ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠬᠥᠬᠡᠬᠤᠲᠠ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠴᠢᠳ᠎ᠢ 264.86 ᠲᠦᠮᠡᠨ ᠬᠥᠮᠥᠨ ᠤᠳᠠᠭ᠎ᠠ ᠬᠦᠯᠢᠶᠡᠨ ᠠᠪᠤᠪᠠ
ᠨᠡᠶᠢᠲᠡᠯᠡᠭᠰᠡᠨ ᠴᠠᠭ᠄ 2024-05-08


   

  (ᠰᠤᠷᠪᠤᠯᠵᠢᠯᠠᠭᠴᠢ ᠯᠢᠦ ᠯᠢ ᠰᠢᠶᠠ) ᠣᠶ᠋ᠢᠷ᠎ᠠ᠎ᠳᠤ᠂ ᠰᠤᠷᠪᠤᠯᠵᠢᠯᠠᠭᠴᠢ ᠬᠤᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠣᠶ᠋ᠢᠯᠠᠭ᠋ᠠᠭᠰᠠᠨ᠎ᠨᠢ᠂ 《5.1》᠎ᠤ ᠬᠤᠭᠤᠴᠠᠭ᠋ᠠᠨ᠎ᠳᠤ᠂ ᠮᠠᠨ᠎ᠤ ᠬᠤᠲᠠ ᠵᠢᠨ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ ᠤᠷᠢᠲᠠ᠎ᠠᠴᠠ ᠠᠵᠢᠯ᠎ᠤᠨ ᠪᠡᠯᠡᠳᠬᠡᠯ ᠬᠢᠵᠦ᠂ ᠡᠯ᠎ᠡ ᠬᠤᠰᠢᠭᠤ ᠰᠢᠶᠠᠨ ᠲᠣᠭᠤᠷᠢᠭ᠎ᠤᠨ᠎ᠬᠢᠨ ᠥᠪᠡᠷᠮᠢᠴᠡ ᠣᠨᠴᠠᠯᠢᠭ᠎ᠲᠠᠢ ᠵᠢᠭᠤᠯᠴᠢᠯᠠᠯ᠎ᠤᠨ ᠵᠠᠮ ᠱᠤᠭᠤᠮ ᠪᠠ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠢ ᠵᠠᠯᠭ᠋ᠠᠭ᠎ᠠ᠎ᠪᠠᠷ ᠭᠠᠷᠭ᠋ᠠᠵᠤ᠂ ᠵᠢᠭᠤᠯᠴᠢᠯᠠᠭᠴᠢᠳ᠎ᠲᠤ ᠬᠥᠬᠡᠬᠤᠲᠠ ᠵᠢᠨ ᠠᠳᠠᠯᠢ ᠪᠤᠰᠤ ᠵᠢᠨ ᠲᠠᠲᠠᠬᠤ ᠬᠦᠴᠦᠨ᠎ᠢ ᠮᠡᠳᠡᠷᠡᠭᠦᠯᠦᠭᠰᠡᠨ ᠪᠠᠶ᠋ᠢᠨ᠎ᠠ᠃ ᠡᠭᠦᠨ᠎ᠤ ᠬᠠᠮᠲᠤ᠂ ᠮᠠᠨ᠎ᠤ ᠬᠤᠲᠠ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ ᠠᠮᠠᠷᠠᠯᠲᠠ ᠵᠢᠨ ᠬᠤᠭᠤᠴᠠᠭ᠋ᠠᠨ᠎ᠤ ᠠᠶᠤᠯᠭᠦᠢ ᠦᠢ᠍ᠯᠡᠳᠪᠦᠷᠢᠯᠡᠯ ᠪᠠ ᠪᠠᠶ᠋ᠢᠴᠠᠭ᠋ᠠᠯᠲᠠ ᠵᠢᠨ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠠᠮᠠᠷᠠᠯᠲᠠ ᠵᠢᠨ ᠬᠤᠭᠤᠴᠠᠭ᠋ᠠᠨ᠎ᠤ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠮᠤᠷ ᠲᠦᠪᠰᠢᠨ ᠲᠣᠭᠲᠠᠭᠤᠨ ᠡᠮᠬᠢ ᠵᠢᠷᠤᠮ᠎ᠲᠠᠢ ᠪᠠᠶ᠋ᠢᠬᠤ ᠵᠢ ᠪᠠᠲᠤᠯᠠᠪᠠ᠃ ᠪᠠᠶ᠋ᠢᠴᠠᠭ᠋ᠠᠯᠲᠠ ᠵᠢᠨ ᠲᠥᠰᠥᠭᠡᠯᠡᠨ ᠪᠤᠳᠤᠭᠰᠠᠨ ᠵᠶ᠋ᠠᠷ᠂ 《5.1》᠎ᠤ ᠠᠮᠠᠷᠠᠯᠲᠠ ᠵᠢᠨ ᠬᠤᠭᠤᠴᠠᠭ᠋ᠠᠨ᠎ᠳᠤ᠂ ᠬᠥᠬᠡᠬᠤᠲᠠ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠴᠢᠳ᠎ᠢ ᠨᠡᠶ᠋ᠢᠲᠡ 264.86 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 41.62% ᠵᠶ᠋ᠠᠷ ᠨᠡᠮᠡᠭᠳᠡᠪᠡ; ᠵᠢᠭᠤᠯᠴᠢᠯᠠᠭᠴᠢᠳ᠎ᠢ ᠬᠦᠯᠢᠶᠡᠨ ᠠᠪᠬᠤ᠎ᠳᠤ ᠨᠡᠶ᠋ᠢᠲᠡ 20.10 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 65.71% ᠨᠡᠮᠡᠭᠳᠡᠪᠡ᠃ 《5.1》᠎ᠤ ᠠᠮᠠᠷᠠᠯᠲᠠ ᠵᠢᠨ ᠬᠤᠭᠤᠴᠠᠭ᠋ᠠᠨ᠎ᠳᠤ᠂ ᠬᠥᠬᠡᠬᠤᠲᠠ ᠵᠢᠨ᠎ᠬᠢᠨ ᠨᠢᠭᠡ ᠡᠳᠦᠷ᠎ᠤᠨ ᠵᠤᠭ᠋ᠠᠴᠠᠯ᠎ᠤᠨ ᠵᠢᠭᠤᠯᠴᠢᠯᠠᠭᠴᠢᠳ᠎ᠢ 191.33 ᠲᠦᠮᠡᠨ ᠬᠥᠮᠥᠨ ᠤᠳᠠᠭ᠎ᠠ᠎ᠳᠤ ᠬᠦᠯᠢᠶᠡᠨ ᠠᠪᠴᠤ᠂ ᠵᠢᠭᠤᠯᠴᠢᠯᠠᠭᠴᠢᠳ᠎ᠢ ᠬᠦᠯᠢᠶᠡᠨ ᠠᠪᠤᠭᠰᠠᠨ ᠶᠡᠷᠦᠩᠬᠡᠢ ᠬᠡᠮᠵᠢᠶᠡᠨ᠎ᠤ ᠳᠣᠲᠣᠷ᠎ᠠ 72.24%᠎ᠢ ᠡᠵᠡᠯᠡᠪᠡ; ᠬᠤᠨᠤᠭ᠎ᠤᠨ ᠵᠤᠭ᠋ᠠᠴᠠᠯ᠎ᠤᠨ ᠵᠢᠭᠤᠯᠴᠢᠯᠠᠭᠴᠢᠳ᠎ᠢ 73.52 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠭᠴᠢᠳ᠎ᠢ ᠬᠦᠯᠢᠶᠡᠨ ᠠᠪᠴᠤ ᠵᠣᠴᠢᠯᠠᠭᠰᠠᠨ ᠶᠡᠷᠦᠩᠬᠡᠢ ᠬᠡᠮᠵᠢᠶᠡᠨ᠎ᠤ 27.76% ᠵᠢ ᠡᠵᠡᠯᠡᠪᠡ᠃ ᠮᠠᠨ᠎ᠤ ᠬᠤᠲᠠ ᠵᠢᠨ ᠠᠮᠠᠷᠠᠯᠲᠠ ᠵᠢᠨ ᠬᠤᠭᠤᠴᠠᠭ᠋ᠠᠨ᠎ᠤ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠳᠤ ᠳᠣᠣᠷᠠᠬᠢ ᠮᠡᠲᠦ ᠭᠤᠷᠪᠠᠨ ᠶᠡᠭᠡ ᠣᠨᠴᠠᠯᠢᠭ ᠢᠯᠡᠷᠬᠡᠢ᠄ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠶᠠᠯᠢᠭᠵᠢᠭᠤᠯᠵᠤ᠂ ᠪᠠᠶᠠᠯᠢᠭ ᠰᠠᠶ᠋ᠢᠬᠠᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢ ᠡᠷᠬᠢᠯᠡᠪᠡ᠃ ᠮᠠᠨ᠎ᠤ ᠬᠤᠲᠠ ᠵᠢᠨ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ᠎ᠬᠢᠨ ᠰᠣᠶᠣᠯ ᠵᠢᠭᠤᠯᠴᠢᠯᠠᠯ᠎ᠤᠨ ᠡᠯᠪᠡᠭ ᠪᠠᠶᠠᠯᠢᠭ ᠪᠦᠲᠦᠭᠡᠭᠳᠡᠬᠦᠨ᠎ᠢ ᠭᠠᠷᠭ᠋ᠠᠵᠤ᠂ ᠣᠲᠣ ᠦᠶ᠎ᠡ ᠵᠢᠨ ᠬᠤᠲᠠ᠂ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠂ ᠲᠡᠦᠬᠡ ᠰᠣᠶᠣᠯ᠎ᠤᠨ ᠦᠵᠡᠰᠬᠦᠯᠡᠩ᠂ ᠲᠠᠯ᠎ᠠ ᠨᠤᠲᠤᠭ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠢ᠍ᠯᠡᠳᠬᠦᠨ ᠵᠡᠷᠭᠡ ᠵᠢ ᠬᠠᠮᠤᠷᠴᠤ᠂ ᠠᠮᠠᠷᠠᠯᠲᠠ ᠵᠢᠨ ᠡᠳᠦᠷ᠎ᠤᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠲᠠᠰᠤᠷᠠᠯᠲᠠ ᠦᠭᠡᠢ ᠰᠠᠶ᠋ᠢᠵᠢᠷᠠᠭᠤᠯᠵᠠᠢ᠃ ᠪᠣᠭᠤᠮᠲᠠ ᠵᠢᠨ ᠬᠠᠭᠤᠴᠢᠨ ᠵᠡᠭᠡᠯᠢ ᠵᠢᠨ ᠵᠤᠭ᠋ᠠᠴᠠᠯ ᠰᠡᠯᠡᠭᠦᠴᠡᠯ᠎ᠤᠨ ᠵᠡᠭᠡᠯᠢ ᠲᠣᠭᠤᠷᠢᠭ᠎ᠲᠤ ᠰᠢᠨ᠎ᠡ᠎ᠪᠠᠷ ᠬᠥᠭᠵᠢᠭᠰᠡᠨ ᠵᠤᠭ᠋ᠠᠴᠠᠯ᠎ᠤᠨ ᠪᠡᠶᠡᠴᠢᠯᠡᠨ ᠣᠶ᠋ᠢᠯᠠᠭ᠋ᠠᠬᠤ ᠠᠷᠭ᠎ᠠ ᠬᠡᠯᠪᠡᠷᠢ — 《ᠵᠤᠭ᠋ᠠᠴᠠᠯ ᠰᠡᠭᠦᠳᠡᠷᠯᠡᠯ》 ᠤᠯᠠᠮ᠎ᠠᠴᠠ ᠤᠯᠠᠮ ᠤᠯᠠᠨ ᠵᠢᠭᠤᠯᠴᠢᠯᠠᠭᠴᠢᠳ᠎ᠤᠨ ᠲᠠᠭ᠋ᠠᠰᠢᠶᠠᠯ᠎ᠢ ᠣᠯᠵᠤ᠂ ᠲᠤᠰ ᠭᠠᠵᠠᠷ᠎ᠤᠨ ᠬᠤᠳᠠ ᠵᠢᠨ ᠠᠷᠠᠳ᠂ ᠭᠠᠳᠠᠷ ᠣᠷᠣᠨ᠎ᠤ ᠵᠢᠭᠤᠯᠴᠢᠯᠠᠭᠴᠢᠳ ᠬᠤᠶ᠋ᠢᠨ᠎ᠠ ᠬᠤᠶ᠋ᠢᠨ᠎ᠠ᠎ᠠᠴᠠ᠎ᠪᠠᠨ ᠢᠷᠡᠵᠦ ᠨᠡᠷ᠎ᠡ᠎ᠪᠠᠨ ᠪᠦᠷᠢᠳᠬᠡᠭᠦᠯᠪᠡ; 《ᠤᠮᠠᠷᠠᠲᠤ ᠬᠢᠯᠢ ᠵᠢᠨ ᠵᠠᠩ ᠦᠢ᠍ᠯᠡ — ᠪᠠᠶᠠᠷ ᠴᠡᠩᠭᠡᠯᠲᠦ ᠴᠡᠯᠡᠭᠡᠷ ᠲᠠᠯ᠎ᠠ》 ᠰᠣᠶᠣᠯ ᠵᠤᠭ᠋ᠠᠴᠠᠯ᠎ᠤᠨ ᠬᠠᠮᠲᠤᠷᠠᠭᠰᠠᠨ ᠲᠣᠭᠯᠠᠯᠲᠠ᠎ᠨᠢ ᠵᠢᠭᠤᠯᠴᠢᠯᠠᠭᠴᠢᠳ᠎ᠲᠤ ᠲᠤᠰᠬᠠᠢ ᠮᠡᠷᠭᠡᠵᠢᠯ᠎ᠤᠨ ᠲᠣᠭᠯᠠᠯᠲᠠ ᠵᠢᠨ ᠪᠦᠯᠬᠦᠮ᠎ᠤᠨ ᠥᠨᠳᠥᠷ ᠲᠦᠪᠰᠢᠨ᠎ᠲᠠᠢ ᠲᠣᠭᠯᠠᠯᠲᠠ ᠵᠢ ᠣᠶ᠋ᠢᠯᠠᠭ᠋ᠠᠭᠤᠯᠪᠠ; ᠲᠠᠶ᠋ᠢᠭ᠋ᠠᠳᠤ ᠲᠣᠰᠬᠤᠨ᠎ᠤ ᠭᠠᠶ᠋ᠢᠬᠠᠮᠰᠢᠭᠲᠤ ᠣᠨ ᠰᠠᠷ᠎ᠠ᠂ ᠪᠣᠭᠤᠮᠲᠠ ᠵᠢᠨ ᠭᠠᠳᠠᠨᠠᠬᠢ ᠲᠤᠭᠤᠷ᠎ᠤᠨ ᠬᠦᠷᠢᠶᠡᠯᠡᠩ᠎ᠤᠨ ᠠᠮᠢ ᠠᠬᠤᠢ ᠵᠢᠨ ᠵᠤᠭ᠋ᠠᠴᠠᠯ᠎ᠤᠨ ᠣᠷᠣᠨ᠎ᠤ ᠲᠠᠷᠢᠶᠠᠯᠠᠬᠤ ᠰᠣᠶᠣᠯ᠂ ᠤᠯᠠᠭ᠋ᠠᠨᠬᠦᠦ ᠵᠢᠨ ᠬᠠᠭᠤᠴᠢᠨ ᠰᠠᠭᠤᠴᠠ᠂ ᠦᠷᠡᠭᠳᠡᠭᠰᠡᠨ ᠪᠠᠭ᠋ᠠᠲᠤᠷ ᠳ᠋ᠦᠸᠧ ᠰᠦᠩ ᠨᠢᠶᠠᠨ᠎ᠤ ᠳᠤᠷᠠᠰᠬᠠᠯ᠎ᠤᠨ ᠣᠷᠳᠣᠨ᠎ᠤ ᠲᠠᠯ᠎ᠠ ᠨᠤᠲᠤᠭ᠎ᠤᠨ ᠲᠦᠳᠡᠭ ᠬᠤᠪᠢᠰᠬᠠᠯ᠎ᠤᠨ ᠰᠣᠶᠣᠯ᠎ᠤᠨ ᠵᠤᠭ᠋ᠠᠴᠠᠯ᠎ᠨᠢ ᠵᠢᠭᠤᠯᠴᠢᠯᠠᠭᠴᠢᠳ᠎ᠤᠨ ᠤᠯᠠᠨ ᠡᠰᠢᠵᠢᠭᠰᠡᠨ᠂ ᠥᠪᠡᠷᠮᠢᠴᠡ ᠣᠨᠴᠠᠯᠢᠭ᠎ᠲᠠᠢ ᠪᠡᠶᠡᠴᠢᠯᠡᠨ ᠣᠶ᠋ᠢᠯᠠᠭ᠋ᠠᠬᠤ ᠬᠡᠷᠡᠭᠴᠡᠭᠡ ᠵᠢ ᠨᠡᠩ ᠰᠠᠶ᠋ᠢᠨ ᠬᠠᠩᠭ᠋ᠠᠭᠰᠠᠨ ᠪᠠᠶ᠋ᠢᠨ᠎ᠠ᠃ ᠣᠨᠴᠠᠯᠢᠭᠲᠤ ᠵᠠᠮ ᠱᠤᠭᠤᠮ᠎ᠢ ᠨᠠᠷᠢᠨ ᠨᠢᠮᠪᠠᠢ ᠳᠠᠪᠲᠠᠨ ᠪᠣᠯᠪᠠᠰᠤᠷᠠᠭᠤᠯᠵᠤ᠂ ᠭᠠᠳᠠᠭᠰᠢ ᠭᠠᠷᠴᠤ ᠵᠤᠭ᠋ᠠᠴᠠᠬᠤ ᠬᠠᠯᠠᠭᠤᠨ ᠰᠡᠳᠬᠢᠯᠭᠡ ᠦᠷᠭᠦᠯᠵᠢᠯᠡᠨ ᠤᠷᠭᠢᠯᠠᠪᠠ᠃ ᠮᠠᠨ᠎ᠤ ᠬᠤᠲᠠ 《ᠨᠢᠭᠡ ᠬᠤᠲᠠ᠎ᠪᠠᠷ ᠤᠮᠠᠷᠠᠲᠤ ᠬᠢᠯᠢ ᠵᠢ ᠬᠠᠷᠠᠬᠤ ᠬᠥᠬᠡᠬᠤᠲᠠ ᠵᠢᠨ ᠠᠮᠠᠷᠠᠯᠲᠠ ᠵᠢᠨ ᠲᠥᠯᠥᠪᠯᠡᠭᠡ》᠎ᠪᠠᠷ ᠭᠤᠣᠯ ᠰᠡᠳᠦᠪ ᠪᠣᠯᠭ᠋ᠠᠭᠰᠠᠨ ᠰᠣᠶᠣᠯ᠎ᠤᠨ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠪᠡ᠃ ᠰᠦᠯᠵᠢᠶᠡᠨ ᠳᠡᠭᠡᠷ᠎ᠡ᠂ ᠪᠦᠬᠦ ᠤᠯᠤᠰ᠎ᠤᠨ ᠵᠢᠭᠤᠯᠴᠢᠯᠠᠭᠴᠢᠳ᠎ᠲᠤ ᠬᠠᠨᠳᠤᠭᠤᠯᠤᠭᠰᠠᠨ ᠰᠣᠳᠣᠨ ᠵᠠᠮ ᠱᠤᠭᠤᠮ᠎ᠢ ᠭᠠᠷᠭ᠋ᠠᠵᠤ᠂ ᠣᠨᠴᠠᠭ᠋ᠠᠶ᠋ᠢᠯᠠᠨ ᠪᠡᠭᠡᠵᠢᠩ ᠲᠢᠶᠠᠨᠵᠢᠨ ᠾᠧᠪᠧᠢ ᠵᠢᠴᠢ ᠡᠷᠬᠢᠨ ᠲᠣᠭᠤᠷᠢᠨ᠎ᠤ ᠵᠢᠭᠤᠯᠴᠢᠯᠠᠭᠴᠢᠳ᠎ᠲᠤ 《ᠲᠦᠷᠭᠡᠨ᠎ᠤ ᠭᠠᠯᠲᠤ ᠲᠡᠷᠭᠡᠨ᠎ᠳᠤ ᠰᠠᠭᠤᠵᠤ ᠬᠥᠬᠡᠬᠤᠲᠠ᠎ᠳᠤ ᠢᠷᠡᠬᠦ》 ᠲᠤᠰᠬᠠᠢ ᠵᠠᠮ ᠱᠤᠭᠤᠮ᠎ᠤᠨ ᠠᠷᠭ᠎ᠠ ᠪᠣᠳᠣᠯᠭ᠎ᠠ ᠵᠢ ᠭᠠᠷᠭ᠋ᠠᠵᠤ᠂ 《ᠨᠢᠭᠡ ᠬᠤᠳᠠ ᠵᠢᠨ ᠠᠮᠢᠳᠤᠷᠠᠯ ᠠᠬᠤᠢ᠂ ᠨᠢᠭᠡ ᠬᠤᠳᠠ ᠵᠢᠨ ᠥᠩᠭᠡ ᠦᠵᠡᠮᠵᠢ᠂ ᠨᠢᠭᠡ ᠬᠤᠳᠠ ᠵᠢᠨ ᠰᠣᠶᠣᠯ᠎ᠤᠨ ᠰᠤᠳᠠᠰᠤ᠂ ᠨᠢᠭᠡ ᠬᠤᠳᠠ ᠵᠢᠨ ᠦᠨᠦᠷ ᠠᠮᠲᠠ᠂ ᠨᠢᠭᠡ ᠬᠤᠳᠠ ᠵᠢᠨ ᠲᠠᠪᠠᠲᠠᠢ ᠰᠡᠯᠡᠭᠦᠴᠡᠯ᠂ ᠨᠢᠭᠡ ᠬᠤᠳᠠ ᠵᠢᠨ ᠦᠨᠦᠷ ᠠᠮᠲᠠ》 ᠭᠡᠬᠦ ᠵᠢᠷᠭᠤᠭ᠋ᠠᠨ ᠶᠡᠭᠡ ᠵᠠᠮ ᠱᠤᠭᠤᠮ ᠭᠠᠷᠭ᠋ᠠᠵᠤ᠂ ᠬᠥᠬᠡᠬᠤᠲᠠ᠎ᠳᠤ ᠢᠷᠡᠭᠰᠡᠨ ᠡᠯ᠎ᠡ ᠭᠠᠵᠠᠷ᠎ᠤᠨ ᠵᠢᠭᠤᠯᠴᠢᠯᠠᠭᠴᠢᠳ᠎ᠲᠤ ᠴᠢᠨᠠᠷ ᠰᠠᠶ᠋ᠢᠲᠠᠢ ᠵᠤᠭ᠋ᠠᠴᠠᠯ᠎ᠤᠨ ᠵᠠᠮ ᠱᠤᠭᠤᠮ ᠬᠠᠩᠭ᠋ᠠᠵᠠᠢ᠃ ᠰᠦᠯᠵᠢᠶᠡᠨ ᠭᠠᠳᠠᠨ᠎ᠠ᠂ ᠬᠥᠬᠡᠬᠤᠲᠠ ᠵᠢᠨ ᠴᠠᠭ᠋ᠠᠨ ᠰᠤᠪᠤᠷᠭ᠎ᠠ ᠨᠢᠰᠬᠡᠯ᠎ᠤᠨ ᠪᠠᠭᠤᠳᠠᠯ ᠵᠡᠷᠭᠡ ᠭᠠᠵᠠᠷ᠎ᠲᠤ ᠲᠣᠰ ᠲᠣᠰ 《ᠲᠠᠪᠤᠨ ᠰᠠᠷ᠎ᠠ ᠵᠢᠨ ᠨᠢᠭᠡᠨ》᠎ᠤ ᠭᠤᠣᠯ ᠰᠡᠳᠦᠪᠲᠦ ᠭᠢᠯᠪᠠᠭ᠋ᠠᠨ ᠲᠣᠭᠯᠠᠯᠲᠠ ᠭᠠᠷᠭ᠋ᠠᠵᠤ᠂ ᠴᠡᠯᠡᠭᠡᠷ ᠲᠠᠯ᠎ᠠ᠎ᠳᠤ ᠰᠦᠯᠵᠢᠶᠡᠨ ᠭᠠᠳᠠᠨᠠᠬᠢ ᠰᠤᠳᠤᠨ ᠴᠡᠭ ᠭᠠᠷᠭ᠋ᠠᠵᠤ᠂ ᠭᠤᠶ᠋ᠢᠳᠠ ᠰᠠᠶ᠋ᠢᠬᠠᠨ ᠥᠪᠡᠷᠮᠢᠴᠡ ᠣᠨᠴᠠᠯᠢᠭ᠎ᠲᠠᠢ ᠪᠥᠵᠢᠭ᠂ ᠬᠥᠭᠵᠢᠮ᠂ ᠳᠠᠭᠤᠤ ᠵᠢᠨ ᠲᠣᠭᠯᠠᠯᠲᠠ ᠭᠠᠷᠭ᠋ᠠᠭᠰᠠᠨ ᠪᠥᠭᠡᠳ ᠦᠨ᠎ᠡ ᠲᠥᠯᠥᠪᠦᠷᠢ ᠦᠭᠡᠢ᠎ᠪᠠᠷ 《ᠬᠥᠬᠡ ᠬᠤᠲᠠ ᠵᠢᠨ ᠪᠡᠯᠡᠭ》 ᠬᠦᠷᠭᠡᠭᠰᠡᠨ ᠪᠠᠶ᠋ᠢᠨ᠎ᠠ᠃ ᠥᠪᠥᠷ ᠮᠣᠩᠭᠤᠯ᠎ᠤᠨ ᠮᠦᠽᠧᠢ᠂ ᠬᠥᠬᠡᠬᠤᠲᠠ ᠵᠢᠨ ᠱᠤᠭᠤᠮᠠᠯ᠎ᠤᠨ ᠤᠷᠠᠯᠢᠭ᠎ᠤᠨ ᠣᠷᠳᠣᠨ᠂ ᠳᠠᠯᠠᠨ ᠬᠠᠷ᠎ᠠ ᠠᠭᠤᠯᠠ ᠵᠢᠨ ᠬᠡᠭᠡᠷ᠎ᠡ ᠵᠢᠨ ᠠᠮᠢᠲᠠᠨ᠎ᠤ ᠬᠦᠷᠢᠶᠡᠯᠡᠩ᠂ ᠮᠤᠨᠢ ᠠᠭᠤᠯᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠵᠢᠭ ᠪᠠᠯᠭ᠋ᠠᠰᠤ᠂ ᠪᠤᠭᠤᠮᠲᠠ ᠵᠢᠨ ᠬᠠᠭᠤᠴᠢᠨ ᠵᠡᠭᠡᠯᠢ ᠵᠢᠨ ᠰᠡᠯᠡᠭᠦᠴᠡᠯ᠎ᠤᠨ ᠵᠡᠭᠡᠯᠢ ᠲᠣᠭᠤᠷᠢᠭ ᠵᠡᠷᠭᠡ ᠭᠠᠵᠠᠷ᠎ᠠᠴᠠ ᠬᠦᠢ ᠰᠦᠢ ᠵᠢᠨ ᠢᠮ ᠲᠠᠮᠠᠭ᠎ᠠ ᠵᠢ ᠡᠷᠢᠵᠦ᠂ ᠬᠥᠬᠡᠬᠤᠲᠠ᠎ᠳᠤ ᠠᠮᠲᠠᠲᠤ ᠢᠳᠡᠭᠡᠨ ᠢᠳᠡᠭᠦᠯᠵᠦ᠂ ᠵᠢᠭᠤᠯᠴᠢᠯᠠᠭᠴᠢᠳ᠎ᠲᠤ ᠬᠥᠬᠡᠬᠤᠲᠠ ᠵᠢᠨ ᠭᠦᠨ ᠵᠤᠵᠠᠭ᠋ᠠᠨ ᠲᠡᠦᠬᠡ ᠰᠣᠶᠣᠯ᠎ᠤᠨ ᠠᠭᠤᠯᠬᠤᠨ᠎ᠢ ᠮᠡᠳᠡᠷᠡᠭᠦᠯᠪᠡ᠃ ᠤᠯᠠᠨ ᠬᠡᠯᠪᠡᠷᠢ᠎ᠪᠠᠷ ᠪᠣᠷᠤᠯᠠᠭᠤᠯᠭ᠎ᠠ ᠵᠢ ᠠᠬᠢᠭᠤᠯᠤᠨ ᠬᠡᠷᠡᠭᠯᠡᠭᠡ ᠵᠢ ᠬᠥᠲᠥᠯᠥᠨ ᠵᠢᠯᠤᠭᠤᠳᠴᠤ᠂ ᠳᠣᠲᠣᠨᠣ ᠦᠢ᠍ᠯᠡᠴᠢᠯᠡᠭᠡ᠎ᠨᠢ ᠬᠥᠮᠥᠰ᠎ᠤᠨ ᠰᠡᠳᠬᠢᠯ᠎ᠢ ᠳᠤᠯᠠᠭ᠋ᠠᠴᠠᠭᠤᠯᠪᠠ᠃ 《5.1》᠎ᠤ ᠠᠮᠠᠷᠠᠯᠲᠠ ᠵᠢᠨ ᠬᠤᠭᠤᠴᠠᠭ᠋ᠠᠨ᠎ᠳᠤ᠂ ᠮᠠᠨ᠎ᠤ ᠬᠤᠳᠠ 《5.1᠎ᠤ ᠪᠠᠶᠠᠷ᠎ᠲᠠᠢ᠎ᠪᠠᠷ ᠬᠤᠳᠠᠯᠳᠤᠨ ᠠᠪᠬᠤ》 ᠪᠣᠷᠤᠯᠠᠭᠤᠯᠭ᠎ᠠ ᠵᠢ ᠠᠬᠢᠭᠤᠯᠬᠤ ᠤᠯᠠᠷᠢᠯ᠎ᠤᠨ ᠠᠵᠢᠯᠯᠠᠭ᠎ᠠ ᠥᠷᠨᠢᠭᠦᠯᠵᠦ᠂ ᠬᠤᠳᠠ ᠵᠢᠨ ᠠᠷᠠᠳ᠂ ᠵᠢᠭᠤᠯᠴᠢᠯᠠᠭᠴᠢᠳ ᠵᠦᠩᠱ᠌ᠠᠨ ᠪᠠᠷᠠᠭᠤᠨ ᠵᠠᠮ᠎ᠤᠨ ᠬᠤᠳᠠᠯᠳᠤᠭ᠋ᠠᠨ᠎ᠤ ᠲᠣᠭᠤᠷᠢᠭ᠂ ᠬᠠᠶ᠋ᠢᠯᠠᠷ ᠪᠠᠷᠠᠭᠤᠨ ᠵᠠᠮ᠎ᠤᠨ ᠬᠤᠳᠠᠯᠳᠤᠭ᠋ᠠᠨ᠎ᠤ ᠲᠣᠭᠤᠷᠢᠭ᠂ ᠴᠢᠩᠭᠢᠰ ᠬᠠᠭ᠋ᠠᠨ ᠪᠠᠷᠠᠭᠤᠨ ᠵᠡᠭᠡᠯᠢ ᠵᠢᠨ ᠬᠤᠳᠠᠯᠳᠤᠭ᠋ᠠᠨ᠎ᠤ ᠲᠣᠭᠤᠷᠢᠭ᠎ᠲᠤ ᠬᠦᠷᠴᠦ ᠬᠠᠪᠤᠷ᠎ᠤᠨ ᠬᠤᠪᠴᠠᠰᠤᠨ᠎ᠤ ᠰᠢᠨ᠎ᠡ ᠪᠦᠲᠦᠭᠡᠭᠳᠡᠬᠦᠨ᠎ᠤ ᠦᠨ᠎ᠡ ᠵᠢ ᠬᠢᠮᠳᠠᠷᠠᠭᠤᠯᠬᠤ᠂ ᠪᠠᠷᠠᠭ᠎ᠠ ᠬᠤᠳᠠᠯᠳᠤᠨ ᠠᠪᠬᠤ᠎ᠳᠤ ᠴᠠᠭ ᠲᠤᠬᠠᠢ᠎ᠳᠤᠨᠢ ᠱᠠᠩᠨᠠᠯ ᠰᠤᠭᠤᠯᠬᠤ᠂ ᠪᠠᠷᠠᠭ᠎ᠠ ᠬᠤᠳᠠᠯᠳᠤᠨ ᠠᠪᠬᠤ᠎ᠳᠤ ᠪᠦᠷᠢᠨ ᠲᠣᠭ᠋ᠠᠨ᠎ᠤ ᠪᠢᠯᠧᠲ ᠪᠤᠴᠠᠭ᠋ᠠᠬᠤ ᠵᠡᠷᠭᠡ ᠪᠣᠷᠤᠯᠠᠭᠤᠯᠭ᠎ᠠ ᠵᠢ ᠠᠬᠢᠭᠤᠯᠬᠤ ᠠᠵᠢᠯᠯᠠᠭ᠎ᠠ᠎ᠳᠤ ᠣᠷᠣᠯᠴᠠᠵᠤ ᠪᠣᠯᠣᠨ᠎ᠠ᠃ ᠡᠭᠦᠨ᠎ᠠᠴᠠ ᠭᠠᠳᠠᠨ᠎ᠠ᠂ ᠮᠠᠨ᠎ᠤ ᠬᠤᠲᠠ ᠪᠠᠰᠠ ᠣᠯᠠᠨ ᠵᠦᠢ᠍ᠯ᠎ᠤᠨ ᠳᠣᠲᠣᠨᠣ ᠦᠢ᠍ᠯᠡᠴᠢᠯᠡᠭᠡ ᠭᠠᠷᠭ᠋ᠠᠵᠤ᠂ ᠬᠥᠮᠥᠰ᠎ᠤᠨ ᠰᠡᠳᠬᠢᠯ᠎ᠢ ᠳᠤᠯᠠᠭ᠋ᠠᠴᠠᠭᠤᠯᠵᠠᠢ᠃ ᠵᠢᠱ᠌ᠢᠶᠡᠯᠡᠪᠡᠯ ᠨᠡᠶ᠋ᠢᠲᠡ ᠵᠢᠨ ᠮᠠᠰᠢᠨ ᠲᠡᠷᠭᠡ 1 ᠲᠥᠭᠦᠷᠢᠭ ᠵᠶ᠋ᠠᠷ ᠡᠯ᠎ᠡ ᠦᠵᠡᠮᠵᠢ ᠵᠢᠨ ᠣᠷᠣᠨ᠎ᠢ ᠪᠦᠷᠬᠦᠨ᠎ᠡ; ᠬᠡᠰᠡᠭ ᠠᠶ᠋ᠢᠯ ᠪᠠᠭᠤᠴᠠ᠎ᠨᠢ ᠡᠪᠦᠯ᠎ᠤᠨ ᠤᠯᠠᠷᠢᠯ᠎ᠤᠨ ᠬᠢᠮᠳᠠ ᠤᠯᠠᠷᠢᠯ᠎ᠤᠨ ᠦᠨ᠎ᠡ ᠵᠢ ᠬᠡᠪ ᠵᠶ᠋ᠠᠷ ᠪᠠᠶ᠋ᠢᠯᠭ᠋ᠠᠬᠤ ᠮᠥᠷᠲᠡᠭᠡᠨ ᠭᠡᠷ ᠲᠦᠷᠢᠶᠡᠰᠦᠯᠡᠭᠴᠢ ᠣᠷᠣᠵᠤ ᠰᠠᠭᠤᠬᠤ ᠬᠤᠭᠤᠴᠠᠭ᠋ᠠᠨ᠎ᠳᠤ ᠪᠠᠰᠠ ᠠᠯᠢ ᠴᠢᠳᠠᠬᠤ᠎ᠪᠠᠷ ᠡᠯ᠎ᠡ ᠵᠦᠢ᠍ᠯ᠎ᠤᠨ ᠬᠠᠪᠰᠤᠷᠤᠯᠭ᠎ᠠ ᠦᠵᠡᠭᠦᠯᠬᠦ ᠵᠡᠷᠭᠡ ᠪᠣᠯᠣᠨ᠎ᠠ᠃ ᠦᠯᠢᠭᠡᠷ ᠠᠪᠴᠤ ᠪᠠᠶ᠋ᠢᠴᠠᠭ᠋ᠠᠭᠰᠠᠨ᠎ᠠᠴᠠ ᠦᠵᠡᠪᠡᠯ᠂ 《5.1》᠎ᠤ ᠠᠮᠠᠷᠠᠯᠲᠠ ᠵᠢᠨ ᠬᠤᠭᠤᠴᠠᠭ᠋ᠠᠨ᠎ᠳᠤ ᠬᠥᠬᠡᠬᠤᠲᠠ᠎ᠳᠤ ᠵᠢᠭᠤᠯᠴᠢᠯᠠᠬᠤ᠎ᠪᠠᠷ ᠢᠷᠡᠭᠰᠡᠨ ᠵᠢᠭᠤᠯᠴᠢᠯᠠᠭᠴᠢᠳ᠎ᠤᠨ ᠳᠣᠲᠣᠷ᠎ᠠ ᠣᠷᠣᠨ᠎ᠤ ᠳᠣᠲᠣᠷᠠᠬᠢ ᠵᠢᠭᠤᠯᠴᠢᠯᠠᠭᠴᠢᠳ 68.61% ᠵᠢ ᠡᠵᠡᠯᠡᠵᠦ᠂ ᠣᠷᠣᠨ᠎ᠤ ᠭᠠᠳᠠᠨᠠᠬᠢ ᠵᠢᠭᠤᠯᠴᠢᠯᠠᠭᠴᠢᠳ 31.39% ᠵᠢ ᠡᠵᠡᠯᠡᠵᠦ ᠪᠠᠶ᠋ᠢᠨ᠎ᠠ᠃ ᠵᠤᠭ᠋ᠠᠴᠠᠨ ᠲᠣᠭᠤᠷᠢᠬᠤ᠂ ᠰᠡᠯᠡᠭᠦᠴᠡᠬᠦ ᠪᠣᠯ ᠵᠢᠭᠤᠯᠴᠢᠯᠠᠭᠴᠢᠳ᠎ᠤᠨ ᠵᠤᠭ᠋ᠠᠴᠠᠨ ᠨᠠᠭ᠋ᠠᠳᠬᠤ ᠵᠢᠨ ᠭᠤᠣᠯ ᠵᠣᠷᠢᠯᠭ᠎ᠠ ᠮᠥᠨ᠂ 45.22%᠎ᠢ ᠡᠵᠡᠯᠡᠨ᠎ᠡ᠂ ᠳᠠᠷᠠᠭ᠋ᠠᠯᠠᠪᠠᠯ ᠲᠥᠷᠥᠯ ᠰᠠᠳᠤᠨ ᠨᠠᠶ᠋ᠢᠵᠠ ᠨᠥᠬᠦᠳ ᠵᠶ᠋ᠠᠨ ᠡᠷᠭᠢᠵᠦ ᠦᠵᠡᠬᠦ 24.21% ᠵᠢ ᠡᠵᠡᠯᠡᠨ᠎ᠡ᠃ ᠡᠭᠦᠨ᠎ᠠᠴᠠ ᠭᠠᠳᠠᠨ᠎ᠠ᠂ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠵᠢᠭᠤᠯᠴᠢᠯᠠᠯ᠎ᠤᠨ ᠰᠣᠨᠢᠷᠬᠠᠯᠲᠤ ᠵᠦᠢ᠍ᠯ᠎ᠨᠢ ᠵᠢᠭᠤᠯᠴᠢᠯᠠᠭᠴᠢᠳ᠎ᠤᠨ ᠠᠩᠬᠠᠷᠤᠯ᠎ᠢ ᠬᠠᠮᠤᠭ᠎ᠠᠴᠠ ᠢᠯᠡᠭᠦᠦ ᠲᠠᠲᠠᠵᠤ᠂ 33.38% ᠵᠢ ᠡᠵᠡᠯᠡᠵᠦ ᠪᠠᠶ᠋ᠢᠨ᠎ᠠ᠃

   

ᠢᠷᠡᠯᠲᠡ᠄ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠬᠤᠲᠠ 2024 ᠣᠨ᠎ᠤ 《5 · 18 ᠣᠯᠠᠨ ᠤᠯᠤᠰ᠎ᠤᠨ ᠮᠦᠽᠧᠶ ᠵᠢᠨ ᠡᠳᠦᠷ》᠎ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠪᠣᠣ ᠭᠠᠩ ᠲᠤᠰᠬᠠᠢ ᠰᠡᠳᠦᠪᠲᠦ ᠬᠤᠷᠠᠯ᠎ᠢ ᠡᠷᠬᠢᠯᠡᠨ ᠬᠤᠷᠠᠯᠳᠤᠭᠤᠯᠵᠤ ᠮᠠᠨ᠎ᠤ ᠬᠤᠳᠠ ᠵᠢᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠠᠵᠢᠯ᠎ᠢ ᠰᠤᠳᠤᠯᠤᠨ ᠪᠠᠶ᠋ᠢᠷᠢᠯᠠᠭᠤᠯᠪᠠ
ᠪᠥᠬᠦ ᠬᠤᠲᠠ ᠵᠢᠨ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠰᠢᠨ᠎ᠡ ᠬᠤᠲᠠ ᠲᠣᠭᠤᠷᠢᠭ᠎ᠤᠨ ᠲᠤᠬᠠᠶ ᠵᠢᠨ ᠲᠠᠯᠠᠪᠠᠢ ᠵᠢᠨ ᠬᠤᠷᠠᠯ ᠬᠤᠷᠠᠯᠳᠤᠪᠠ
ᠬᠥᠬᠡᠬᠤᠲᠠ ᠵᠤᠨ᠎ᠤ ᠤᠯᠠᠷᠢᠯ᠎ᠤᠨ ᠢᠳᠡᠭᠡᠨ ᠤᠮᠳᠠᠭ᠋ᠠᠨ᠎ᠤ ᠠᠵᠤ ᠠᠬᠤᠶ᠋ᠢᠯᠠᠯ᠎ᠤᠨ ᠢᠳᠡᠭᠡᠨ᠎ᠤ ᠠᠮᠤᠷ ᠲᠦᠪᠰᠢᠨ᠎ᠢ ᠠᠬᠢᠭᠤᠯᠬᠤ ᠬᠤᠷᠠᠯ ᠬᠤᠷᠠᠯᠳᠤᠭᠤᠯᠪᠠ
ᠴᠡᠯᠡᠭᠡᠷ ᠲᠠᠯ᠎ᠠ ᠣᠯᠠᠨ ᠤᠯᠤᠰ᠎ᠤᠨ ᠠᠮᠢᠲᠠᠨ᠎ᠤ ᠸᠠᠺᠼᠢᠨ᠎ᠤ ᠰᠢᠨ᠎ᠡ ᠵᠢ ᠡᠭᠦᠳᠬᠦ ᠶᠡᠭᠡ ᠬᠤᠷᠠᠯ ᠬᠥᠬᠡᠬᠤᠲᠠ᠎ᠳᠤ ᠡᠬᠢᠯᠡᠪᠡ
 
            