(ᠰᠤᠷᠪᠤᠯᠵᠢᠯᠠᠭᠴᠢ ᠶᠦᠨ ᠵᠢᠩ) 11 ᠳ᠋ᠦ᠍ᠭᠡᠷ ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠤᠲᠠ ᠵᠢᠨ ᠨᠠᠮ᠎ᠤᠨ ᠬᠤᠷᠢᠶ᠎ᠠ ᠵᠢᠨ ᠱᠦᠵᠢ ᠪᠦᠦ ᠭᠠᠩ ᠴᠢᠩ ᠱᠦᠢ ᠾᠧ ᠰᠢᠶᠠᠨ᠂ ᠬᠤᠷᠢᠨᠭᠡᠷ ᠰᠢᠶᠠᠨ᠎ᠳᠤ ᠬᠦᠷᠴᠦ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠴᠢᠨᠠᠷ ᠰᠠᠶ᠋ᠢᠲᠠᠢ ᠬᠥᠭᠵᠢᠭᠦᠯᠬᠦ ᠠᠵᠢᠯ᠎ᠢ ᠪᠠᠶ᠋ᠢᠴᠠᠭ᠋ᠠᠨ ᠰᠤᠳᠤᠯᠪᠠ᠃ ᠴᠢᠩ ᠱᠦᠢ ᠡᡁᠧ ᠰᠢᠶᠠᠨ᠎ᠳᠤ᠂ ᠪᠣᠣ ᠭᠠᠩ ᠯᠣᠣ ᠨᠢᠦ ᠸᠠᠨ᠎ᠤ ᠬᠠᠳᠤᠨ ᠭᠤᠣᠯ᠎ᠤᠨ ᠶᠡᠭᠡ ᠬᠠᠪᠴᠢᠯ᠎ᠤᠨ 5A ᠳᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠡᠭᠦᠳᠦᠨ ᠪᠠᠶ᠋ᠢᠭᠤᠯᠬᠤ ᠠᠵᠢᠯ᠎ᠢ ᠭᠤᠣᠯᠳᠠᠯᠭ᠎ᠠ᠎ᠲᠠᠢ ᠪᠠᠶ᠋ᠢᠴᠠᠭ᠋ᠠᠨ ᠰᠤᠳᠤᠯᠵᠤ᠂ ᠴᠧᠩ ᠸᠠᠨ ᠭᠠᠷᠠᠮ᠂ ᠯᠣᠣ ᠨᠢᠦ ᠸᠠᠨ ᠬᠡᠰᠡᠭ ᠣᠷᠣᠨ᠂ ᠵᠢᠭᠤᠯᠴᠢᠯᠠᠭᠴᠢᠳ᠎ᠤᠨ ᠦᠢ᠍ᠯᠡᠴᠢᠯᠡᠭᠡᠨ᠎ᠤ ᠲᠥᠪ᠎ᠤᠨ ᠡᠵᠡᠩᠨᠡᠯᠲᠡ ᠵᠢᠴᠢ ᠲᠡᠦᠬᠡ ᠰᠣᠶᠣᠯ᠎ᠤᠨ ᠦᠵᠡᠭᠦᠯᠭᠡ ᠵᠡᠷᠭᠡ ᠵᠢ ᠪᠠᠶ᠋ᠢᠴᠠᠭ᠋ᠠᠨ ᠦᠵᠡᠪᠡ᠃ ᠲᠡᠷᠡ ᠬᠡᠯᠡᠬᠦ᠎ᠳᠡᠭᠡᠨ᠂ ᠯᠣᠣ ᠨᠢᠤ ᠸᠠᠨ᠎ᠤ ᠬᠠᠲᠤᠨ ᠭᠤᠤᠯ᠎ᠤᠨ ᠶᠡᠭᠡ ᠬᠠᠪᠴᠢᠯ᠎ᠤᠨ 5A ᠲᠠᠰ᠎ᠤᠨ ᠦᠵᠡᠮᠵᠢ ᠵᠢᠨ ᠣᠷᠣᠨ᠎ᠢ ᠪᠠᠶ᠋ᠢᠭᠤᠯᠬᠤ ᠵᠢ ᠳᠥᠯᠭᠢᠨ ᠠᠬᠢᠭᠤᠯᠬᠤ ᠪᠣᠯ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠴᠢᠨᠠᠷ ᠰᠠᠶ᠋ᠢᠲᠠᠶ ᠬᠥᠭᠵᠢᠭᠦᠯᠬᠦ ᠪᠣᠳᠠᠲᠠᠶ ᠠᠵᠢᠯᠯᠠᠭ᠎ᠠ ᠪᠣᠯᠬᠤ᠎ᠪᠠᠷ ᠪᠠᠷᠠᠬᠤ ᠥᠬᠡᠶ᠂ ᠮᠥᠨ ᠴᠤ᠌ ᠬᠤᠲᠠ ᠵᠢᠨ ᠠᠷᠠᠳ᠂ ᠵᠢᠭᠤᠯᠴᠢᠯᠠᠭᠴᠢᠳ᠎ᠤᠨ ᠵᠤᠭ᠋ᠠᠴᠠᠬᠤ ᠪᠣᠳᠠᠲᠤ ᠬᠡᠷᠡᠭᠴᠡᠭᠡ ᠵᠢ ᠬᠠᠩᠭ᠋ᠠᠬᠤ ᠶᠠᠪᠤᠳᠠᠯ ᠪᠣᠯᠤᠨ᠎ᠠ᠃ ᠡᠭᠦᠳᠦᠨ ᠪᠠᠶ᠋ᠢᠭᠤᠯᠬᠤ ᠠᠵᠢᠯ᠎ᠢ ᠴᠢᠨᠠᠷ ᠰᠠᠶ᠋ᠢᠲᠠᠢ ᠥᠨᠳᠥᠷ ᠪᠠᠷᠢᠮᠵᠢᠶ᠎ᠠ᠎ᠪᠠᠷ ᠬᠢᠵᠦ᠂ ᠦᠵᠡᠮᠵᠢ ᠵᠢᠨ ᠣᠷᠣᠨ᠎ᠤ ᠢᠵᠢ ᠪᠦᠷᠢᠳᠦᠭᠰᠡᠨ ᠲᠥᠬᠦᠭᠡᠷᠦᠮᠵᠢ ᠵᠢ ᠲᠡᠭᠦᠯᠳᠡᠷᠵᠢᠭᠦᠯᠬᠦ᠂ ᠦᠵᠡᠮᠵᠢ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠦᠢ᠍ᠯᠡᠴᠢᠯᠡᠭᠡᠨ᠎ᠤ ᠴᠢᠳᠠᠮᠵᠢ ᠵᠢ ᠥᠷᠭᠡᠳᠬᠡᠬᠦ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠦᠵᠡᠮᠵᠢ ᠵᠢᠨ ᠣᠷᠣᠨ᠎ᠤ ᠲᠠᠲᠠᠬᠤ ᠬᠦᠴᠦᠨ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠤᠬᠠᠢ ᠵᠢᠨ ᠭᠠᠵᠠᠷ᠎ᠤᠨ ᠲᠡᠦᠬᠡ ᠰᠣᠶᠣᠯ᠎ᠢ ᠰᠠᠶ᠋ᠢᠲᠤᠷ ᠠᠭᠤᠳᠠᠯᠵᠤ᠂ 《ᠬᠠᠳᠤᠨ ᠭᠤᠣᠯ ᠪᠣᠯᠤᠨ ᠤᠷᠳᠤ ᠴᠠᠭ᠋ᠠᠨ ᠬᠡᠷᠡᠮ》᠎ᠤᠨ ᠦᠯᠢᠭᠡᠷ᠎ᠢ ᠰᠠᠶ᠋ᠢᠲᠤᠷ ᠶᠠᠷᠢᠵᠤ᠂ ᠬᠠᠳᠤᠨ ᠭᠤᠣᠯ ᠤᠷᠳᠤ ᠴᠠᠭ᠋ᠠᠨ ᠬᠡᠷᠡᠮ ᠳᠠᠭ᠋ᠠᠤ ᠵᠢᠨ ᠦᠵᠡᠮᠵᠢ ᠵᠢ ᠬᠤᠯᠪᠣᠬᠤ᠎ᠪᠠᠷ ᠬᠦᠴᠦᠯᠡᠵᠦ᠂ ᠬᠠᠳᠤᠨ ᠭᠤᠣᠯ ᠤᠷᠳᠤ ᠴᠠᠭ᠋ᠠᠨ ᠬᠡᠷᠡᠮ᠎ᠤᠨ ᠰᠣᠶᠣᠯ ᠵᠢᠭᠤᠯᠴᠢᠯᠠᠯ᠎ᠤᠨ ᠪᠦᠰᠡ ᠵᠢᠨ ᠥᠪᠡᠷᠮᠢᠴᠡ ᠰᠠᠶ᠋ᠢᠬᠠᠨ ᠪᠠᠶ᠋ᠢᠭ᠋ᠠᠯᠢ ᠵᠢᠨ ᠦᠵᠡᠮᠵᠢ ᠵᠢ ᠢᠯᠡᠷᠡᠭᠦᠯᠵᠦ᠂ ᠯᠣᠤ ᠨᠢᠦ ᠸᠠᠨ᠎ᠤ ᠬᠠᠳᠤᠨ ᠭᠤᠣᠯ᠎ᠤᠨ ᠶᠡᠭᠡ ᠬᠠᠪᠴᠢᠯ᠎ᠢ ᠤᠮᠠᠷᠠᠲᠤ ᠬᠢᠯᠢ ᠵᠢᠨ ᠴᠢᠬᠤᠯᠠ ᠵᠢᠭᠤᠯᠴᠢᠯᠠᠯ᠎ᠤᠨ ᠣᠷᠣᠨ ᠪᠣᠯᠭ᠋ᠠᠬᠤ ᠬᠡᠷᠡᠭᠲᠡᠢ ᠭᠡᠵᠡᠢ᠃ ᠬᠤᠷᠢᠨᠭᠡᠷ ᠰᠢᠶᠠᠨ᠎ᠳᠤ᠂ ᠪᠣᠣ ᠭᠠᠩ ᠰᠢᠷᠦᠢ ᠵᠢᠨ ᠬᠤᠲᠠ ᠵᠢᠨ ᠪᠠᠭᠤᠷᠢ ᠪᠣᠯᠣᠨ ᠱᠧᠩ ᠯᠧ ᠮᠦᠽᠧᠢ᠎ᠳᠤ ᠬᠦᠷᠴᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠯᠡᠳᠡᠭᠳᠡᠯ᠎ᠢ ᠬᠠᠮᠠᠭ᠋ᠠᠯᠠᠬᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠳᠠᠬᠢᠨ ᠠᠰᠢᠭᠯᠠᠬᠤ ᠪᠠ ᠰᠣᠶᠣᠯ᠎ᠤᠨ ᠦᠵᠡᠰᠬᠦᠯᠡᠩ᠎ᠤᠨ ᠣᠷᠳᠣᠨ᠎ᠤ ᠪᠦᠳᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠲᠡᠷᠡ ᠬᠡᠯᠡᠬᠦ᠎ᠳᠡᠭᠡᠨ᠂ ᠲᠡᠦᠬᠡ ᠵᠢᠨ ᠳᠤᠷᠠᠰᠬᠠᠯᠲᠤ ᠵᠦᠢ᠍ᠯᠡᠰ ᠪᠣᠯ ᠲᠡᠦᠬᠡ ᠵᠢᠨ ᠭᠡᠷᠡᠴᠢ ᠮᠥᠨ᠂ ᠨᠡᠩ ᠴᠤ᠌ ᠰᠣᠶᠣᠯ᠎ᠤᠨ ᠠᠴᠢᠶᠠᠯᠠᠪᠤᠷᠢ᠂ ᠬᠤᠷᠢᠨᠭᠡᠷ ᠰᠢᠶᠠᠨ᠎ᠤ ᠰᠣᠶᠣᠯ᠎ᠤᠨ ᠤᠯᠠᠮᠵᠢᠯᠠᠯ ᠭᠦᠨ ᠵᠤᠵᠠᠭ᠋ᠠᠨ᠂ ᠲᠡᠦᠬᠡ ᠵᠢᠨ ᠦᠯᠡᠳᠡᠭᠳᠡᠯ ᠡᠯᠪᠡᠭ ᠪᠠᠶᠠᠯᠢᠭ ᠪᠠᠶ᠋ᠢᠳᠠᠭ ᠪᠣᠯᠬᠤᠷ ᠶᠡᠷᠦᠩᠬᠡᠢ ᠱᠦᠵᠢ ᠰᠢ ᠵᠢᠨ ᠫᠢᠩ᠎ᠤᠨ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠣᠯ ᠰᠢᠵᠢᠮ᠎ᠢ ᠪᠠᠷᠢᠮᠲᠠᠯᠠᠵᠤ᠂ ᠰᠢᠰᠲ᠋ᠧᠮ᠎ᠲᠠᠢ ᠲᠥᠯᠥᠪᠵᠢᠭᠦᠯᠵᠦ᠂ ᠨᠢᠭᠡᠳᠦᠯᠲᠡᠢ ᠠᠬᠢᠭᠤᠯᠤᠨ᠂ ᠬᠠᠭᠤᠴᠢ ᠰᠤᠳᠤᠯᠤᠯ᠎ᠤᠨ ᠪᠠᠭᠤᠷᠢ ᠵᠢ ᠬᠠᠮᠠᠭ᠋ᠠᠯᠠᠬᠤ᠂ ᠬᠠᠭᠤᠴᠢ ᠰᠤᠳᠤᠯᠤᠯ᠎ᠤᠨ ᠬᠤᠯᠪᠣᠭ᠋ᠠᠯᠠᠭᠰᠠᠨ ᠠᠭᠤᠳᠠᠯᠤᠯᠲᠠ ᠬᠢᠬᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠳᠡᠯᠭᠡᠨ ᠦᠵᠡᠭᠦᠯᠬᠦ᠂ ᠰᠣᠶᠣᠯ᠎ᠤᠨ ᠦᠵᠡᠰᠬᠦᠯᠡᠩ᠎ᠤᠨ ᠣᠷᠳᠣᠨ᠎ᠤ ᠪᠦᠳᠦᠭᠡᠨ ᠪᠠᠶ᠋ᠢᠭᠤᠯᠤᠯᠲᠠ ᠵᠡᠷᠭᠡ ᠵᠢ ᠤᠶᠠᠯᠳᠤᠭᠤᠯᠵᠤ᠂ ᠰᠢᠷᠦᠢ ᠵᠢᠨ ᠬᠤᠲᠠ ᠵᠢᠨ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ᠎ᠢ ᠥᠨᠳᠥᠷ ᠪᠠᠷᠢᠮᠵᠢᠶ᠎ᠠ᠎ᠪᠠᠷ ᠪᠠᠶ᠋ᠢᠭᠤᠯᠵᠤ᠂ ᠱᠧᠩ ᠯᠧ ᠮᠦᠽᠧᠢ ᠵᠢ ᠤᠯᠤᠰ᠎ᠤᠨ ᠨᠢᠭᠡᠳᠦᠭᠡᠷ ᠳᠡᠰ᠎ᠤᠨ ᠮᠦᠽᠧᠢ ᠪᠣᠯᠭ᠋ᠠᠨ ᠪᠠᠶ᠋ᠢᠭᠤᠯᠬᠤ ᠵᠢ ᠢᠳᠡᠪᠬᠢᠲᠡᠢ ᠠᠬᠢᠭᠤᠯᠬᠤ ᠬᠡᠷᠡᠭᠲᠡᠢ᠃ ᠲᠡᠤᠬᠡ ᠵᠢᠨ ᠳᠤᠷᠠᠰᠬᠠᠯᠲᠤ ᠵᠦᠢ᠍ᠯ᠎ᠤᠨ ᠦᠨ᠎ᠡ ᠥᠷᠲᠡᠭ᠎ᠢ ᠠᠭᠤᠳᠠᠯᠠᠨ ᠢᠯᠡᠷᠡᠭᠦᠯᠵᠦ᠂ ᠮᠦᠽᠧᠶ᠎ᠳᠤ ᠬᠠᠳᠠᠭ᠋ᠠᠯᠠᠵᠤ ᠪᠠᠶ᠋ᠢᠭ᠎ᠠ ᠲᠡᠤᠬᠡ ᠵᠢᠨ ᠳᠤᠷᠠᠰᠬᠠᠯᠲᠤ ᠵᠦᠢ᠍ᠯ ᠬᠢᠭᠡᠳ ᠳᠡᠯᠭᠡᠨ ᠦᠵᠡᠭᠦᠯᠵᠦ ᠪᠠᠶ᠋ᠢᠭ᠎ᠠ ᠲᠡᠦᠬᠡ ᠵᠢᠨ ᠥᠪ ᠬᠥᠷᠥᠩᠭᠡ ᠵᠢ 《ᠠᠮᠢᠯᠠᠭᠤᠯᠵᠤ》᠂ ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ᠂ ᠬᠠᠭᠤᠴᠢ ᠪᠠᠭᠤᠷᠢ ᠵᠢᠨ ᠴᠡᠴᠡᠷᠯᠢᠭ᠎ᠤᠨ ᠪᠥᠲᠥᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠣᠯᠠᠨ ᠲᠦᠮᠡᠨ᠎ᠳᠤ ᠨᠡᠩ ᠶᠡᠭᠡ ᠬᠦᠷᠲᠡᠭᠡᠬᠦ ᠬᠡᠷᠡᠭᠲᠡᠶ ᠭᠡᠪᠡ᠃ ᠪᠠᠶ᠋ᠢᠴᠠᠭ᠋ᠠᠨ ᠰᠤᠳᠤᠯᠤᠯᠲᠠ ᠵᠢᠨ ᠳᠤᠮᠳᠠ᠂ ᠪᠦᠦ ᠭᠠᠩ ᠪᠠᠰᠠ ᠴᠢᠩ ᠱᠦᠶ ᠾᠧ ᠮᠦᠽᠧᠶ᠂ ᠬᠤᠷᠢᠨᠭᠡᠷ ᠰᠢᠶᠠᠨ᠎ᠤ ᠪᠦᠪᠡᠢ ᠭᠤᠤᠯ᠎ᠤᠨ ᠠᠮᠢ ᠠᠬᠤᠶ ᠵᠢᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠪᠡ᠃ ᠯᠢᠦ ᠵᠢᠢ ᠶᠢᠩ᠂ ᠼᠤᠤ ᡁᠢ ᠪᠠᠶ᠋ᠢᠴᠠᠭ᠋ᠠᠨ ᠰᠤᠳᠤᠯᠤᠯᠲᠠ᠎ᠳᠤ ᠤᠷᠤᠯᠴᠠᠵᠠᠢ᠃