ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠬᠥᠬᠡᠬᠤᠲᠠ 365.82 ᠲᠦᠮᠡᠨ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄ 2024-10-09


 

   (ᠰᠤᠷᠪᠤᠯᠵᠢᠯᠠᠭᠴᠢ ᠯᠢᠦ ᠯᠢ ᠰᠢᠶᠠ) 10 ᠳ᠋ᠤᠭ᠋ᠠᠷ ᠰᠠᠷ᠎ᠠ ᠵᠢᠨ 8᠎ᠤ ᠡᠳᠦᠷ᠂ ᠰᠤᠷᠪᠤᠯᠵᠢᠯᠠᠭᠴᠢ ᠬᠤᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠣᠶ᠋ᠢᠯᠠᠭ᠋ᠠᠭᠰᠠᠨ᠎ᠨᠢ᠂ ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠬᠥᠬᠡᠬᠤᠲᠠ 365.82 ᠲᠦᠮᠡᠨ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠢ ᠭᠥᠯᠢᠶᠡᠨ ᠠᠪᠴᠤ᠂ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠤᠨ ᠶᠡᠷᠦᠩᠬᠡᠢ ᠵᠠᠷᠤᠳᠠᠯ᠎ᠢ 26.04 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠲᠠᠨᠢᠯᠴᠠᠭᠤᠯᠤᠭᠰᠠᠨ ᠵᠶ᠋ᠠᠷ᠂ ᠬᠠᠷᠢᠴᠠᠭᠤᠯᠵᠤ ᠪᠣᠯᠬᠤ ᠲᠠᠯ᠎ᠠ᠎ᠪᠠᠷ (2023 ᠣᠨ᠎ᠤ ᠨᠠᠢ᠍ᠮᠠᠨ ᠰᠠᠷ᠎ᠠ ᠵᠢᠨ ᠲᠡᠷᠭᠡᠯ ᠪᠠᠶᠠᠷ ᠪᠣᠯᠣᠨ ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭ᠎ᠠ ᠨᠡᠶ᠋ᠢᠯᠡᠭᠡᠳ ᠨᠡᠶ᠋ᠢᠲᠡ 8 ᠡᠳᠦᠷ᠂ 2024 ᠣᠨ᠎ᠤ ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭ᠎ᠠ ᠨᠡᠶ᠋ᠢᠲᠡ 7 ᠡᠳᠦᠷ ᠪᠣᠯᠣᠨ᠎ᠠ᠂ ᠬᠠᠷᠢᠴᠠᠭᠤᠯᠵᠤ ᠪᠣᠯᠬᠤ ᠲᠠᠯ᠎ᠠ᠎ᠪᠠᠷ ᠲᠥᠰᠥᠭᠡᠯᠡᠨ ᠪᠤᠳᠤᠬᠤ ᠠᠷᠭ᠎ᠠ ᠪᠣᠯ 2023 ᠣᠨ᠎ᠤ ᠨᠠᠢ᠍ᠮᠠᠨ ᠰᠠᠷ᠎ᠠ ᠵᠢᠨ ᠲᠡᠷᠭᠡᠯ ᠪᠠᠶᠠᠷ᠎ᠤᠨ ᠲᠤᠬᠠᠢ ᠵᠢᠨ ᠡᠳᠦᠷ᠎ᠤᠨ ᠲᠤᠭ᠎ᠠ ᠪᠠᠷᠢᠮᠲᠠ ᠵᠢ ᠬᠠᠰᠣᠵᠣ᠂ 2024 ᠣᠨ᠎ᠤ 7 ᠡᠳᠦᠷ᠎ᠤᠨ ᠲᠤᠭ᠎ᠠ ᠪᠠᠷᠢᠮᠲᠠ᠎ᠲᠠᠢ ᠬᠠᠷᠢᠴᠠᠭᠤᠯᠪᠠ)᠂ 2024 ᠣᠨ᠎ᠤ ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠬᠥᠬᠡᠬᠤᠲᠠ 365.82 ᠲᠦᠮᠡᠨ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 11.6%᠎ᠪᠠᠷ ᠨᠡᠮᠡᠭᠳᠡᠪᠡ; ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠤᠨ ᠶᠡᠷᠦᠩᠬᠡᠢ ᠵᠠᠷᠤᠳᠠᠯ 26.04 ᠳ᠋ᠦᠩᠰᠢᠭᠤᠷ ᠲᠥᠭᠦᠷᠢᠭ᠎ᠲᠤ ᠬᠦᠷᠴᠦ᠂ ᠬᠠᠷᠢᠴᠠᠭᠤᠯᠵᠤ ᠪᠣᠯᠬᠤ ᠲᠠᠯ᠎ᠠ᠎ᠪᠠᠷ (ᠳᠡᠭᠡᠷᠡᠬᠢ ᠠᠷᠭ᠎ᠠ᠎ᠲᠠᠢ ᠠᠳᠠᠯᠢ) ᠠᠳᠠᠯᠢ ᠬᠤᠭᠤᠴᠠᠭ᠋ᠠᠨ᠎ᠤ᠎ᠬᠢ᠎ᠠᠴᠠ 10.06%᠎ᠪᠠᠷ ᠨᠡᠮᠡᠭᠳᠡᠪᠡ᠃

 

ᠢᠷᠡᠯᠲᠡ᠄ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠣᠣ ᠭᠠᠩ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠳᠡᠳ᠋ ᠳᠠᠷᠤᠭ᠎ᠠ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶᠠᠨ ᠳᠠᠷᠤᠭ᠎ᠠ ᠯᠢ ᠴᠢᠶᠦ᠋ᠨ᠎ᠲᠠᠢ ᠵᠣᠯᠭ᠋ᠠᠪᠠ
ᠪᠣᠣ ᠭᠠᠩ ᠲᠤᠰᠬᠠᠢ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ ᠮᠠᠨ᠎ᠤ ᠬᠤᠳᠠ ᠵᠢᠨ 《ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ》 ᠵᠢᠨ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠪᠠᠶ᠋ᠢᠷᠢᠰᠢᠯ᠎ᠢ ᠲᠡᠭᠦᠯᠳᠡᠷᠵᠢᠭᠦᠯᠦᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ ᠾᠧ ᠬᠠᠢ ᠳ᠋ᠦᠩ ᠣᠷᠣᠯᠴᠠᠵᠠᠢ
ᠪᠣᠣ ᠭᠠᠩ ᠴᠢᠩ ᠱᠦᠢ ᠾᠧ ᠰᠢᠶᠠᠨ ᠬᠤᠷᠢᠨᠭᠡᠷ ᠰᠢᠶᠠᠨ᠎ᠳᠤ ᠪᠠᠶ᠋ᠢᠴᠠᠭ᠋ᠠᠨ ᠰᠤᠳᠤᠯᠤᠯᠲᠠ ᠬᠢᠬᠦ᠎ᠳᠡᠭᠡᠨ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠶᠡᠭᠡ ᠶᠠᠪᠤᠳᠠᠯ᠎ᠢ ᠤᠷᠳᠤ ᠬᠤᠭᠤᠴᠠᠭ᠎ᠠ᠎ᠪᠠᠷ ᠰᠠᠶ᠋ᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ
ᠬᠥᠬᠡᠬᠤᠲᠠ 《ᠣᠯᠠᠨ ᠤᠯᠤᠰ᠎ᠤᠨ ᠨᠥᠬᠦᠷᠰᠡᠭ ᠬᠤᠲᠠ ᠵᠢᠨ ᠭᠠᠷᠮᠠᠭ᠋ᠠᠶ ᠬᠤᠪᠢ ᠨᠡᠮᠡᠷᠢ ᠦᠵᠡᠭᠦᠯᠦᠭᠰᠡᠨ ᠱᠠᠩᠨᠠᠯ》᠎ᠢ ᠬᠦᠷᠲᠡᠪᠡ
ᠳᠤᠮᠳᠠᠳᠤ ᠤᠯᠤᠰ᠎ᠤᠨ ᠬᠥᠬᠡᠬᠤᠲᠠ ᠮᠣᠩᠭᠤᠯ ᠤᠯᠤᠰ᠎ᠤᠨ ᠤᠯᠠᠭ᠋ᠠᠨᠪᠠᠭ᠋ᠠᠲᠤᠷ ᠬᠤᠲᠠ᠎ᠲᠠᠢ ᠨᠥᠬᠦᠷᠰᠡᠭ ᠬᠠᠷᠢᠯᠴᠠᠭ᠋ᠠᠨ᠎ᠤ ᠦᠯᠢᠭᠡᠷ ᠵᠢᠱ᠌ᠢᠶ᠎ᠡ ᠵᠢᠨ ᠰᠠᠨᠠᠮᠵᠢ ᠪᠢᠴᠢᠭ᠎ᠲᠤ ᠭᠠᠷ᠎ᠤᠨ ᠥᠰᠥᠭ ᠵᠢᠷᠤᠪᠠ
 
            