠭᠤᠯᠤᠯᠲᠠ ᠵᠢᠨ ᠠᠰᠠᠭᠤᠳᠠᠯ᠎ᠢ ᠰᠢᠢ᠍ᠳᠪᠦᠷᠢᠯᠡᠵᠦ᠂ 《ᠨᠢᠭᠡ ᠭᠤᠣᠯ ᠨᠢᠭᠡ ᠳᠡᠳ᠋᠂ ᠨᠢᠭᠡ ᠲᠦᠪ ᠬᠤᠶᠠᠷ ᠵᠢᠭᠦᠷ》᠎ᠤᠨ ᠬᠤᠳᠠ ᠵᠢᠨ ᠣᠷᠣᠨ ᠵᠠᠢ ᠵᠢᠨ ᠪᠠᠶ᠋ᠢᠷᠢᠰᠢᠭᠤᠯᠤᠯᠲᠠ᠂ 《ᠨᠢᠭᠡ ᠬᠥᠨᠳᠡᠯᠡᠨ ᠬᠤᠶᠠᠷ ᠭᠤᠯᠳᠤ ᠳᠦᠷᠪᠡᠨ ᠲᠣᠭᠤᠷᠢᠯ ᠭᠤᠷᠪᠠᠨ ᠬᠦᠢ᠍ᠰᠦ ᠠᠷᠪᠠᠨ ᠬᠤᠶᠠᠷ ᠰᠠᠴᠤᠷᠠᠭ》 ᠵᠢᠨ ᠪᠣᠰᠤᠭ᠎ᠠ ᠴᠣᠭᠴᠠᠲᠤ ᠵᠠᠮ ᠬᠠᠷᠢᠯᠴᠠᠭ᠋ᠠᠨ᠎ᠤ ᠪᠠᠶ᠋ᠢᠷᠢᠰᠢᠭᠤᠯᠤᠯᠲᠠ᠂ 《ᠬᠤᠶᠠᠷ ᠬᠠᠯᠬᠠᠪᠴᠢ ᠲᠦᠷᠪᠡᠨ ᠪᠦᠰᠡ ᠤᠯᠠᠨ ᠴᠡᠭ》᠎ᠤᠨ ᠠᠮᠢ ᠠᠬᠤᠢ ᠵᠢᠨ ᠣᠷᠣᠨ ᠵᠠᠢ ᠵᠢᠨ ᠪᠠᠶ᠋ᠢᠷᠢᠰᠢᠭᠤᠯᠤᠯᠲᠠ᠂ 《ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ》 ᠵᠢᠨ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠪᠠᠶ᠋ᠢᠷᠢᠰᠢᠭᠤᠯᠤᠯᠲᠠ᠂ 《ᠨᠢᠭᠡ ᠲᠤᠭᠤᠷᠢᠭ ᠨᠢᠭᠡ ᠬᠦᠷᠢᠶᠡᠯᠡᠩ ᠤᠯᠠᠨ ᠲᠠᠪᠴᠠᠩ》᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠᠶ᠋ᠢᠷᠢᠰᠢᠭᠤᠯᠤᠯᠲᠠ᠂ 《ᠭᠤᠷᠪᠠᠨ ᠲᠣᠭᠤᠷᠢᠭ ᠭᠤᠷᠪᠠᠨ ᠭᠠᠷᠠᠮ ᠨᠠᠢ᠍ᠮᠠᠨ ᠲᠠᠯᠠᠪᠤᠷ》᠎ᠤᠨ ᠭᠠᠳᠠᠭ᠋ᠠᠳᠤ ᠨᠡᠭᠡᠭᠡᠯᠲᠡ ᠵᠢᠨ ᠪᠠᠶ᠋ᠢᠷᠢᠰᠢᠭᠤᠯᠤᠯᠲᠠ ᠵᠡᠷᠭᠡ ᠵᠢ ᠲᠡᠭᠦᠯᠳᠡᠷᠵᠢᠭᠦᠯᠪᠡ᠃ ᠭᠤᠷᠪᠠ᠎ᠳᠤ᠂ ᠠᠵᠤ ᠦᠢ᠍ᠯᠡᠰ᠎ᠤᠨ ᠬᠥᠭᠵᠢᠯᠲᠡ ᠵᠢᠨ ᠠᠰᠠᠭᠤᠳᠠᠯ᠎ᠢ ᠰᠢᠢ᠍ᠳᠪᠦᠷᠢᠯᠡᠵᠦ᠂ ᠠᠵᠤ ᠦᠢ᠍ᠯᠡᠳᠪᠦᠷᠢ ᠵᠢᠨ ᠠᠵᠤ ᠠᠬᠤᠢ᠂ ᠪᠣᠳᠠᠲᠤ ᠴᠣᠭᠴᠠ ᠵᠢᠨ ᠠᠵᠤ ᠠᠬᠤᠢ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢ ᠶᠡᠬᠡᠪᠡᠷ ᠠᠳᠬᠤᠬᠤ ᠵᠢ ᠭᠤᠶ᠋ᠢᠪᠢᠰᠢ ᠦᠭᠡᠢ ᠪᠠᠷᠢᠮᠲᠠᠯᠠᠵᠤ᠂ 3 ᠵᠢᠯ ᠳᠠᠷᠠᠭ᠋ᠠᠯᠠᠨ ᠭᠤᠣᠯᠳᠠᠯᠭ᠎ᠠ᠎ᠲᠠᠢ ᠲᠦᠷᠦᠯ ᠵᠦᠢ᠍ᠯ᠎ᠤᠨ 《ᠬᠤᠣᠰ ᠨᠢᠭᠡ ᠮᠢᠩᠭ᠎ᠠ》 ᠵᠢᠨ ᠢᠨᠵᠧᠨᠧᠷᠢᠩ᠎ᠢ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢ᠍ᠯᠡᠰ᠎ᠢ ᠲᠡᠰ ᠳᠡᠪᠰᠢᠭᠦᠯᠦᠨ ᠥᠭᠡᠷᠡᠴᠢᠯᠡᠵᠦ᠂ ᠰᠢᠨ᠎ᠡ᠎ᠪᠠᠷ ᠭᠦᠭᠵᠢᠭᠰᠡᠨ ᠠᠵᠤ ᠦᠢ᠍ᠯᠡᠰ᠎ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠬᠢᠮᠡᠯ ᠤᠶᠤᠨ᠂ ᠨᠡᠶ᠋ᠢᠯᠡᠯᠭᠡ ᠠᠮᠢᠳᠤ ᠪᠣᠳᠠᠰ᠂ ᠳᠣᠣᠷ᠎ᠠ ᠤᠭᠲᠠᠷᠭᠤᠢ ᠵᠢᠨ ᠠᠵᠤ ᠠᠬᠤᠢ᠂ ᠳᠣᠬᠢᠭᠤᠷ ᠳᠣᠯᠣᠭ᠋ᠠᠨ ᠣᠳᠣᠨ ᠵᠠᠮᠴᠢᠯᠠᠭᠤᠷ᠂ ᠬᠤᠳᠠᠯᠳᠤᠭ᠋ᠠᠨ᠎ᠤ ᠰᠠᠨᠰᠠᠷ᠎ᠤᠨ ᠠᠶᠠᠯᠠᠯ ᠵᠡᠷᠭᠡ ᠢᠷᠡᠭᠡᠳᠦᠢ ᠵᠢᠨ ᠠᠵᠤ ᠦᠢ᠍ᠯᠡᠰ᠎ᠢ ᠤᠷᠢᠳᠴᠢᠯᠠᠨ ᠪᠠᠶ᠋ᠢᠷᠢᠰᠢᠭᠤᠯᠵᠤ᠂ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠵᠤ᠂ ᠣᠷᠣᠨ᠎ᠤ ᠲᠥᠪ ᠬᠤᠲᠠ ᠵᠢᠨ ᠣᠨᠴᠠᠯᠢᠭ᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠠᠯᠬᠤᠮ ᠠᠯᠬᠤᠮ ᠵᠶ᠋ᠠᠷ ᠪᠠᠶ᠋ᠢᠭᠤᠯᠪᠠ᠃ ᠲᠦᠷᠪᠡ᠎ᠳᠤ᠂ ᠬᠥᠮᠦᠨ ᠠᠮᠠ ᠵᠢ ᠲᠥᠪᠯᠡᠷᠡᠭᠦᠯᠬᠦ ᠠᠰᠠᠭᠤᠳᠠᠯ᠎ᠢ ᠰᠢᠢ᠍ᠳᠪᠦᠷᠢᠯᠡᠵᠦ᠂ ᠤᠳᠤ ᠦᠶ᠎ᠡ ᠵᠢᠨ ᠠᠵᠤ ᠦᠢ᠍ᠯᠡᠰ᠎ᠲᠤ ᠲᠦᠰᠢᠭᠯᠡᠨ ᠬᠥᠮᠦᠨ᠎ᠢ ᠲᠥᠪᠯᠡᠷᠡᠭᠦᠯᠬᠦ᠂ ᠰᠤᠷᠭ᠋ᠠᠨ ᠬᠥᠮᠦᠵᠢᠯ ᠡᠮᠴᠢᠯᠡᠭᠡ᠎ᠳᠤ ᠲᠦᠰᠢᠭᠯᠡᠨ ᠬᠥᠮᠦᠨ᠎ᠢ ᠲᠥᠪᠯᠡᠷᠡᠭᠦᠯᠬᠦ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠣᠷᠴᠢᠨ ᠲᠣᠭᠤᠷᠢᠨ᠎ᠳᠤ ᠲᠦᠰᠢᠭᠯᠡᠨ ᠬᠥᠮᠦᠨ᠎ᠢ ᠲᠥᠪᠯᠡᠷᠡᠭᠦᠯᠬᠦ ᠵᠢ ᠪᠠᠷᠢᠮᠲᠠᠯᠠᠵᠤ᠂ ᠬᠥᠮᠦᠨ ᠠᠮᠠ ᠵᠢᠨ ᠲᠠᠲᠠᠬᠤ ᠬᠦᠴᠦᠨ᠎ᠢ ᠦᠷᠭᠦᠯᠵᠢᠯᠡᠨ ᠳᠡᠭᠡᠭᠰᠢᠯᠡᠭᠦᠯᠪᠡ᠃ ᠲᠠᠪᠤ᠎ᠳᠤ᠂ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠰᠢᠢ᠍ᠳᠪᠦᠷᠢᠯᠡᠵᠦ᠂ ᠡᠬᠢ ᠪᠠᠶᠠᠯᠢᠭ ᠠᠰᠢᠭᠯᠠᠭᠳᠠᠭ᠎ᠠ ᠦᠭᠡᠢ᠂ ᠬᠤᠳᠠ ᠵᠢᠨ ᠵᠠᠮ ᠨᠡᠪᠲᠡᠷᠡᠯᠭᠡ ᠵᠢᠨ ᠲᠣᠣᠷ᠎ᠤᠨ ᠨᠢᠭᠲᠠᠴᠠ ᠳᠣᠣᠷ᠎ᠠ᠂ ᠵᠠᠩᠭᠢᠯᠠᠭ᠎ᠠ ᠵᠢᠨ ᠴᠡᠭ᠎ᠲᠤ ᠵᠦᠷᠢᠯᠢᠭ ᠲᠥᠬᠦᠭᠡᠷᠦᠮᠵᠢ ᠳᠤᠲᠠᠮᠠᠭ᠂ 《ᠮᠤᠬᠤᠷ ᠵᠠᠮ》 ᠤᠯᠠᠨ ᠵᠢᠴᠢ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠡᠵᠡᠩᠨᠡᠯᠲᠡ ᠬᠠᠮᠢᠶᠠᠷᠤᠯᠲᠠ ᠵᠢᠨ ᠲᠦᠪᠰᠢᠨ ᠳᠣᠣᠷ᠎ᠠ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠵᠦᠢ᠍ᠯᠡᠰ ᠤᠯᠠᠨ ᠵᠡᠷᠭᠡ ᠲᠠᠯ᠎ᠠ ᠵᠢᠨ ᠠᠰᠠᠭᠤᠳᠠᠯ᠎ᠳᠤ ᠴᠢᠭᠯᠡᠭᠦᠯᠦᠨ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠠᠵᠢᠯᠯᠠᠵᠤ᠂ ᠨᠢᠭᠡ ᠪᠦᠯᠦᠭ ᠤᠯᠠᠨ ᠲᠦᠮᠡᠨ᠎ᠳᠤ ᠠᠰᠢᠭ ᠬᠦᠷᠲᠡᠭᠡᠬᠦ ᠶᠠᠪᠤᠳᠠᠯ᠎ᠢ ᠦᠨᠡᠨ ᠪᠣᠳᠠᠲᠠᠢ ᠪᠡᠶᠡᠯᠡᠭᠦᠯᠪᠡ᠃ ᠵᠢᠷᠭᠤᠭ᠎ᠠ᠎ᠳᠤ᠂ ᠺᠠᠳ᠋ᠷ᠎ᠤᠨ ᠡᠩᠨᠡᠭᠡᠨ᠎ᠤ ᠠᠰᠠᠭᠤᠳᠠᠯ᠎ᠢ ᠰᠢᠢ᠍ᠳᠪᠦᠷᠢᠯᠡᠵᠦ᠂ ᠺᠠᠳ᠋ᠷ᠎ᠤᠨ ᠲᠠᠪᠰᠢᠵᠤ ᠪᠠᠭᠤᠵᠤ ᠪᠦᠷ ᠪᠣᠯᠬᠤ ᠪᠠᠶ᠋ᠢᠩᠭᠤᠵᠢᠭᠰᠠᠨ ᠲᠣᠭᠲᠠᠴᠠ ᠵᠢ ᠪᠠᠶ᠋ᠢᠭᠤᠯᠵᠤ᠂ 《ᠭᠤᠷᠪᠠ ᠵᠢ ᠢᠯᠭ᠋ᠠᠬᠤ》 ᠵᠢ ᠨᠠᠶ᠋ᠢᠳᠠᠪᠤᠷᠢᠵᠢᠭᠤᠯᠵᠤ᠂ ᠢᠯᠡ ᠲᠣᠳᠣ ᠤᠳᠤᠷᠢᠳᠤᠮᠵᠢ᠎ᠪᠠᠷ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠤᠷᠮᠠᠰᠢᠭᠤᠯᠤᠨ ᠵᠤᠷᠢᠭᠵᠢᠭᠤᠯᠪᠠ ᠭᠡᠵᠡᠢ᠃ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠳᠠᠭᠤᠰᠤᠭᠰᠠᠨ᠎ᠤ ᠲᠠᠷᠠᠭ᠎ᠠ᠂ ᠾᠧ ᠬᠠᠢ ᠳ᠋ᠦᠩ᠂ ᠯᠢ ᠵᠢᠶᠦ᠋ᠩ᠂ ᠼᠦᠢ ᠵᠧᠨ ᠡᠦ᠂ ᠰᠦᠨ ᠬᠤᠤ ᠬᠤᠳᠠ ᠵᠢᠨ ᠲᠦᠷᠪᠡᠨ ᠶᠡᠭᠡ ᠪᠠᠭ᠎ᠢ ᠲᠥᠯᠥᠭᠡᠯᠡᠨ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠰᠡᠳᠬᠢᠴᠡ ᠠᠷᠭ᠎ᠠ ᠬᠡᠮᠵᠢᠶ᠎ᠡ ᠵᠢ ᠬᠠᠷᠢᠭᠤ ᠮᠡᠳᠡᠭᠦᠯᠪᠡ᠃ ᠪᠣᠣ ᠭᠠᠩ ᠴᠢᠬᠤᠯᠠᠴᠢᠯᠠᠬᠤ᠎ᠳᠠᠭᠠᠨ᠂ ᠣᠷᠣᠨ᠎ᠤ ᠲᠥᠪ ᠬᠤᠲᠠ ᠵᠢᠨ ᠡᠯ᠎ᠡ ᠵᠦᠢ᠍ᠯ᠎ᠤᠨ ᠠᠵᠢᠯ ᠦᠢ᠍ᠯᠡᠰ ᠪᠣᠯ ᠥᠭᠡᠷᠡᠴᠢᠯᠡᠯᠲᠡ ᠵᠢᠨ ᠳᠤᠮᠳᠠ ᠲᠠᠰᠤᠷᠠᠯᠲᠠ ᠦᠭᠡᠢ ᠠᠬᠢᠳᠠᠭ᠂ ᠥᠭᠡᠷᠡᠴᠢᠯᠡᠯᠲᠡ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠬᠢᠵᠠᠭ᠋ᠠᠷᠯᠠᠵᠤ ᠪᠠᠶ᠋ᠢᠭ᠎ᠠ ᠬᠦᠴᠢᠷ ᠠᠰᠠᠭᠤᠳᠠᠯ᠎ᠢ ᠦᠷᠭᠦᠯᠵᠢᠯᠡᠨ ᠰᠢᠢ᠍ᠳᠪᠦᠷᠢᠯᠡᠵᠦ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠣᠷᠣᠨ᠎ᠤ ᠲᠥᠪ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ᠃ ᠰᠢᠰᠲ᠋ᠧᠮ᠎ᠲᠠᠢ᠎ᠪᠠᠷ ᠥᠭᠡᠷᠡᠴᠢᠯᠡᠯᠲᠡ ᠵᠢ ᠰᠦᠪᠡᠭᠴᠢᠯᠡᠬᠦ ᠵᠢ ᠪᠠᠷᠢᠮᠲᠠᠯᠠᠵᠤ᠂ ᠣᠷᠣᠨ᠎ᠤ ᠲᠥᠪ ᠬᠤᠲᠠ ᠵᠢᠨ ᠢᠷᠡᠭᠡᠳᠦᠢ ᠵᠢᠨ ᠬᠥᠭᠵᠢᠯᠲᠡ ᠵᠢ ᠪᠣᠳᠣᠯᠬᠢᠯᠠᠵᠤ᠂ ᠥᠭᠡᠷᠡᠴᠢᠯᠡᠯᠲᠡ ᠵᠢᠨ ᠲᠥᠯᠦᠪᠵᠢᠭᠦᠯᠭᠡ ᠵᠢᠨ ᠪᠠᠷᠠᠭ᠋ᠠᠯᠬᠢᠯᠠᠯᠲᠤ ᠴᠢᠨᠠᠷ᠂ ᠵᠣᠬᠢᠴᠠᠩᠭᠤᠢ ᠴᠢᠨᠠᠷ᠂ ᠪᠦᠬᠦᠯᠢ ᠴᠣᠭᠴᠠᠲᠤ ᠴᠢᠨᠠᠷ᠂ 《ᠠᠷᠪᠠᠨ ᠬᠤᠷᠤᠭᠤ᠎ᠪᠠᠷ ᠲᠡᠭᠦᠯᠳᠡᠷ ᠬᠤᠭᠤᠷ ᠳᠠᠷᠤᠬᠤ》 ᠵᠢ ᠴᠢᠩᠭ᠋ᠠᠳᠬᠠᠵᠤ᠂ ᠥᠭᠡᠷᠡᠴᠢᠯᠡᠯᠲᠡ ᠵᠢᠨ ᠪᠦᠬᠦᠯᠢ ᠴᠣᠭᠴᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ ᠥᠭᠡᠷᠡᠴᠢᠯᠡᠯᠲᠡ ᠵᠢ ᠠᠬᠢᠭᠤᠯᠬᠤ ᠵᠢ ᠪᠠᠷᠢᠮᠲᠠᠯᠠᠵᠤ᠂ ᠠᠵᠢᠯ᠎ᠤᠨ ᠭᠤᠣᠯ ᠰᠢᠵᠢᠮ᠎ᠳᠤ ᠠᠩᠬᠠᠷᠤᠯ ᠵᠶ᠋ᠠᠨ ᠲᠥᠪᠯᠡᠷᠡᠭᠦᠯᠦᠨ 《ᠬᠤᠶᠠᠷ ᠶᠡᠭᠡ ᠶᠠᠪᠤᠳᠠᠯ》᠎ᠢ ᠰᠠᠶ᠋ᠢᠲᠤᠷ ᠬᠢᠵᠦ᠂ ᠰᠢᠨ᠎ᠡ ᠵᠢ ᠡᠭᠦᠳᠬᠦ ᠤᠬᠠᠮᠰᠠᠷ ᠵᠶ᠋ᠠᠨ ᠬᠦᠴᠦᠯᠡᠨ ᠳᠡᠭᠡᠭᠰᠢᠯᠡᠭᠦᠯᠵᠦ᠂ ᠲᠦᠷᠢᠮ᠎ᠤᠨ ᠰᠢᠨ᠎ᠡ ᠵᠢ ᠡᠭᠦᠳᠬᠦ ᠵᠢ ᠶᠡᠭᠡ᠎ᠪᠠᠷ ᠠᠬᠢᠭᠤᠯᠵᠤ᠂ ᠰᠢᠨ᠎ᠡ ᠵᠢ ᠡᠭᠦᠳᠬᠦ ᠣᠷᠴᠢᠨ ᠲᠣᠭᠤᠷᠢᠨ᠎ᠢ ᠢᠳᠡᠪᠬᠢᠲᠡᠢ ᠪᠤᠢ ᠪᠣᠯᠭ᠋ᠠᠬᠤ ᠬᠡᠷᠡᠭᠲᠡᠢ᠃ ᠬᠦᠴᠢᠷ᠎ᠢ ᠲᠤᠭᠤᠯᠤᠨ ᠪᠡᠷᠬᠡ ᠵᠢ ᠳᠠᠪᠠᠵᠤ ᠥᠭᠡᠷᠡᠴᠢᠯᠡᠯᠲᠡ ᠵᠢ ᠠᠬᠢᠭᠤᠯᠬᠤ ᠵᠢ ᠪᠠᠷᠢᠮᠲᠠᠯᠠᠵᠤ᠂ 《ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ》 ᠭᠡᠬᠦ ᠤᠬᠠᠮᠰᠠᠷ᠎ᠢ ᠴᠢᠩᠭ᠋ᠠᠳᠬᠠᠵᠤ᠂ 《ᠬᠠᠭᠤᠴᠢᠨ ᠲᠠᠩᠰᠠ》 ᠵᠢ ᠲᠣᠳᠣᠷᠬᠠᠶ ᠪᠣᠯᠭ᠋ᠠᠬᠤ᠂ 《ᠰᠢᠨ᠎ᠡ ᠲᠠᠩᠰᠠ》 ᠦᠯᠡᠳᠡᠭᠡᠬᠦ ᠦᠭᠡᠢ ᠬᠠᠷᠢᠭᠤᠴᠠᠯᠭ᠎ᠠ᠎ᠲᠠᠢ ᠪᠠᠶ᠋ᠢᠵᠦ᠂ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠂ ᠭᠠᠳᠠᠭ᠋ᠠᠳᠤ ᠨᠡᠬᠡᠬᠡᠯᠳᠡ ᠵᠡᠷᠭᠡ ᠬᠦᠷᠢᠶᠡᠨ᠎ᠤ ᠲᠦᠭᠵᠢᠷᠡᠯ᠎ᠤᠨ ᠴᠡᠭ ᠵᠢᠴᠢ ᠵᠠᠬ᠎ᠠ ᠳᠡᠯᠭᠡᠭᠦᠷᠴᠢᠯᠡᠭᠰᠡᠨ ᠥᠷᠢᠰᠥᠯᠳᠦᠭᠡᠨ᠎ᠢ ᠨᠥᠯᠥᠭᠡᠯᠡᠬᠦ᠂ ᠬᠥᠮᠦᠨ ᠠᠮᠠ ᠵᠢ ᠲᠥᠪᠯᠡᠷᠡᠭᠦᠯᠬᠦ ᠵᠢ ᠬᠢᠵᠠᠭ᠋ᠠᠷᠯᠠᠬᠤ᠂ ᠬᠤᠳᠠ ᠵᠢᠨ ᠬᠠᠮᠢᠶᠠᠷᠤᠯᠲᠠ ᠵᠡᠷᠭᠡ ᠲᠠᠯ᠎ᠠ ᠵᠢᠨ ᠬᠦᠴᠢᠷ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠥᠭᠡᠷᠡᠴᠢᠯᠡᠯᠲᠡ ᠵᠢᠨ ᠪᠣᠳᠠᠲᠤ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ ᠪᠠᠶ᠋ᠢᠭ᠋ᠠᠳ ᠥᠭᠡᠷᠡᠴᠢᠯᠡᠯᠲᠡ ᠵᠢ ᠠᠳᠬᠤᠬᠤ ᠵᠢ ᠪᠠᠷᠢᠮᠲᠠᠯᠠᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷ ᠥᠭᠡᠷᠡᠴᠢᠯᠡᠯᠲᠡ ᠵᠢ ᠴᠢᠩᠭ᠎ᠠ ᠠᠳᠬᠤᠵᠤ᠂ ᠡᠩ᠎ᠤᠨ ᠠᠵᠢᠯ᠎ᠢ ᠥᠭᠡᠷᠡᠴᠢᠯᠡᠯᠲᠡ ᠵᠢᠨ ᠠᠵᠢᠯ᠎ᠲᠠᠢ ᠠᠳᠠᠯᠢ᠎ᠪᠠᠷ ᠦᠵᠡᠬᠦ ᠦᠭᠡᠢ ᠪᠠᠶ᠋ᠢᠵᠤ᠂ ᠬᠡᠯᠪᠡᠷᠢᠴᠢ ᠦᠵᠡᠯ ᠪᠠ ᠬᠠᠭᠤᠷᠮᠠᠭ ᠥᠭᠡᠷᠡᠴᠢᠯᠡᠯᠲᠡ ᠬᠢᠬᠦ ᠦᠭᠡᠢ ᠪᠠᠶ᠋ᠢᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢ ᠦᠨᠡᠨ ᠬᠦ᠌ ᠪᠡᠶᠡᠯᠡᠭᠦᠯᠵᠦ᠂ ᠪᠣᠳᠠᠲᠤ ᠠᠮᠵᠢᠯᠲᠠ ᠪᠠ ᠠᠷᠠᠳ ᠤᠯᠠᠨ᠎ᠤ ᠬᠠᠨᠤᠮᠵᠢ ᠵᠢᠨ ᠬᠡᠮᠵᠢᠶ᠎ᠡ᠎ᠪᠠᠷ ᠥᠭᠡᠷᠡᠴᠢᠯᠡᠯᠲᠡ ᠵᠢᠨ ᠦᠷ᠎ᠡ ᠪᠦᠲᠦᠮᠵᠢ ᠵᠢ ᠰᠢᠯᠭ᠋ᠠᠬᠤ ᠬᠡᠷᠡᠭᠲᠡᠢ ᠭᠡᠪᠡ᠃ ᠪᠦᠬᠦ ᠬᠤᠳᠠ ᠵᠢᠨ ᠳᠡᠳ᠋ ᠲᠢᠩᠬᠢᠮ᠎ᠤᠨ ᠲᠡᠰ᠎ᠠᠴᠠ ᠳᠡᠭᠡᠭᠰᠢᠬᠢ ᠤᠳᠤᠷᠢᠳᠬᠤ ᠨᠥᠬᠦᠳ᠂ ᠬᠤᠳᠠ ᠵᠢᠨ ᠡᠯ᠎ᠡ ᠰᠠᠯᠠᠭ᠎ᠠ ᠮᠥᠴᠢᠷ᠂ ᠨᠢᠭᠡᠴᠢ ᠵᠢᠨ ᠭᠤᠣᠯ ᠬᠠᠷᠢᠭᠤᠴᠠᠯᠭ᠋ᠠᠲᠠᠨ ᠭᠤᠣᠯ ᠬᠤᠷᠠᠯ᠎ᠤᠨ ᠲᠠᠯᠠᠪᠠᠶ᠎ᠳᠤ ᠰᠤᠷᠤᠯᠴᠠᠯᠭ᠎ᠠ᠎ᠳᠤ ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠲᠤ ᠬᠤᠪᠢᠶᠠᠷᠢ ᠬᠤᠷᠠᠯ᠎ᠤᠨ ᠲᠠᠯᠠᠪᠠᠶ ᠭᠠᠷᠭ᠋ᠠᠪᠠ᠃